11 ᠰᠠᠷ᠎ᠠ ᠶᠢᠨ 5 ᠤ ᠡᠳᠦᠷ᠂ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠶᠣᠰᠣ ᠰᠤᠷᠲᠠᠬᠤᠨ ᠤ | ᠵᠢᠱᠢᠶᠡᠴᠢ ᠳᠤ ᠱᠠᠩᠨᠠᠯ ᠣᠯᠭᠤᠬᠤ ᠶᠣᠰᠣᠯᠠᠯ ᠪᠡᠭᠡᠵᠢᠩ ᠳᠤ ᠶᠠᠪᠤᠭᠳᠠᠵᠤ᠂ ᠮᠠᠨ ᠤ ᠠᠶᠢᠮᠠᠭ ᠤᠨ ᠵᠠᠯᠠᠶᠢᠳ | ᠬᠤᠰᠢᠭᠤᠨ ᠤ ᠵᠠᠩ ᠴᠦᠨ ᠱᠧᠩ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠪᠠᠷ ᠨᠡᠷ᠎ᠡ | ᠳᠤᠷᠠᠳᠤᠭᠳᠠᠭᠰᠠᠨ ᠱᠠᠩᠨᠠᠯ ᠣᠯᠣᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠲᠠᠢ ᠠᠭᠤᠯᠵᠠᠪᠠ᠃ 6 ᠤ | ᠤᠷᠤᠢ ᠵᠠᠩ ᠴᠦᠨ ᠱᠧᠩ ᠪᠤᠴᠠᠨ ᠢᠷᠡᠵᠦ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ | ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠬᠤᠩ ᠼᠠᠢ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠴᠢᠨ ᠬᠤᠸᠠ ᠵᠧᠨ ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠳᠤ ᠵᠠᠩ | ᠴᠦᠨ ᠱᠧᠩ ᠲᠠᠢ ᠠᠭᠤᠯᠵᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | ᠯᠢ ᠬᠤᠩ ᠼᠠᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠵᠠᠩ ᠴᠦᠨ | ᠱᠧᠩ ᠳᠤ ᠴᠢᠩ ᠰᠡᠳᠬᠢᠯ ᠤᠨ ᠪᠠᠶᠠᠷ ᠬᠦᠷᠭᠡᠵᠦ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ | ᠢᠯᠡᠳᠬᠡᠵᠦ᠂ ᠲᠡᠭᠦᠨ ᠤ ᠢᠷᠠᠭᠤ ᠠᠯᠳᠠᠷ ᠲᠠᠢ ᠪᠤᠴᠠᠵᠤ ᠢᠷᠡᠭᠰᠡᠨ ᠢ ᠪᠠᠶᠠᠷᠯᠠᠨ ᠤᠭᠲᠤᠪᠠ᠃ ᠲᠡᠷᠡ ᠬᠡᠯᠡᠭᠰᠡᠨ ᠨᠢ᠂ | ᠡᠨᠡ ᠪᠣᠯ ᠵᠠᠩ ᠴᠦᠨ ᠱᠧᠩ ᠤᠨ ᠬᠤᠪᠢ ᠬᠥᠮᠦᠨ ᠤ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ᠂ ᠨᠡᠩ ᠴᠤ | ᠪᠦᠬᠦ ᠠᠶᠢᠮᠠᠭ ᠤᠨ ᠠᠷᠠᠳ ᠲᠦᠮᠡᠨ ᠤ ᠣᠮᠣᠭᠰᠢᠯ ᠪᠣᠯᠤᠨ᠎ᠠ᠃ ᠲᠡᠭᠦᠨ ᠤ ᠢᠷᠠᠭᠤ ᠠᠯᠳᠠᠷ ᠢᠶᠠᠨ ᠨᠠᠨᠳᠢᠩᠨᠠᠵᠤ᠂ | ᠰᠠᠶᠢᠨ ᠦᠯᠢᠭᠡᠷ ᠳᠠᠭᠤᠷᠢᠶᠠᠯ ᠪᠤᠯᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠡᠩ ᠤᠯᠠᠨ ᠬᠥᠮᠦᠨ ᠢ | ᠲᠠᠶᠢᠴᠢᠯᠠᠵᠤ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ | ᠬᠠᠮᠠᠭᠠᠯᠠᠭᠴᠢ᠂ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ ᠪᠣᠯᠬᠤ ᠶᠢ ᠬᠦᠰᠡᠭᠰᠡᠨ ᠪᠠᠶᠢᠨ᠎ᠠ᠃ | ᠯᠢ ᠬᠤᠩ ᠼᠠᠢ ᠴᠢᠬᠤᠯᠠᠴᠢᠯᠠᠭᠰᠠᠨ ᠨᠢ᠂ ᠪᠥᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠶᠣᠰᠣ ᠰᠤᠷᠲᠠᠬᠤᠨ ᠤ ᠵᠢᠱᠢᠶᠡᠴᠢ ᠶᠢᠨ ᠥᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠨ | ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠤ ᠵᠢᠱᠢᠶᠡᠴᠢ ᠶᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠬᠤ | ᠬᠡᠷᠡᠭᠲᠡᠶ᠃ ᠵᠠᠭᠤᠴᠢᠯᠠᠭᠤᠷ ᠤᠨ ᠬᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠶᠣᠰᠣ ᠰᠤᠷᠲᠠᠬᠤᠨ ᠢ | ᠳᠡᠭᠡᠳᠦᠯᠡᠬᠦ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠵᠦ᠂ ᠪᠣᠯᠪᠠᠰᠤᠨ ᠤ ᠰᠢᠨ᠎ᠡ ᠬᠡᠪ ᠰᠤᠷᠲᠠᠯ ᠢ | ᠬᠢᠩᠭᠠᠨ ᠤ ᠡᠬᠡ ᠭᠠᠵᠠᠷ ᠤᠨ ᠥᠨᠴᠥᠭ ᠪᠤᠯᠤᠩ ᠪᠦᠬᠦᠨ ᠳᠤ ᠳᠡᠯᠭᠡᠷᠡᠭᠦᠯᠵᠦ᠂ ᠪᠦᠬᠦ ᠠᠶᠢᠮᠠᠭ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠰᠠᠨᠠᠭᠠᠨ ᠤ ᠬᠦᠴᠦᠨ ᠴᠢᠳᠠᠯ ᠪᠠ ᠶᠣᠰᠣ ᠰᠤᠷᠲᠠᠬᠤᠨ ᠤ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃ | 2015 ᠣᠨ ᠤ ᠦᠶᠡᠷ ᠤᠨ ᠬᠤᠭᠤᠴᠠᠭᠠᠨ ᠳᠤ᠂ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠲᠤᠸᠠᠨ ᠵᠢᠶᠧ | ᠲᠤᠰᠬᠤᠨ ᠤ ᠥᠨᠳᠥᠷ ᠳᠤᠮᠳᠠᠳᠤ ᠶᠢᠨ ᠭᠤᠷᠪᠠᠨ ᠰᠣᠷᠣᠭᠴᠢ ᠵᠤᠭᠠᠴᠠᠬᠤ ᠪᠠᠷ ᠭᠠᠷᠬᠤ ᠵᠠᠮ ᠳᠤ ᠪᠠᠨ ᠰᠠᠨᠠᠮᠰᠠᠷ | ᠥᠬᠡᠶ ᠪᠠᠷ ᠭᠤᠤᠯ ᠳᠤ ᠤᠨᠠᠪᠠ᠂ ᠠᠮᠢ ᠨᠠᠰᠤᠨ ᠤ ᠠᠶᠤᠯ ᠲᠦᠭᠰᠢᠭᠦᠷᠢᠲᠡᠶ ᠴᠠᠭ ᠮᠥᠴᠡ ᠳᠤ᠂ 20 ᠨᠠᠰᠤᠲᠠᠶ | ᠰᠠᠶ᠋ᠢᠬᠠᠨ ᠶᠡᠭᠡ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠤᠨ ᠪᠢᠴᠢᠭ ᠢᠶᠠᠨ ᠲᠤᠰᠤᠭᠰᠠᠨ ᠵᠠᠩ ᠴᠦᠨ ᠱᠧᠩ | ᠴᠡᠭᠡᠵᠢ ᠳᠦᠷᠢᠨ ᠪᠤᠰᠴᠤ᠂ ᠤᠰᠤᠨ ᠳᠤ ᠤᠨᠠᠭᠰᠠᠨ ᠭᠤᠷᠪᠠᠨ ᠰᠣᠷᠣᠭᠴᠢ ᠶᠢ ᠡᠷᠡᠯᠬᠡᠭ ᠢᠶᠠᠷ ᠠᠪᠤᠷᠠᠨ ᠭᠠᠷᠭᠠᠬᠰᠠᠨ | ᠪᠠᠶᠢᠨ᠎ᠠ᠃ | ︽ᠡᠨᠡ ᠬᠦ ᠢᠷᠠᠭᠤ ᠠᠯᠳᠠᠷ ᠢ ᠣᠯᠤᠭᠰᠠᠨ ᠪᠥᠭᠡᠳ ᠶᠡᠷᠦᠩᠬᠡᠢ ᠱᠦᠵᠢ ᠲᠠᠢ ᠠᠭᠤᠯᠵᠠᠭᠰᠠᠨ ᠳᠤ ᠪᠠᠨ ᠪᠢ | ᠮᠠᠰᠢ ᠰᠡᠳᠬᠢᠯ ᠳᠣᠭᠳᠣᠯᠵᠤ ᠪᠠᠶᠢᠨ᠎ᠠ᠂ ᠡᠨᠡ ᠨᠢ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠬᠤᠶᠢᠰᠢᠳᠠ ᠶᠢᠨ | ᠠᠵᠢᠯ ᠳᠤ ᠪᠢ ᠡᠭᠦᠨ ᠢᠶᠠᠷ ᠬᠥᠳᠡᠯᠭᠡᠬᠦ ᠬᠦᠴᠦᠨ ᠪᠣᠯᠭᠠᠬᠤ ᠶᠢᠨ ᠬᠠᠮᠲᠤ ᠳᠡᠷᠭᠡᠳᠡᠬᠢ ᠨᠠᠩ ᠣᠯᠠᠨ ᠬᠥᠮᠦᠨ ᠢᠶᠠᠨ | ᠳᠠᠶᠢᠴᠢᠯᠠᠵᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠥᠨᠢ ᠡᠭᠦᠷᠢᠳᠡ ᠨᠠᠮ ᠢᠶᠠᠨ | ᠳᠠᠭᠠᠬᠤ ᠢᠲᠡᠭᠡᠯ ᠵᠣᠷᠢᠭ ᠢᠶᠠᠨ ᠪᠠᠲᠤᠳᠬᠠᠨ᠎ᠠ︾ ᠭᠡᠵᠦ ᠵᠠᠩ ᠴᠦᠨ ᠱᠧᠩ ᠢᠯᠡᠷᠭᠡᠶᠢᠯᠡᠵᠦ ᠪᠠᠶᠢᠯ᠎ᠠ᠃ ︵ᠭᠤᠤᠯᠴᠢ | ︶ |