ᠠᠶᠢᠮᠠᠭ ᠤᠨ ᠨᠠᠮ ᠤᠨ ᠬᠤᠷᠢᠶ᠎ᠠ ᠭᠡᠰᠢᠬᠦᠳ ᠤᠨ ᠬᠤᠷᠠᠯ ᠵᠢᠴᠢ ᠠᠶᠢᠮᠠᠭ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/14
    12 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠵᠠᠩ ᠰᠢᠶᠤᠤ ᠪᠢᠩ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠳ ᠤᠨ ᠬᠤᠷᠠᠯ ᠵᠢᠴᠢ ᠠᠶᠢᠮᠠᠭ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠳᠦᠮᠵᠢᠳᠡᠢ ᠵᠤᠯᠭᠠᠭᠤᠯᠬᠤ ᠲᠤᠬᠠᠢ ᠱᠠᠯᠠᠪᠳᠠᠭᠤᠯᠤᠨ ᠪᠠᠶᠢᠴᠠᠭᠠᠵᠦ ᠰᠤᠳᠤᠯᠤᠭᠰᠠᠨ ᠮᠡᠳᠡᠬᠦᠯᠦᠯᠳᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ᠤᠨ ᠬᠤᠷᠠᠯ ᠵᠢᠴᠢ ᠯᠢᠦ ᠱᠤᠸᠠᠩ ᠨᠥᠬᠦᠷ ᠤᠨ ᠮᠠᠨ ᠤ ᠠᠶᠢᠮᠠᠭ ᠲᠤ ᠰᠢᠨᠵᠢᠯᠡᠨ ᠪᠠᠶᠢᠴᠠᠭᠠᠯᠳᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠨ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠢᠳᠡᠨ ᠤ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠠᠶᠢᠮᠠᠭ ᠲᠠᠶᠠᠭᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠪᠦᠷᠢᠨ ᠪᠦᠲᠦᠨ ᠤᠨᠤᠴᠠᠳᠠᠢ ᠪᠥᠬᠦ ᠲᠠᠯ᠎ᠠ ᠪᠠᠷ ᠤᠶᠢᠯᠠᠭᠠᠨ ᠲᠤᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠭᠤᠤᠯᠳᠠᠯᠭ᠎ᠠ ᠲᠠᠢ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠨ᠂ ᠪᠥᠬᠦ ᠠᠶᠢᠮᠠᠭ ᠤᠨ ᠱᠠᠰᠢᠨ ᠰᠤᠷᠲᠠᠬᠤᠨ ᠤ ᠠᠵᠢᠯ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠳᠤᠯᠠᠬᠤ ᠬᠡᠷᠡᠭᠳᠡᠢ ᠭᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠬᠦ ᠪᠣᠯ ᠮᠠᠯᠵᠢᠬᠤ ᠲᠠᠷᠢᠶᠠᠯᠠᠬᠤ ᠣᠷᠣᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠪᠦᠬᠦ ᠠᠶᠢᠮᠠᠭ ᠤᠨ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠳᠦᠷᠵᠢᠬᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠷᠦᠬᠡ ᠪᠠᠷ ᠬᠦᠨᠵᠡᠭᠡᠶᠢᠷᠡᠨ ᠲᠦᠪᠯᠡᠷᠡᠬᠦᠯᠦᠨ ᠪᠠᠶᠢᠴᠠᠭᠠᠯᠳᠠ ᠬᠢᠵᠦ᠂ ᠭᠤᠷᠪᠠᠨ ᠲᠥᠷᠥᠯ ᠤᠨ ᠬᠦᠮᠦᠰ ᠤᠨ ᠰᠠᠭᠤᠷᠢ ᠲᠤᠭ᠎ᠠ ᠶᠢ ᠤᠨᠤᠴᠠᠳᠠᠢ ᠡᠵᠡᠮᠰᠢᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠬᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠤᠰᠢᠶᠠᠬᠤ ᠶᠣᠰᠣᠲᠠᠶ ᠶᠢ ᠨᠢ ᠪᠦᠬᠦᠨ ᠢ ᠲᠤᠰᠢᠶᠠᠬᠤ ᠪᠠ ᠴᠠᠭ ᠲᠤᠬᠠᠶ ᠳᠤ ᠨᠢ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃       ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠤᠨᠴᠠᠯᠢᠬᠳᠤ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ᠴᠢᠩᠭᠠᠳᠬᠠᠵᠤ᠂ ᠲᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠶᠠᠳᠠᠭᠤ ᠡᠷᠦᠬᠡ ᠶᠢᠨ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠬᠦᠯᠬᠦ ᠶᠢ ᠨᠡᠩ ᠰᠠᠶᠢᠳᠤᠷ ᠲᠠᠶᠢᠴᠢᠯᠠᠬᠤ ᠬᠡᠷᠡᠭᠳᠡᠢ᠃ ᠲᠠᠷᠢᠶᠠᠯᠠᠩ ᠲᠠᠢ ᠬᠤᠯᠪᠣᠭᠳᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠵᠦᠢᠯ ᠤᠨ ᠪᠡᠯᠡ ᠮᠥᠩᠭᠦ ᠶᠢ ᠨᠡᠭᠦᠯᠭᠡᠨ ᠬᠡᠷᠡᠭᠯᠡᠬᠦ᠂ ᠥᠷᠢᠲᠦᠬᠦ ᠦᠵᠡᠭᠳᠡᠯ ᠢ ᠡᠷᠡᠰ ᠵᠠᠯᠠᠷᠠᠭᠤᠯᠵᠤ᠂ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠡᠯᠡ ᠮᠥᠩᠭᠦ ᠶᠢ ᠴᠠᠭ ᠲᠤᠬᠠᠶ ᠳᠤ ᠨᠢ ᠰᠢᠯᠵᠢᠭᠦᠯᠵᠦ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠦᠯᠦᠪᠵᠢᠬᠦᠯᠭᠡ ᠶᠢᠨ ᠰᠠᠨᠠᠯ ᠢ ᠲᠤᠭᠤᠰᠢᠯᠠᠭᠤᠯᠤᠨ ᠬᠡᠷᠡᠭᠵᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠥᠷᠭᠡᠳᠬᠡᠭᠰᠡᠨ ᠰᠠᠭᠤᠷᠢᠨ ᠳᠡᠭᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠡᠢ᠃         ᠬᠤᠷᠠᠯ ᠠᠴᠠ ᠴᠢᠬᠤᠯᠠᠴᠢᠯᠠᠭᠰᠠᠨ ᠨᠢ᠂ ᠨᠤᠲᠤᠭ ᠪᠡᠯᠴᠢᠭᠡᠷ᠂ ᠤᠢ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠂ ᠮᠠᠨ ᠤ ᠠᠶᠢᠮᠠᠭ ᠤᠨ ᠡᠷᠬᠡᠪᠰᠢ ᠡᠭᠦᠷᠭᠡᠯᠡᠬᠦ ᠬᠡᠷᠡᠭᠲᠡᠢ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠠᠶᠢᠮᠠᠭ ᠲᠠᠶᠠᠭᠠᠷ ᠢᠶᠠᠨ ᠨᠤᠲᠤᠭ ᠪᠡᠯᠴᠢᠭᠡᠷ ᠣᠶᠢᠲᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠪᠥᠬᠦ ᠠᠶᠢᠮᠠᠭ ᠤᠨ ᠨᠤᠲᠤᠭ ᠪᠡᠯᠴᠢᠭᠡᠷ ‍ᠦ᠋ᠢᠲᠤ ᠭᠠᠵᠠᠷ ᠢ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠪᠠ ᠤᠯᠤᠰ ᠤᠨ ᠥᠮᠴᠢᠯᠡᠯᠲᠦ ᠰᠢᠭᠤᠶᠢᠲᠤ ᠭᠠᠵᠠᠷ ᠢ ᠳᠤᠷ᠎ᠠ ᠪᠠᠷ ᠢᠶᠠᠨ ᠨᠡᠭᠡᠭᠡᠨ ᠬᠠᠭᠠᠯᠪᠤᠷᠢᠯᠠᠭᠰᠠᠨ ᠵᠡᠷᠭᠡ ᠠᠰᠠᠭᠤᠳᠠᠯ ᠳᠤ ᠨᠢᠭᠡ ᠤᠳᠠᠭᠠᠨ ᠤ ᠶᠡᠭᠡ ᠪᠠᠶᠢᠴᠠᠭᠠᠯᠲᠠ᠂ ᠶᠡᠭᠡ ᠴᠡᠪᠡᠷᠯᠡᠯᠲᠡ᠂ ᠶᠡᠭᠡ ᠴᠡᠭᠴᠡᠯᠡᠯᠲᠡ ᠥᠷᠨᠢᠭᠦᠯᠵᠦ᠂ ᠬᠠᠤᠯᠢ ᠲᠣᠭᠲᠠᠭᠠᠯ ᠶᠣᠰᠣ ᠪᠠᠷ᠂ ᠦᠨᠡᠨ ᠠᠴᠠ ᠵᠥᠪ ᠢ ᠡᠷᠢᠬᠦ᠂ ᠴᠢᠩᠭ᠎ᠠ ᠪᠥᠭᠡᠳ ᠲᠦᠷᠭᠡᠨ ᠰᠢᠶ᠋ᠳᠪᠦᠷᠢᠯᠡᠬᠦ ᠵᠠᠷᠴᠢᠮ ᠶᠣᠰᠣ ᠪᠠᠷ ᠠᠰᠠᠭᠤᠳᠠᠯ ᠢ ᠡᠷᠡᠰ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠳᠤᠲᠠᠭᠤᠳᠠᠯ ᠢ ᠱᠠᠯᠠᠪᠳᠠᠨ ᠨᠥᠬᠦᠪᠥᠷᠢᠯᠡᠬᠦ ᠬᠡᠷᠡᠭᠲᠡᠶ᠃ ᠠᠮᠢ ᠠᠬᠤᠶ ᠶᠢ ᠰᠡᠷᠭᠦᠭᠡᠬᠦ ᠠᠵᠢᠯ ᠢ ᠦᠨᠡᠨ ᠬᠦ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠶ ᠰᠢᠭᠤᠶ ᠡᠪᠡᠰᠦ ᠪᠡᠯᠴᠢᠭᠡᠷ ᠤᠨ ᠣᠷᠳᠣ ᠬᠤᠭᠤᠴᠠᠭᠠᠨ ᠤ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠭᠠᠵᠠᠷ ᠣᠷᠣᠨ ᠨᠢ ᠬᠠᠷᠢᠭᠤᠴᠠᠬᠤ᠂ ᠰᠠᠯᠠᠭ᠎ᠠ ᠮᠥᠴᠢᠷ ᠨᠢ ᠬᠠᠮᠵᠢᠯᠴᠠᠬᠤ᠂ ᠡᠬᠢ ᠡᠭᠦᠰᠦᠯ ᠠᠴᠠ ᠨᠢ ᠵᠠᠰᠠᠬᠤ᠂ ᠪᠥᠬᠦ ᠴᠠᠷᠠᠭ᠎ᠠ ᠶᠢ ᠬᠠᠮᠤᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠢᠳᠡᠪᠬᠢᠲᠡᠶ ᠪᠠᠶᠢᠭᠤᠯᠬᠤ ᠬᠡᠷᠡᠭᠲᠡᠶ ᠭᠡᠪᠡ᠃           ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠤᠯᠢᠵᠢᠯ ᠤᠨ ᠪᠠᠶᠢᠭᠤᠯᠤᠯᠲᠠ ᠵᠢᠴᠢ ᠤᠯᠤᠰ ᠲᠦᠷᠦ ᠶᠢᠨ ᠵᠥᠪᠯᠡᠯᠭᠡᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳᠴᠢᠯᠠᠭᠰᠠᠨ ᠨᠠᠮ ᠪᠦᠯᠦᠭ ᠤᠨ ᠬᠤᠭᠤᠴᠠᠭ᠎ᠠ ᠰᠣᠯᠢᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号