ᠮᠠᠨ ᠤ ᠠᠶᠢᠮᠠᠭ ᠮᠧᠩ ᠵᠢᠶᠠ ᠠᠮᠤ ᠲᠤᠰᠤ ᠤᠳᠠᠴᠢ ᠮᠣᠩᠭᠤᠯ ᠡᠮ ᠢ ᠵᠠᠬ᠎ᠠ ᠳᠡᠯᠭᠡᠭᠦᠷ ᠲᠤ ᠭᠠᠷᠭᠠᠬᠤ ᠡᠬᠢᠯᠡᠯᠲᠡ ᠶᠢᠨ ᠶᠣᠰᠣᠯᠠᠯ ᠵᠢᠴᠢ ᠮᠥᠩᠭᠦᠨ ᠬᠦᠢᠯᠭᠡᠭᠡᠨ ᠢᠶᠠᠷ ᠭᠤᠤᠯᠳᠠᠯᠭ᠎ᠠ ᠲᠠᠢ ᠲᠦᠷᠦᠯ ᠵᠦᠢᠯ ᠢ ᠲᠡᠮᠵᠢᠬᠦ ᠵᠦᠪᠯᠡᠯᠴᠡᠭᠡᠷ ᠲᠤ ᠭᠠᠷ ᠤᠨ ᠦᠰᠦᠭ ᠵᠢᠷᠤᠬᠤ ᠶᠤᠰᠤᠯᠠᠯ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2021/12/14
     12 ᠰᠠᠷ᠎ᠠ ᠶᠢᠨ 9 ᠤ ᠡᠳᠦᠷ᠂ ᠮᠠᠨ ᠤ ᠠᠶᠢᠮᠠᠭ ᠥᠪᠥᠷ ᠮᠣᠩᠭᠤᠯ ᠤᠨ ᠮᠧᠩ ᠵᠢᠶᠠ ᠠᠮᠤ ᠳᠤᠰᠤᠨ ᠤ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠪᠦᠳᠤᠭᠡᠭᠳᠡᠬᠦᠨ᠂ ᠥᠪᠥᠷ ᠮᠣᠩᠭᠤᠯ ᠤᠨ ᠤᠳᠠᠴᠢ ᠮᠣᠩᠭᠤᠯ ᠡᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠳᠤᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠬᠤ ᠡᠬᠢᠯᠡᠯᠲᠡ ᠶᠢᠨ ᠶᠣᠰᠣᠯᠠᠯ ᠵᠢᠴᠢ ᠮᠥᠩᠭᠦᠨ ᠭᠦᠢᠯᠭᠡᠭᠡᠨ ᠢᠶᠠᠷ ᠭᠤᠣᠯᠳᠠᠯᠭ᠎ᠠ ᠲᠠᠢ ᠲᠦᠷᠦᠯ ᠵᠦᠢᠯ ᠢ ᠲᠡᠮᠵᠢᠬᠦ ᠵᠦᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢ ᠭᠦᠸᠧ ᠵᠢᠶᠠᠨ᠂ ᠦᠪᠡᠷᠳᠡᠭᠡᠨ ᠵᠠᠰᠠᠬᠤ ᠤᠷᠤᠨ ᠤ ᠲᠦᠷᠦᠯ ᠲᠡᠮᠳᠡᠭ ᠢ ᠬᠢᠨᠠᠨ ᠬᠠᠮᠢᠶᠠᠷᠬᠤ ᠲᠤᠪᠴᠢᠶᠠᠨ ᠤ ᠲᠡᠳ᠋ ᠲᠠᠷᠤᠭ᠎ᠠ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠬᠠᠨ ᠶᠦᠩ ᠨᠢᠩ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ᠂ ᠱᠧᠨᠵᠧᠨ ᠤ ᠲᠦᠷᠦᠯ ᠲᠡᠮᠳᠡᠭ ᠢ ᠠᠷᠠᠯᠵᠢᠶᠠᠯᠠᠬᠤ ᠭᠠᠵᠠᠷ ᠤᠨ ᠬᠢᠨᠠᠨ ᠬᠠᠮᠢᠶᠠᠷᠤᠯᠲᠠ ᠶᠢ ᠬᠦᠢᠴᠡᠳᠭᠡᠬᠦ ᠬᠡᠯᠳᠡᠰ ᠤᠨ ᠶᠡᠷᠦᠩᠭᠡᠢ ᠬᠢᠨᠠᠭᠴᠢ ᠴᠢᠦ ᠶᠦᠩ ᠬᠤᠩ ᠬᠠᠮᠳᠦ ᠪᠠᠷ ᠭᠡᠷ᠎ᠠ ᠲᠤᠭᠳᠠᠬᠤ ᠶᠢ ᠭᠡᠷᠡᠴᠢᠯᠡᠪᠡ᠃ ᠠᠶᠢᠮᠠᠭ ᠤᠨ ᠲᠡᠳ᠋ ᠳᠠᠷᠤᠭ᠎ᠠ ᠾᠧ ᠸᠧᠶ ᠯᠢ ᠶᠣᠰᠣᠯᠠᠯ ᠢ ᠡᠷᠭᠢᠯᠡᠪᠡ᠃ ᠤᠷᠤᠨ᠂ ᠠᠶᠢᠮᠠᠭ᠂ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠬᠠᠮᠢᠶ᠎ᠠ ᠪᠦᠬᠦᠢ ᠠᠵᠤ ᠠᠬᠤᠶᠢᠯᠠᠯ᠂ ᠪᠠᠶᠢᠭᠤᠯᠤᠮᠵᠢ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃      ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠪᠦᠳᠤᠭᠡᠭᠳᠡᠬᠦᠨ ᠢᠶᠠᠨ ᠵᠠᠬ᠎ᠠ ᠳᠡᠯᠭᠡᠭᠦᠷ ᠲᠤ ᠭᠠᠷᠬᠤ ᠪᠠᠷ ᠪᠠᠶᠢᠭ᠎ᠠ ᠮᠧᠩ ᠵᠢᠶᠠ ᠠᠮᠤ ᠲᠣᠰᠣᠨ ᠤ ᠠᠵᠦ ᠠᠬᠤᠢᠢᠯᠠᠯ᠂ ᠤᠳᠠᠴᠢ ᠮᠣᠩᠭᠤᠯ ᠡᠮ ᠦᠢᠯᠡᠳᠪᠦᠷᠢᠯᠡᠵᠦ ᠪᠠᠶᠢᠭ᠎ᠠ ᠠᠵᠦ ᠠᠬᠤᠢᠢᠯᠠᠯ ᠵᠡᠷᠭᠡ ᠬᠤᠶᠠᠷ ᠠᠵᠤ ᠠᠬᠤᠶᠢᠯᠠᠯ ᠵᠢᠴᠢ ᠬᠠᠪᠰᠤᠷᠤᠨ ᠵᠢᠯᠣᠭᠤᠳᠬᠤ ᠪᠠᠶᠢᠭᠤᠯᠤᠮᠵᠢ ᠲᠣᠰ ᠲᠣᠰ ᠵᠠᠬ᠎ᠠ ᠳᠡᠯᠭᠡᠭᠦᠷ ᠲᠤ ᠭᠠᠷᠭᠠᠬᠤ ᠲᠤᠬᠠᠢ ᠬᠠᠪᠰᠤᠷᠤᠨ ᠵᠢᠯᠣᠭᠤᠳᠬᠤ ᠬᠡᠯᠡᠯᠴᠡᠭᠡᠷ ᠲᠣᠭᠲᠠᠪᠠ᠃ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠪᠠᠩᠬᠢ᠂ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠪᠠᠩᠬᠢ᠂ ᠮᠸᠡᠭ ᠱᠠᠩ ᠪᠠᠩᠬᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠬᠢᠩᠭᠠᠨ ᠠᠶᠢᠮᠠᠭ ᠳᠠᠬᠢ ᠬᠤᠪᠢᠶᠠᠷᠢ ᠪᠠᠩᠬᠢ᠂ ᠤᠯᠠᠭᠠᠨᠬᠤᠲᠠ ᠶᠢᠨ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠬᠢᠭᠡᠳ ᠯᠢᠦᠶ ᠵᠢᠶᠧ ᠲᠠᠢ ᠨᠧᠩ ︵ᠬᠢᠩᠭᠠᠨ ᠠᠶᠢᠮᠠᠭ︶ ᠰᠢᠨ᠎ᠡ ᠡᠨᠧᠷᠭᠢ ᠶᠢᠨ ᠺᠣᠮᠫᠠᠨᠢ᠂ ᠥᠪᠥᠷ ᠮᠣᠩᠭᠤᠯ ᠤᠨ ᠹᠦ᠋ ᠮᠢᠨ ᠰᠦ ᠶᠢᠨ ᠦᠢᠯᠡᠰ ᠤᠨ ᠺᠣᠮᠫᠠᠨᠢ᠂ ᠤᠯᠠᠭᠠᠨᠬᠤᠲᠠ ᠶᠢᠨ ᠲᠢᠶᠠᠨ ᠵᠢᠶᠦ᠋ᠨ ᠱᠠᠨ ᠵᠤᠭᠠᠴᠠᠯ ᠤᠨ ᠺᠣᠮᠫᠠᠨᠢ᠂ ᠬᠢᠨᠭ᠍ᠭᠠᠨ ᠠᠲᠠᠷ ᠬᠠᠭᠠᠯᠪᠤᠷᠢᠯᠠᠯᠲᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠦᠶ ᠹᠠ ᠭᠦᠸᠧ ᠰᠢᠩ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ᠂ ᠬᠢᠩᠭᠠᠨ ᠠᠶᠢᠮᠠᠭ ᠤᠨ ᠪᠥᠸᠧ ᠶᠤᠸᠠᠨ ᠬᠢᠮᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠵᠢᠶᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠵᠡᠷᠭᠡ ᠪᠠᠶᠢᠭᠤᠯᠭ᠎ᠠ ᠨᠢᠭᠡᠴᠢ ᠮᠥᠩᠭᠦᠨ ᠭᠦᠢᠯᠭᠡᠭᠡᠨ ᠢᠶᠠᠷ ᠭᠤᠤᠯᠳᠠᠯᠭ᠎ᠠ ᠲᠠᠢ ᠲᠥᠷᠥᠯ ᠵᠦᠢᠯ ᠢ ᠲᠡᠮᠵᠢᠬᠦ ᠲᠤᠬᠠᠢ ᠵᠦᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠲᠣᠰ ᠤᠳᠠᠭᠠᠨ ᠤ ᠭᠡᠷ᠎ᠡ ᠲᠣᠭᠲᠠᠭᠰᠠᠨ ᠠᠭᠤᠯᠭ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠦᠢᠯᠡᠰ᠂ ᠵᠤᠭᠠᠴᠠᠯ ᠤᠨ ᠦᠢᠯᠡᠰ᠂ ᠰᠢᠨ᠎ᠡ ᠡᠨᠧᠷᠭᠢ ᠵᠡᠷᠭᠡ ᠣᠯᠠᠨ ᠲᠠᠯ᠎ᠠ ᠲᠠᠢ ᠬᠤᠯᠪᠣᠭᠳᠠᠨ᠎ᠠ᠃        ᠰᠦᠬᠡ ᠵᠢᠭᠠᠵᠦ ᠭᠠᠷᠭᠠᠭᠰᠠᠨ ᠨᠢ᠂ ᠬᠢᠩᠭᠠᠨ ᠠᠶᠢᠮᠠᠭ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠯᠬᠤᠴᠠ ᠶᠢ ᠲᠦᠷᠭᠡᠳᠬᠡᠵᠦ᠂ ᠮᠥᠩᠭᠦᠨ ᠭᠦᠢᠯᠭᠡᠭᠡᠨ ᠢᠶᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠬᠤ ᠨᠢ ᠠᠵᠤ ᠠᠬᠤᠶᠢᠯᠠᠯ ᠤᠨ ᠲᠦᠷᠦᠯ ᠲᠡᠮᠳᠡᠭ ᠤᠨ ᠦᠷᠳᠡᠭ ᠪᠣᠯᠤᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠬᠦ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠠᠯᠠ ᠲᠣᠬᠢᠷᠠᠭᠤᠯᠭ᠎ᠠ ᠶᠢᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠲᠠᠯ᠎ᠠ ᠪᠠᠷ ᠬᠦᠴᠦᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠲᠡᠳᠬᠦᠨ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠵᠢᠷᠤᠮᠵᠢᠭᠰᠠᠨ᠂ ᠢᠯᠡ ᠲᠣᠳᠣ᠂ ᠨᠡᠭᠡᠭᠡᠯᠲᠡ ᠲᠠᠢ᠂ ᠠᠮᠢᠵᠢᠷᠠᠯ ᠤᠨ ᠬᠦᠴᠦᠨ ᠲᠠᠢ᠂ ᠤᠶᠠᠨ ᠬᠠᠲᠠᠨ ᠴᠢᠨᠠᠷ ᠲᠠᠢ ᠬᠥᠷᠥᠩᠭᠡ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠲᠠᠯ᠎ᠠ ᠪᠠᠷ ᠬᠦᠴᠦ ᠪᠠᠨ ᠲᠥᠪᠯᠡᠷᠡᠭᠦᠯᠵᠦ᠂ ᠪᠤᠶᠢᠵᠢᠭᠤᠯᠬᠤ ᠪᠠ ᠣᠷᠣᠭᠤᠯᠤᠨ ᠠᠪᠴᠢᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠤᠨ ᠦᠢᠯᠡᠴᠢᠯᠡᠭᠡᠨ ᠵᠢᠯᠤᠭᠤᠳᠤᠯᠭ᠎ᠠ ᠶᠢ ᠴᠢᠩᠭᠠᠳᠬᠠᠵᠤ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠤᠳᠤᠯᠭ᠎ᠠ︾ ᠬᠡᠷᠡᠭᠯᠡᠵᠦ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠯᠬᠤᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠬᠤ ᠲᠠᠯ᠎ᠠ ᠪᠠᠷ ᠭᠤᠣᠯᠳᠠᠯᠭ᠎ᠠ ᠪᠠᠨ ᠲᠥᠪᠯᠡᠷᠡᠭᠦᠯᠵᠦ᠂ ᠬᠢᠩᠭᠠᠨ ᠠᠶᠢᠮᠠᠭ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠬᠦ ᠪᠠ ᠬᠦᠷᠦᠩᠭᠡ ᠶᠢᠨ ᠵᠠᠬ᠎ᠠ ᠳᠡᠯᠭᠡᠭᠦᠷ ᠢ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠵᠤ᠂ ︽ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ︾ ᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠠᠰᠤᠷᠠᠯᠲᠠ ᠦᠭᠡᠢ ᠣᠷᠣᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠦᠷᠦᠩᠭᠡ ᠶᠢᠨ ᠳᠡᠮᠵᠢᠯᠭᠡ ᠬᠠᠩᠭᠠᠬᠤ ᠬᠡᠷᠡᠭᠲᠡᠢ ᠭᠡᠪᠡ᠃       ᠶᠣᠰᠣᠯᠠᠯ ᠲᠡᠭᠦᠰᠦᠭᠰᠡᠨ ᠤ ᠲᠠᠷᠠᠭ᠎ᠠ᠂ ᠵᠠᠰᠠᠭ ᠤᠨ ᠤᠷᠳᠤᠨ ᠮᠥᠩᠭᠦᠨ ᠭᠦᠢᠯᠭᠡᠭᠡᠨ ᠠᠵᠤ ᠠᠬᠤᠶᠢᠯᠠᠯ ᠬᠠᠮᠵᠢᠯᠴᠠᠬᠤ ᠬᠤᠷᠠᠯ ᠢ ᠦᠷᠭᠦᠯᠵᠢᠯᠡᠨ ᠬᠤᠷᠠᠯᠳᠤᠭᠤᠯᠵᠤ᠂ ᠣᠳᠣᠬᠠᠨ ᠤ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠠᠵᠢᠯᠯᠠᠭᠠᠨ ᠤ ᠪᠠᠶᠢᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号