ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠲᠦᠴᠢᠦᠸᠠᠨ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠰᠤᠷᠤᠯᠴᠠᠨ ᠤᠯᠠᠮᠵᠢᠯᠠᠪᠠ
ᠨᠡᠶᠢᠲᠡᠯᠡᠭᠰᠡᠨ ᠴᠠᠭ᠄
2021/11/9
    11 ᠰᠠᠷ᠎ᠠ ᠶᠢᠨ 6 ᠠᠴᠠ 8 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠪᠠ᠂ ᠬᠤᠷᠠᠯ ᠲᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢᠬᠢ ᠡᠯ᠎ᠡ ᠵᠦᠶᠯ ᠤᠨ ᠠᠵᠢᠯ ᠢ ᠡᠷᠭᠢᠴᠡᠭᠦᠯᠦᠨ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠡᠳᠬᠢᠴᠡ᠂ ᠭᠤᠤᠯ ᠬᠠᠷᠠᠯᠲᠠ ᠪᠣᠯᠤᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠲᠣᠭᠲᠠᠭᠠᠵᠤ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ  ᠤᠨ ᠭᠡᠰᠢᠭᠦᠨ ᠺᠠᠳ᠋ᠷ ᠣᠯᠠᠨ ᠲᠦᠮᠡᠨ ᠢ ᠦᠨᠡᠨ ᠪᠣᠳᠠᠲᠠᠶ ᠠᠵᠢᠯᠯᠠᠨ ᠯᠠᠪᠳᠠᠭᠤᠨ ᠪᠠᠲᠤᠲᠠᠶ ᠤᠷᠤᠭᠰᠢᠯᠠᠵᠤ᠂ ᠬᠦᠴᠦ ᠬᠥᠯᠥᠰᠥ ᠪᠠᠷ ᠢᠶᠠᠨ ᠤᠰᠤᠯᠠᠵᠤ᠂ 《  ᠮᠠᠯᠵᠢᠬᠤ ᠲᠠᠷᠢᠶᠠᠯᠠᠬᠤ ᠴᠦᠨᠵᠸᠦ᠂  ᠪᠠᠶᠠᠨ ᠬᠠᠩᠭᠠᠶ ᠲᠦᠴᠢᠦᠸᠠᠨ 》  ᠤ ᠴᠢᠨᠠᠷ ᠰᠠᠶᠢᠲᠠᠶ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠶ ᠭᠡᠵᠦ ᠤᠷᠢᠶᠠᠯᠠᠪᠠ  ᠃     ᠬᠥᠭᠵᠢᠯᠲᠡ ᠶᠢᠨ ᠴᠠᠭ ᠪᠢᠳᠡᠨ ᠢ ᠬᠦᠯᠢᠶᠡᠬᠦ ᠦᠭᠡᠢ᠂ ᠪᠣᠳᠠᠲᠠᠢ ᠠᠵᠢᠯᠯᠠᠵᠤ ᠵᠢᠷᠤᠭ ᠲᠥᠰᠦᠪ ᠢ ᠵᠢᠷᠤᠭᠯᠠᠨ᠎ᠠ  ᠃ ᠬᠤᠷᠠᠯ ᠤᠨ ᠳᠠᠷᠠᠭ᠎ᠠ᠂ ᠪᠦᠬᠦ ᠰᠢᠶᠠᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠠᠯᠭᠠᠪᠡᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠥᠷᠨᠢᠯᠲᠡ ᠭᠠᠷᠭᠠᠪᠠ  ᠃     ᠰᠢᠶᠠᠨ ᠤ ᠤᠯᠤᠰ ᠲᠥᠷᠥ ᠶᠢᠨ ᠵᠥᠪᠯᠡᠯᠭᠡᠨ
   11 ᠰᠠᠷ᠎ᠠ ᠶᠢᠨ 9 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠺᠠᠳ᠋ᠷ ᠠᠵᠢᠯᠳᠠᠨ ᠠᠵᠢᠯᠴᠢᠨ ᠤ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ  ᠃     ᠬᠤᠷᠠᠯ ᠠᠴᠠ᠂ ᠡᠨᠡ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠢᠭᠡᠨ ᠣᠳᠠᠭᠠᠨ ᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠶᠡᠭᠡ ᠬᠤᠷᠠᠯ ᠪᠣᠯᠤᠨ᠎ᠠ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠮᠠᠨ ᠤ ᠰᠢᠶᠠᠨ ᠤ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ  ᠃ ᠲᠣᠰ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠥᠩᠭᠡᠷᠡᠭᠰᠡᠨ ᠲᠠᠪᠤᠨ ᠵᠢᠯ ᠤᠨ ᠠᠮᠵᠢᠯᠲᠠ᠂ ᠲᠤᠷᠰᠢᠯᠭ᠎ᠠ ᠪᠠᠨ ᠪᠥᠬᠦ ᠲᠠᠯ᠎ᠠ ᠪᠠᠷ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠵᠢᠯᠣᠭᠤᠳᠬᠤ ᠦᠵᠡᠯ ᠰᠠᠨᠠᠭ᠎ᠠ᠂ ᠲᠡᠮᠡᠴᠡᠬᠦ ᠬᠠᠷᠠᠯᠲᠠ ᠪᠠ ᠭᠤᠣᠯ ᠡᠭᠦᠷᠭᠡ ᠶᠢ ᠲᠣᠳᠣᠷᠬᠠᠢ ᠳᠤᠷᠠᠳᠤᠨ ᠭᠠᠷᠭᠠᠵᠤ᠂ ᠮᠠᠨ ᠤ ᠰᠢᠶᠠᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢ ᠵᠢᠯᠣᠭᠤᠳᠤᠨ ᠠᠬᠢᠭᠤᠯᠬᠤ ᠳᠤ ᠮᠠᠰᠢ ᠴᠢᠩᠭ᠎ᠠ ᠪᠠᠷᠠᠭᠠᠯᠬᠢᠯᠠᠯᠳᠤ ᠴᠢᠨᠠᠷ᠂ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠶᠤᠮ ᠭᠡᠵᠦ ᠵᠢᠭᠠᠨ ᠭᠠᠷᠭᠠᠪᠠ᠃    ᠬᠤᠷᠠᠯ ᠠᠴᠠ᠂ ᠪᠦᠬᠦ ᠺᠠᠳ᠋ᠷᠴᠤᠳ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠢᠯᠡᠳᠬᠡᠯ ᠤᠨ ᠱᠠᠭᠠᠷᠳᠠᠯᠭ᠎ᠠ ᠶᠢᠨ ᠲᠣᠭᠤᠷᠢᠨ ᠳᠤ ᠤᠯᠤᠰ ᠲᠦᠷᠦ ᠶᠢᠨ ᠵᠥᠪᠯᠡᠯᠭᠡᠨ ᠤ ᠠᠵᠢᠯ ᠢᠶᠠᠨ ᠦᠨᠡᠨ ᠬᠦ ᠥᠷᠨᠢᠭᠦᠯᠬᠦ ᠬᠡᠷᠡᠭᠲᠡᠶ  ᠃ ᠡᠷᠬᠡᠪᠰᠢ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ  ᠃ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠶᠢ ᠴᠢᠩᠭ᠎ᠠ ᠠᠳᠬᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠳᠦᠷᠰᠦ ᠪᠠᠶᠢᠳᠠᠯ ᠢ ᠴᠢᠷᠮᠠᠶᠢᠨ ᠡᠭᠦᠳᠴᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠢ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ  ᠃     ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ
    11 ᠰᠠᠷ᠎ᠠ ᠶᠢᠨ 9 ᠤ ᠦᠳᠡ ᠶᠢᠨ ᠡᠮᠦᠨ᠎ᠡ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃    ᠬᠤᠷᠠᠯ ᠠᠴᠠ ᠱᠠᠭᠠᠷᠳᠠᠭᠰᠠᠨ ᠨᠢ᠂ ᠠᠯᠪᠠᠨ ᠭᠡᠷ ᠤᠨ ᠪᠦᠬᠦ ᠺᠠᠳ᠋ᠷ ᠠᠵᠢᠯᠳᠠᠨ ᠠᠵᠢᠯᠴᠢᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠬᠦ ᠬᠡᠷᠡᠭᠲᠡᠢ  ᠃ ᠡᠯ᠎ᠡ ᠰᠠᠯᠠᠭ᠎ᠠ ᠲᠠᠰᠤᠭ ᠤᠨ ᠬᠢᠨ ᠪᠣᠳᠠᠲᠠᠢ ᠠᠵᠢᠯ ᠢᠶᠠᠷ ᠲᠤᠰᠤᠯᠳᠠ ᠪᠣᠯᠭᠠᠵᠤ᠂ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠢᠷᠡᠭᠡᠳᠦᠢ  ᠶᠢᠨ ᠲᠠᠪᠤᠨ ᠵᠢᠯ ᠤᠨ ᠠᠵᠢᠯ ᠤᠨ ᠲᠥᠯᠥᠪᠯᠡᠭᠡ ᠵᠢᠴᠢ ᠢᠷᠡᠬᠦ ᠵᠢᠯ ᠤᠨ ᠠᠵᠢᠯ ᠤᠨ ᠲᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ  ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ  ᠤᠨ ᠬᠥᠭᠵᠢᠯᠲᠡ᠂ ᠵᠢᠭᠤᠯᠴᠢᠯᠠᠯ ᠤᠨ ᠬᠥᠭᠵᠢᠯᠲᠡ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠨᠡᠶᠢᠭᠡᠮ ᠤᠨ ᠵᠠᠰᠠᠯᠲᠠ᠂ ᠠᠵᠢᠯ ᠣᠯᠭᠤᠵᠤ ᠦᠢᠯᠡᠰ ᠪᠤᠰᠬᠠᠬᠤ ᠵᠡᠷᠭᠡ ᠲᠠᠯ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠨ ᠥᠭᠴᠦ ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ  ᠃ ᠤᠯᠠᠨ ᠢᠶᠠᠷ ᠢᠶᠠᠨ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠦᠬᠦ ᠰᠢᠶᠠᠨ ᠤ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠤ᠂ ᠭᠦᠨᠵᠡᠭᠡᠢ ᠰᠤᠷᠤᠯᠴᠠᠨ ᠰᠤᠳᠤᠯᠤᠨ ᠤᠩᠰᠢᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠪᠣᠳᠠᠲᠠᠢ ᠠᠵᠢᠯᠯᠠᠨ ᠯᠠᠪᠳᠠᠭᠤᠨ ᠪᠠᠲᠤᠲᠠᠢ ᠤᠷᠤᠭᠰᠢᠯᠠᠵᠤ᠂ ᠬᠦᠴᠦ ᠬᠥᠯᠥᠰᠥ ᠪᠠᠷ ᠢᠶᠠᠨ ᠤᠰᠤᠯᠠᠵᠤ᠂ 《 ᠮᠠᠯᠵᠢᠬᠤ ᠲᠠᠷᠢᠶᠠᠯᠠᠬᠤ ᠴᠦᠨᠵᠸᠦ᠂  ᠪᠠᠶᠠᠨ ᠬᠠᠩᠭᠠᠶ ᠲᠦᠴᠢᠦᠸᠠᠨ 》 ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ  ᠃     ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  
    11 ᠰᠠᠷ᠎ᠠ ᠶᠢᠨ 9 ᠤ ᠡᠳᠦᠷ᠂ ᠲᠦᠴᠢᠦᠸᠠᠨ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠶᠡᠭᠡ ᠠᠩᠭᠢ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ  ᠃     ᠬᠤᠷᠠᠯ ᠠᠴᠠ ᠱᠠᠭᠠᠷᠳᠠᠭᠰᠠᠨ ᠨᠢ᠂ ᠶᠡᠭᠡ ᠠᠩᠬᠢ ᠶᠢᠨ ᠪᠦᠬᠦ ᠵᠢᠯᠤᠭᠤᠳᠤᠬᠴᠢ ᠪᠠᠶᠢᠯᠳᠤᠭᠴᠢᠳ ᠦᠳᠲᠡᠷ ᠲᠦᠷᠭᠡᠨ ᠰᠤᠷᠤᠯᠴᠠᠬᠤ᠂ ᠤᠬᠠᠭᠤᠯᠬᠤ᠂ ᠲᠤᠤᠱᠯᠠᠭᠤᠯᠬᠤ᠂ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠥᠷᠨᠢᠯᠲᠡ ᠭᠠᠷᠭᠠᠵᠤ᠂ ᠰᠤᠷᠤᠯᠴᠠᠬᠤ ᠥᠳᠬᠡᠨ ᠵᠤᠵᠠᠭᠠᠨ  ᠣᠷᠴᠢᠨ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ  ᠃ 《 ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ 》 ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ᠂ ᠢᠮᠠᠭᠲᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ᠂ ᠡᠷᠡᠰ ᠪᠠᠲᠤ ᠲᠡᠮᠡᠴᠡᠭᠴᠢ᠂ ᠥᠭᠡᠷᠡᠴᠢᠯᠡᠯᠲᠡ ᠶᠢᠨ ᠬᠤᠰᠢᠭᠤᠴᠢ᠂ ᠠᠷᠠᠳ ᠲᠦᠮᠡᠨ ᠤ ᠬᠠᠮᠠᠭᠠᠯᠠᠭᠴᠢ ᠪᠣᠯᠬᠤ ᠬᠡᠷᠡᠭᠲᠡᠢ  ᠃ 《 ᠬᠠᠭᠠᠰ ᠠᠯᠬᠤᠮ 》 ᠤᠨ ᠬᠦᠴᠦᠨ  ᠢ ᠬᠤᠷᠠᠮᠳᠤᠭᠤᠯᠵᠤ᠂ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠮᠡᠰᠡᠲᠦ ᠠᠭᠤᠯᠠᠨ ᠳᠤ ᠵᠣᠷᠢᠭᠲᠠᠢ ᠭᠠᠷᠴᠤ᠂ ᠭᠠᠯᠲᠤ ᠲᠠᠯᠠᠢ ᠶᠢ ᠵᠣᠷᠢᠭᠲᠠᠢ ᠰᠢᠪᠲᠤᠯᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠭ ᠪᠠᠳᠠᠷᠠᠩᠭᠤᠢ ᠤᠷᠤᠭᠰᠢᠯᠠᠨ ᠲᠠᠪᠰᠢᠬᠤ ᠬᠤᠪᠢᠰᠬᠠᠯᠲᠤ ᠲᠡᠮᠡᠴᠡᠯ ᠤᠨ ᠵᠣᠷᠢᠭ ᠢᠶᠠᠷ ᠨᠠᠮ ᠪᠣᠯᠤᠨ ᠠᠷᠠᠳ ᠲᠦᠮᠡᠨ ᠤ 《 ᠮᠠᠨᠠᠭᠠᠴᠢᠨ 》 ᠪᠣᠯᠬᠤ ᠬᠡᠷᠡᠭᠲᠡᠢ  ᠃       ᠰᠢᠶᠠᠨ ᠤ ᠬᠠᠮᠲᠤᠷᠠᠨ ᠠᠵᠢᠯᠯᠠᠬᠤ ᠰᠣᠯᠢᠯᠴᠠᠭᠠᠨ ᠤ ᠲᠥᠪ
   11 ᠰᠠᠷ᠎ᠠ ᠶᠢᠨ 9 ᠤ ᠡᠳᠦᠷ᠂ ᠰᠢᠶᠠᠨ ᠤ ᠬᠠᠮᠲᠤᠷᠠᠯᠴᠠᠭ᠎ᠠ ᠰᠣᠯᠢᠯᠴᠠᠭᠠᠨ ᠤ ᠲᠥᠪ ᠪᠦᠬᠦ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ  ᠃    ᠬᠤᠷᠠᠯ ᠠᠴᠠ᠂ ᠪᠥᠬᠦ ᠺᠠᠳ᠋ᠷᠴᠤᠳ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠠᠶᠢᠲᠤᠷ ᠣᠶᠢᠯᠠᠭᠠᠵᠤ᠂ ᠰᠢᠶᠠᠨ ᠤ ᠨᠠᠮ ᠤᠨ ᠬᠤᠷᠢᠶᠠᠨ ᠤ ᠠᠵᠢᠯ ᠤᠨ ᠰᠡᠳᠬᠢᠴᠡ᠂ ᠭᠤᠤᠯ ᠬᠠᠷᠠᠯᠲᠠ ᠪᠣᠯᠤᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠰᠠᠯᠠᠭ᠎ᠠ ᠮᠥᠴᠢᠷ ᠤᠨ ᠢᠶᠠᠨ ᠭᠠᠳᠠᠭᠰᠢ ᠬᠠᠨᠳᠤᠭᠤᠯᠤᠭᠰᠠᠨ ᠴᠤᠩᠬᠤᠪᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠠᠬᠢᠭᠤᠯᠬᠤ᠂ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠦᠷ᠎ᠡ ᠪᠦᠲᠦᠮᠵᠢ ᠣᠯᠵᠤ᠂ 《 ᠮᠠᠯᠵᠢᠬᠤ ᠲᠠᠷᠢᠶᠠᠯᠠᠬᠤ ᠴᠦᠨᠵᠸᠦ᠂  ᠪᠠᠶᠠᠨ ᠬᠠᠩᠭᠠᠶ ᠲᠦᠴᠢᠦᠸᠠᠨ 》 ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ  ᠃        ᠵᠢᠦ ᠯᠦᠩ ᠰᠢᠶᠠᠩ       11 ᠰᠠᠷ᠎ᠠ ᠶᠢᠨ 9 ᠤ ᠡᠳᠦᠷ᠂ ᠵᠢᠦ ᠯᠦᠩ ᠰᠢᠶᠠᠩ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ  ᠃      ᠬᠤᠷᠠᠯ ᠠᠴᠠ᠂ ᠪᠦᠬᠦ ᠺᠠᠳ᠋ᠷᠴᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠬᠦᠴᠦᠨ ᠴᠢᠳᠠᠯ ᠢᠶᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ 《 ᠵᠢᠷᠭᠤᠭᠠᠨ ᠶᠡᠭᠡ ᠡᠭᠦᠷᠭᠡ 》 ᠶᠢᠨ ᠲᠣᠭᠤᠷᠢᠨ ᠳᠤ᠂ 《 ᠵᠢᠷᠭᠤᠭᠠᠨ ᠶᠡᠭᠡ ᠪᠠᠶᠢᠭᠤᠯᠤᠯᠲᠠ 》 ᠶᠢ ᠴᠢᠩᠭᠠᠳᠬᠠᠵᠤ᠂ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠣᠨᠴᠠᠯᠢᠭ ᠲᠤ ᠰᠠᠭᠤᠷᠢᠯᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠬᠥᠭᠵᠢᠯᠲᠡ ᠶᠢᠨ ᠠᠮᠤᠷ ᠲᠦᠪᠰᠢᠨ ᠢ ᠴᠢᠬᠤᠯᠠᠴᠢᠯᠠᠵᠤ᠂ ᠣᠷᠴᠢᠨ ᠲᠣᠭᠤᠷᠢᠨ ᠤ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠰᠢᠶᠠᠩ ᠤᠨ ᠠᠵᠤ ᠠᠬᠤᠢ ᠨᠡᠶᠢᠭᠡᠮ ᠤᠨ ᠬᠥᠭᠵᠢᠯᠲᠡ  ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃       ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ       11 ᠰᠠᠷ᠎ᠠ ᠶᠢᠨ 9 ᠤ ᠦᠳᠡ ᠶᠢᠨ ᠡᠮᠦᠨ᠎ᠡ᠂ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ( ᠥᠷᠭᠡᠳᠬᠡᠭᠰᠡᠨ ) ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠳᠠᠷᠤᠶ ᠳᠤᠨᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ ᠪᠠᠶᠢᠷᠢᠯᠠᠭᠤᠯᠪᠠ  ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ  ᠃ ᠪᠦᠬᠦ ᠺᠠᠳ᠋ᠷᠴᠤᠳ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠲᠤᠭ᠎ᠠ ᠪᠦᠷᠢᠳᠬᠡᠯ ᠤᠨ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ ᠰᠡᠳᠬᠢᠴᠡ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ᠂ ᠣᠯᠠᠨ ᠲᠠᠯ᠎ᠠ ᠠᠴᠠ ᠬᠢᠨᠠᠨ ᠬᠡᠮᠵᠢᠵᠦ᠂ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠢ ᠴᠠᠭ ᠲᠤᠬᠠᠶ  ᠳᠤᠨᠢ ᠨᠢᠭᠡᠳᠦᠯᠲᠡᠶ ᠬᠥᠮᠥᠷᠭᠡ ᠳᠤ ᠣᠷᠣᠭᠤᠯᠬᠤ ᠬᠡᠷᠡᠭᠲᠡᠶ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ  ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠴᠤᠬᠤᠶᠢᠯᠲᠠ ᠶᠢᠨ ᠴᠢᠨᠠᠷᠲᠠᠢ᠂ ᠬᠠᠨᠳᠤᠰᠢ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠲᠤᠭ᠎ᠠ ᠪᠦᠷᠢᠳᠬᠡᠯ ᠤᠨ ᠦᠨᠳᠦᠰᠦᠯᠡᠯ ᠬᠠᠩᠭᠠᠬᠤ ᠬᠡᠷᠡᠭᠲᠡᠢ᠃ ᠭᠤᠷᠪᠠ ᠳᠤ ᠲᠤᠭ᠎ᠠ ᠪᠦᠷᠢᠳᠬᠡᠯ  ᠤᠨ ᠰᠠᠭᠤᠷᠢ ᠶᠢ ᠪᠠᠬᠢᠵᠢᠭᠦᠯᠦᠨ᠎ᠡ᠃ ᠲᠤᠭ᠎ᠠ ᠪᠦᠷᠢᠳᠬᠡᠯ ᠤᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠳᠬᠠᠵᠤ ᠂ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ︔ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ  ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠪᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ  ᠢᠶᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠨᠠᠶᠢᠳᠠᠪᠤᠷᠢᠲᠠᠶ ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠨ᠎ᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号