ᠵᠠᠩ ᠰᠢᠶᠤᠤ ᠪᠢᠩ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/15
    12 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠰᠢᠶᠤᠤ ᠪᠢᠩ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠪᠦᠬᠦ ᠤᠯᠤᠰ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋ ᠤᠳᠠᠰᠤᠳᠤ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠦᠬᠦ ᠠᠶᠢᠮᠠᠭ ᠤᠨ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠪᠠ᠃     ᠵᠠᠩ ᠰᠢᠶᠤᠤ ᠪᠢᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠦᠬᠡᠨ ᠴᠦ ᠰᠤᠯᠠᠷᠠᠭᠤᠯᠵᠤ ᠪᠣᠯᠬᠤ ᠦᠭᠡᠶ᠃ ᠤᠯᠤᠰ᠂ ᠥᠪᠡᠷᠲᠡᠭᠡᠨ ᠵᠠᠰᠠᠬᠤ ᠣᠷᠣᠨ ᠠᠴᠠ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠲᠣᠳᠣᠷᠬᠠᠶ ᠪᠠᠶᠢᠷᠢᠯᠠᠭᠤᠯᠤᠯᠲᠠ ᠬᠢᠵᠡᠶ᠂ ᠡᠭᠦᠨ ᠳᠤ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠪᠣᠯ ᠵᠠᠩᠭᠢᠯᠠᠭ᠎ᠠ ᠪᠣᠯᠤᠨ᠎ᠠ᠃ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠮᠢᠨᠴᠦᠭᠦᠷᠡᠬᠦ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ︽ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠵᠦ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ ᠭᠡᠪᠡ᠃      ᠵᠠᠩ ᠰᠢᠶᠤᠤ ᠪᠢᠩ ᠴᠢᠬᠤᠯᠠᠴᠢᠯᠠᠬᠤ ᠳᠠᠭᠠᠨ᠂ ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ ᠶᠢᠨ ᠲᠠᠯ᠎ᠠ ᠪᠠᠷ ᠳᠠᠬᠢᠨ ᠬᠦᠴᠦ ᠨᠡᠮᠡᠵᠦ᠂ ︽ᠬᠥᠮᠦᠨ︾ ︽ᠪᠣᠳᠠᠰ︾ ︽ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠪᠢᠲᠡᠭᠦᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠡᠷᠡᠰ ᠬᠤᠷᠢᠭᠯᠠᠬᠤ ᠬᠡᠷᠡᠭᠲᠡᠶ ᠭᠡᠵᠡᠶ᠃ ᠵᠢᠭᠰᠠᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠠᠯ᠎ᠠ ᠪᠠᠷ ᠤᠯᠠᠮ ᠬᠦᠴᠦ ᠣᠷᠣᠭᠤᠯᠵᠤ᠂ ᠲᠣᠮᠣ ᠳ᠋ᠠᠶᠢᠲ᠋ᠠ᠂ ᠨᠡᠶᠢᠭᠡᠮ ᠲᠣᠭᠤᠷᠢᠭ ᠤᠨ ᠲᠣᠤᠷᠵᠢᠭᠤᠯᠤᠯᠲᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠲᠦᠭᠰᠢᠭᠦᠷᠢ ᠶᠡᠬᠡᠲᠡᠶ ᠭᠠᠵᠠᠷ ᠣᠷᠣᠨ ᠤ ᠢᠷᠡᠵᠦ ᠪᠤᠴᠠᠬᠤ ᠬᠥᠮᠦᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠤᠭ᠎ᠠ ᠪᠠᠷᠢᠮᠲᠠ ᠶᠢ ᠬᠦᠷᠭᠡᠬᠦ᠂ ᠨᠠᠶᠢᠳᠠᠪᠤᠷᠢᠵᠢᠭᠤᠯᠤᠨ ᠬᠥᠮᠦᠨ ᠪᠠᠶᠢᠴᠠᠭᠠᠬᠤ ᠂ ᠲᠤᠰᠠᠭᠠᠷᠯᠠᠨ ᠠᠵᠢᠭᠯᠠᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠯᠢᠭ ᠪᠥᠭᠡᠳ ᠪᠣᠳᠠᠲᠠᠶᠢᠵᠢᠭᠤᠯᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠡᠭᠦᠨ ᠤ ᠬᠠᠮᠲᠤ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠬᠢᠯᠢ ᠶᠢᠨ ᠳᠣᠲᠣᠨ᠎ᠠ ᠭᠠᠳᠠᠨᠠᠬᠢ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠡᠳ᠋ ᠪᠣᠳᠠᠰ ᠢ ᠰᠢᠤᠳᠠᠨ ᠢᠶᠠᠷ ᠬᠤᠳᠠᠯᠳᠤᠨ ᠠᠪᠤᠭᠤᠯᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠨᠠᠷᠢᠯᠢᠭ ᠬᠠᠮᠢᠶᠠᠷᠤᠯᠲᠠ ᠶᠢᠨ ᠲᠠᠯ᠎ᠠ ᠪᠠᠷ ᠲᠠᠬᠢᠨ ᠬᠦᠴᠦᠯᠡᠵᠦ᠂ ᠪᠠᠷᠢᠮᠵᠢᠶ᠎ᠠ ᠪᠠ ᠶᠠᠪᠤᠴᠠ ᠶᠢ ᠴᠢᠩᠭ᠎ᠠ ᠵᠢᠷᠤᠮᠯᠠᠨ ᠲᠤᠰᠠᠭᠠᠷᠯᠠᠭᠰᠠᠨ ᠬᠥᠮᠦᠰ ᠢ ᠬᠠᠮᠢᠶᠠᠷᠤᠨ ᠡᠵᠡᠮᠳᠡᠬᠦ᠂ ᠡᠷᠡᠭᠦᠯ ᠮᠡᠨᠳᠤ ᠶᠢ ᠬᠢᠨᠠᠨ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯᠳᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃     ᠴᠤᠭᠯᠠᠷᠠᠬᠤ ᠶᠢ ᠪᠠᠭᠠᠰᠬᠠᠬᠤ ᠲᠠᠯ᠎ᠠ ᠪᠠᠷ ᠲᠠᠬᠢᠨ ᠬᠦᠴᠦ ᠣᠷᠣᠭᠤᠯᠵᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠪᠠᠶᠠᠷ ᠤᠨ ᠶᠠᠪᠤᠳᠠᠯ ᠢ ᠬᠤᠶᠢᠰᠢᠯᠠᠭᠤᠯᠬᠤ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠶᠢ ᠬᠢᠬᠦ ᠦᠭᠡᠢ ᠪᠠᠶᠢᠬᠤ ᠶᠢ ᠡᠷᠬᠢᠮᠯᠡᠵᠦ᠂ ᠤᠯᠠᠨ ᠲᠦᠮᠡᠨ ᠢ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠬᠦ᠂ ᠨᠢᠭᠡ ᠮᠧᠲᠷ ᠤᠨ ᠱᠤᠭᠤᠮ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠬᠤ ᠪᠠᠷ ᠬᠥᠲᠥᠯᠥᠨ ᠵᠢᠯᠣᠭᠤᠳᠬᠤ ᠬᠡᠷᠡᠭᠲᠡᠶ᠃ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠤᠯᠠᠮ ᠬᠦᠴᠦ ᠣᠷᠣᠭᠤᠯᠵᠤ᠂ ︽ᠲᠠᠷᠢᠯᠭ᠎ᠠ ᠶᠣᠰᠣᠲᠠᠶ ᠶᠢ ᠨᠢ ᠴᠥᠮ ᠲᠠᠷᠢᠯᠭ᠎ᠠ ᠬᠢᠬᠦ︾ ᠶᠢ ᠪᠠᠷᠢᠮᠲᠠᠯᠠᠨ᠂ ᠲᠠᠷᠢᠯᠭ᠎ᠠ ᠶᠢ ᠴᠢᠩᠭᠠᠳᠬᠠᠬᠤ ᠨᠣᠷᠮ᠎ᠠ ᠶᠢ ᠳᠡᠭᠡᠭᠰᠢᠯᠡᠭᠦᠯᠵᠦ᠂ ᠬᠠᠮᠲᠤᠯᠢᠭ ᠤᠨ ᠡᠭᠡᠯᠢᠯᠡᠭᠡ ᠶᠢᠨ ᠬᠠᠯᠬᠠᠪᠴᠢ ᠶᠢ ᠦᠨᠡᠨ ᠬᠦ ᠪᠠᠬᠢᠵᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠡᠷᠡᠭ ᠢ ᠰᠥᠨᠢ ᠪᠠᠷ ᠥᠩᠭᠡᠷᠡᠭᠦᠯᠬᠦ ᠦᠭᠡᠢ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠥᠮᠦᠨ ᠪᠠ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ᠃       ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠢᠤᠢ ᠪᠦᠦ ᠴᠢᠤᠸᠠᠨ᠂ ᠼᠤᠤ ᠺᠠᠶ ᠬᠤᠩ᠂ ᠰᠦᠨ ᠳ᠋ᠧ ᠮᠢᠨ ᠬᠤᠷᠠᠯ ᠳᠤ ᠣᠷᠣᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号