ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠠᠶᠢᠮᠠᠭ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/12/15
    12 ᠳ᠋ᠤᠭᠠᠷ ᠰᠠᠷ᠎ᠠ ᠶᠢᠨ 13 ᠤ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠠᠶᠢᠮᠠᠭ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠶ ᠶᠢᠨ ᠰᠤᠳᠤᠯᠭᠠᠨ ᠤ ᠲᠥᠪ ᠤᠨ ᠡᠷᠬᠢᠯᠡᠭᠴᠢ ᠡᠤ ᠲᠢᠶᠧ ᠯᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠮᠡᠳᠡᠭᠦᠯᠦᠯᠲᠡ ᠶᠢᠨ ᠬᠤᠷᠠᠯ ᠢ ᠡᠷᠭᠢᠯᠡᠬᠦ ᠶᠢᠨ ᠬᠠᠮᠲᠤ ᠶᠠᠷᠢᠶ᠎ᠠ ᠲᠠᠯᠪᠢᠪᠠ᠃     ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠦ᠋ ᠲᠢᠶᠧ ᠯᠢᠨ ᠨᠡᠷ ᠲᠠᠢ ᠠᠭᠤᠯᠵᠠᠵᠠᠢ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠎ᠡ ᠤᠨ ᠡᠷᠬᠢᠯᠡᠭᠴᠢ ᠰᠢᠤᠢ ᠵᠦᠸᠧ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠱᠦ ᠴᠧᠩ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠰᠠᠭ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠠᠶᠢᠮᠠᠭ ᠤᠨ ᠬᠠᠤᠯᠢ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠵᠠᠬᠢᠷᠤᠯ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      ᠡᠦ ᠲᠢᠶᠧ ᠯᠢᠨ ︽ᠰᠢᠨ᠎ᠡ ᠴᠠᠭ ᠦᠶ᠎ᠡ ᠶᠢᠨ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠶ᠎ᠠ︾ ᠭᠡᠬᠦ ᠪᠠᠷ ᠭᠤᠣᠯ ᠰᠡᠳᠦᠪ ᠪᠣᠯᠭᠠᠵᠤ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠳ᠋ᠦᠩᠨᠡᠭᠰᠡᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ︾ ︽ᠨᠠᠮ ᠤᠨ ᠵᠠᠭᠤᠨ ᠵᠢᠯ ᠤᠨ ᠲᠡᠮᠡᠴᠡᠯ ᠤᠨ ᠤᠬ ᠰᠠᠨᠠᠭ᠎ᠠ ᠡᠭᠦᠷᠭᠡ ᠪᠣᠯᠤᠨ ᠴᠢᠬᠤᠯᠠ ᠶᠡᠭᠡ ᠠᠮᠵᠢᠯᠲᠠ ᠶᠢ ᠭᠦᠨᠵᠡᠭᠡᠢ ᠲᠠᠨᠢᠬᠤ︾ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠬᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠤᠨ ᠲᠡᠦᠬᠡᠲᠦ ᠴᠢᠨᠠᠷᠲᠠᠢ ᠬᠤᠪᠢᠰᠤᠯᠲᠠ ᠶᠢ ᠭᠦᠨᠵᠡᠭᠡᠢ ᠲᠠᠨᠢᠬᠤ︾ ︽ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ︾ ︽ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠲᠠᠨᠢᠬᠤ︾ ︽ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠢᠷᠡᠭᠡᠳᠦᠢ ᠪᠠᠨ ᠴᠣᠭᠴᠠᠯᠠᠨ᠎ᠠ︾᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠶ᠎ᠠ︾ ᠵᠡᠷᠭᠡ 6 ᠲᠠᠯ᠎ᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠶᠢ ᠪᠦᠬᠦ ᠲᠠᠯ᠎ᠠ ᠪᠠᠷ᠂ ᠰᠢᠰᠲ᠋ᠧᠮ ᠲᠠᠢ ᠲᠠᠶᠢᠯᠪᠤᠷᠢᠯᠠᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠪᠥᠬᠦᠳᠡ ᠬᠤᠷᠠᠯ ᠤᠨ ︽ᠰᠢᠢᠳᠪᠦᠷᠢ︾ ᠪᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠶᠢᠨ ᠡᠷᠡᠰ ᠬᠦᠷᠢᠶᠡᠯᠡᠭᠴᠢ ᠪᠠ ︽ᠬᠤᠶᠠᠷ ᠢ ᠬᠠᠮᠠᠭᠠᠯᠠᠬᠤ︾  ᠶᠢᠨ ᠡᠷᠡᠰ ᠦᠢᠯᠡᠳᠦᠯᠭᠡᠵᠢᠭᠦᠯᠦᠭᠴᠢ ᠪᠣᠯᠭᠠᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠵᠤ᠂ ᠲᠦᠷᠦᠭᠦᠯᠡᠨ ᠶᠠᠷᠢᠵᠤ᠂ ᠲᠦᠷᠦᠭᠦᠯᠡᠨ ᠬᠢᠵᠦ᠂ ᠵᠠᠭᠤᠴᠢᠯᠠᠭᠤᠷ ᠤᠨ ᠤᠬᠠᠭᠤᠯᠭ᠎ᠠ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠰᠤᠳᠤᠯᠤᠨ ᠲᠠᠶᠢᠯᠪᠤᠷᠢᠯᠠᠬᠤ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠠᠵᠢᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠬᠠᠷᠭᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠤᠯᠤᠰ ᠤᠨ ᠳᠣᠲᠣᠭᠠᠳᠤ ᠶᠢᠨ ᠴᠢᠬᠤᠯᠠ ᠵᠤᠭᠠᠴᠠᠯ ᠤᠨ ᠵᠣᠷᠢᠭᠰᠠᠨ ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠬᠤ ᠪᠠᠷ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠶ ᠭᠡᠪᠡ᠃      ᠮᠡᠳᠡᠭᠦᠯᠦᠯᠲᠡ ᠶᠢᠨ ᠬᠤᠷᠠᠯ ᠸᠢᠳᠢᠣ᠋ ᠬᠡᠯᠪᠡᠷᠢ ᠪᠠᠷ ᠶᠠᠪᠤᠭᠳᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ ᠤᠨ ᠠᠯᠪᠠᠨ ᠭᠡᠷ ᠲᠤᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠳᠤᠮᠳᠠ ᠣᠷᠣᠨ ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠤᠣᠯ ᠬᠤᠷᠠᠯ ᠤᠨ ᠲᠠᠯᠠᠪᠠᠢ ᠳᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号