ᠮᠠᠨ ᠤ ᠠᠶᠢᠮᠠᠭ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠪᠠᠩᠬᠢ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2021/12/15
    ᠵᠠᠩ ᠰᠢᠶᠤᠤ ᠪᠢᠩ ᠯᠢᠦ ᠼᠦᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ     12 ᠳ᠋ᠤᠭᠠᠷ ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠥᠪᠥᠷ ᠮᠣᠩᠭᠤᠯ ᠤᠨ ᠲᠠᠷᠢᠶᠠᠯᠠᠩ ᠤᠨ ᠪᠠᠩᠬᠢ ᠲᠠᠢ ᠵᠠᠰᠠᠭ ᠪᠠ ᠪᠠᠩᠬᠢ ᠶᠢᠨ ᠵᠣᠯᠭᠠᠯᠴᠠᠭ᠎ᠠ ᠶᠢ ᠭᠦᠨᠵᠡᠭᠡᠶ ᠥᠷᠨᠢᠭᠦᠯᠵᠦ᠂ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠤ ᠬᠠᠮᠲᠤ ᠪᠠᠷ ᠭᠠᠷ ᠤᠨ ᠥᠰᠥᠭ ᠵᠢᠷᠤᠵᠤ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ᠃      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠲᠠᠷᠢᠶᠠᠯᠠᠩ ᠤᠨ ᠪᠠᠩᠬᠢ ᠨᠢ ᠣᠷᠣᠨ ᠨᠤᠲᠤᠭ ᠤᠨ ᠬᠥᠭᠵᠢᠯᠲᠡ ᠶᠢ ᠳᠡᠮᠵᠢᠬᠦ ᠪᠠᠷ ᠡᠭᠦᠷᠭᠡ ᠪᠠᠨ ᠪᠣᠯᠭᠠᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠢᠯᠡᠴᠢᠯᠡᠬᠦ ᠤᠯᠤᠰ ᠤᠨ ᠠᠩᠭᠢ᠂ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠬᠢᠷᠢ ᠲᠦᠪᠰᠢᠨ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ ᠂ ᠠᠯᠠᠰᠢᠨ ᠦᠬᠡᠷ ᠤᠨ ᠠᠮᠢᠳᠤ ᠴᠣᠭᠴᠠ ᠶᠢᠨ ᠪᠠᠷᠢᠴᠠᠭᠠᠳᠤ ᠵᠢᠭᠡᠯᠡᠯᠭᠡ ᠶᠢᠨ ᠳᠠᠭᠠᠭᠠᠯᠲᠠ ᠶᠢᠨ ᠠᠷᠭ᠎ᠠ ᠮᠠᠶ᠋ᠢᠭ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠨᠡᠶᠢᠲᠡ 400 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ ᠬᠢᠩᠭᠠᠨ ᠠᠶᠢᠮᠠᠭ ᠤᠨ ︽ᠡᠷᠳᠡᠨᠢ ᠰᠢᠰᠢ ᠤᠰᠤᠨ ᠲᠤᠳᠤᠷᠭ᠎ᠠ︾᠂ ︽ᠠᠯᠠᠰᠢᠨ ᠦᠭᠡᠷ ᠰᠠᠭᠠᠯᠢ ᠶᠢᠨ ᠦᠨᠢᠶ᠎ᠡ︾ ᠵᠡᠷᠭᠡ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠣᠷᠣᠨ ᠪᠦᠰᠡ ᠶᠢᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠳᠥᠯᠭᠢᠨ ᠠᠬᠢᠭᠤᠯᠬᠤ᠂ ᠣᠯᠠᠨ ᠲᠦᠮᠡᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠪᠠ᠃ ᠡᠨᠡ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠲᠠᠷᠢᠶᠠᠯᠠᠩ ᠤᠨ ᠪᠠᠩᠬᠢ ᠬᠢᠩᠭᠠᠨ ᠠᠶᠢᠮᠠᠭ ᠤᠨ ᠵᠠᠰᠠᠭ ᠪᠠᠩᠬᠢ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠮᠥᠩᠭᠦᠨ ᠭᠦᠢᠯᠭᠡᠭᠡᠨ ᠢᠶᠠᠷ ᠬᠢᠩᠭᠠᠨ ᠠᠶᠢᠮᠠᠭ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ︿ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ﹀ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠢ ᠬᠠᠮᠲᠤ ᠪᠠᠷ ᠲᠣᠭᠲᠠᠵᠤ᠂ ᠢᠷᠡᠬᠦ ᠭᠤᠷᠪᠠᠨ ᠵᠢᠯ ᠳᠤ 60 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠣᠷᠣᠭᠤᠯᠵᠤ᠂ ᠰᠠᠭᠤᠷᠢ ᠡᠬᠡ ᠮᠠᠯ ᠢ ᠦᠷᠡᠵᠢᠭᠦᠯᠦᠨ ᠰᠦᠷᠦᠭ ᠢᠶᠠᠨ ᠥᠷᠭᠡᠳᠬᠡᠬᠦ᠂ ᠠᠯᠠᠰᠢᠨ ᠦᠬᠡᠷ ᠢ ᠪᠣᠷᠳᠣᠵᠤ ᠲᠠᠷᠭᠤᠯᠠᠭᠤᠯᠬᠤ ᠬᠡᠪᠴᠢᠶ᠎ᠡ ᠶᠢ ᠳᠠᠬᠢᠨ ᠢᠶᠠᠷ ᠨᠡᠮᠡᠭᠳᠡᠭᠦᠯᠬᠦ᠂ ᠬᠥᠬᠡ ᠪᠣᠷᠳᠤᠭ᠎ᠠ ᠪᠠᠷ ᠳᠠᠷᠤᠰᠢᠭᠤᠯᠬᠤ ᠲᠡᠵᠢᠭᠡᠯ ᠡᠪᠡᠰᠦ ᠶᠢ ᠨᠡᠮᠡᠭᠳᠡᠭᠦᠯᠦᠨ ᠭᠠᠷᠤᠯᠲᠠ ᠪᠠᠨ ᠥᠷᠭᠡᠳᠬᠡᠬᠦ ᠶᠢ ᠭᠤᠤᠯᠳᠠᠯᠭ᠎ᠠ ᠲᠠᠢ ᠳᠡᠮᠵᠢᠬᠦ ᠪᠠᠷ ᠳᠠᠮᠵᠢᠭᠤᠯᠤᠨ᠂ ᠬᠢᠩᠭᠠᠨ ᠠᠶᠢᠮᠠᠭ ᠤᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ᠃      ᠭᠡᠷ᠎ᠡ ᠲᠣᠭᠲᠠᠬᠤ ᠠᠴᠠ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠥᠪᠥᠷ ᠮᠣᠩᠭᠤᠯ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠯᠢᠦ ᠼᠦᠩ ᠱᠧᠩ ᠨᠡᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠠᠩ ᠰᠢᠶᠤᠤ ᠪᠢᠩ ᠬᠤᠶᠠᠷ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠦᠭᠡᠳ ᠣᠯᠤᠭᠰᠠᠨ ᠢᠳᠡᠪᠬᠢᠲᠡᠶ ᠠᠬᠢᠴᠠ ᠶᠢ ᠭᠦᠢᠴᠡᠳ ᠨᠤᠲᠠᠯᠠᠵᠤ᠂ ᠲᠠᠷᠢᠶᠠᠯᠠᠩ ᠤᠨ ᠪᠠᠩᠬᠢ ᠶᠢᠨ ᠬᠢᠩᠭᠠᠨ ᠠᠶᠢᠮᠠᠭ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠠᠷᠢᠶᠠᠯᠠᠩ ᠤᠨ ᠪᠠᠩᠬᠢ ᠶᠢᠨ ᠬᠢᠨ ᠠᠯᠠᠰᠢᠨ ᠦᠬᠡᠷ ᠤᠨ ᠠᠵᠤ ᠦᠢᠯᠡᠰ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯᠳᠠᠯᠭ᠎ᠠ ᠪᠣᠯᠭᠠᠵᠤ᠂ ᠬᠤᠶᠠᠷ ᠲᠠᠯ᠎ᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ ᠬᠠᠪᠰᠤᠷᠤᠨ ᠠᠷᠠᠳ ᠲᠤ ᠠᠰᠢᠭ ᠬᠦᠷᠲᠡᠭᠡᠬᠦ ᠳᠤ ᠦᠨᠡᠨᠬᠦ ᠦᠢᠯᠡᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠷᠬᠡᠭ ᠶᠡᠭᠡ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠵᠠᠩ ᠰᠢᠶᠤᠤ ᠪᠢᠩ ᠢᠯᠡᠷᠬᠡᠶᠢᠯᠡᠬᠦ ᠳᠡᠭᠡᠨ᠂ ᠬᠢᠩᠭᠠᠨ ᠠᠶᠢᠮᠠᠭ ᠤᠨ ᠬᠢᠨ ᠲᠠᠷᠢᠶᠠᠯᠠᠩ ᠤᠨ ᠪᠠᠩᠬᠢ ᠶᠢᠨ ᠬᠢᠩᠭᠠᠨ ᠠᠶᠢᠮᠠᠭ ᠲᠠᠬᠢ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠨ ᠬᠠᠮᠵᠢᠯᠴᠠᠵᠤ᠂ ᠣᠷᠴᠢᠨ ᠠᠬᠤᠶ ᠶᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠵᠢᠭᠡᠯᠡᠯᠭᠡ ᠤᠯᠬᠤ᠂ ᠰᠠᠶᠢᠲᠤᠷ ᠬᠡᠷᠡᠭᠯᠡᠬᠦ᠂ ᠪᠤᠴᠠᠭᠠᠵᠤ ᠳᠡᠶᠢᠯᠬᠦ ᠶᠢ ᠦᠨᠡᠨ ᠬᠦ ᠪᠠᠲᠤᠯᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠶ᠃ ᠯᠢᠦ ᠼᠦᠩ ᠱᠧᠩ ᠬᠢᠩᠭᠠᠨ ᠠᠶᠢᠮᠠᠭ ᠤᠨ ᠤᠷᠳᠤ ᠬᠤᠭᠤᠴᠠᠭᠠᠨ ᠤ ᠲᠤᠷᠰᠢ ᠬᠥᠳᠡᠭᠡ ᠠᠵᠤ ᠠᠬᠤᠢ ᠶᠢᠨ ᠪᠠᠩᠬᠢ ᠶᠢᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠲᠡᠷᠡ ᠴᠢᠬᠤᠯᠠᠴᠢᠯᠠᠭᠰᠠᠨ ᠨᠢ᠂ ᠥᠪᠥᠷ ᠮᠣᠩᠭᠤᠯ ᠤᠨ ᠲᠠᠷᠢᠶᠠᠯᠠᠩ ᠤᠨ ᠪᠠᠩᠬᠢ ᠨᠢ ᠬᠢᠩᠭᠠᠨ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠴᠢᠩᠭ᠎ᠠ ᠬᠦᠴᠦᠲᠡᠢ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠶᠢᠨ ᠬᠠᠮᠲᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠠᠵᠠ ᠲᠣᠬᠢᠶᠠᠯ ᠪᠣᠯᠭᠠᠨ᠂ ︽ᠤᠯᠠᠨ ᠲᠡᠰ ᠳᠠᠪᠬᠤᠷᠭ᠎ᠠ᠂ ᠪᠦᠬᠦ ᠬᠡᠯᠬᠢᠶ᠎ᠡ᠂ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠦᠬᠦ ᠣᠷᠣᠨ ᠤ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠬᠡᠪ ᠵᠠᠭᠪᠤᠷ ᠢ ᠭᠠᠷ ᠬᠤᠯᠪᠣᠨ ᠴᠣᠭᠴᠠᠯᠠᠨ᠎ᠠ ᠭᠡᠪᠡ᠃       ᠠᠶᠢᠮᠠᠭ ᠤᠨ ᠤᠳᠤᠷᠢᠳᠤᠯᠭ᠎ᠠ ᠰᠢᠤᠢ ᠪᠦᠦ ᠴᠢᠤᠸᠠᠨ᠂ ᠴᠢᠦᠶ ᠵᠧᠨ ᠨᠢᠶᠠᠨ᠂ ᠾᠧ ᠸᠧᠶ ᠯᠢ᠂ ᠥᠪᠥᠷ ᠮᠣᠩᠭᠤᠯ ᠤᠨ ᠲᠠᠷᠢᠶᠠᠯᠠᠩ ᠤᠨ ᠪᠠᠩᠬᠢ ᠶᠢᠨ ᠳᠡᠳ᠋ ᠲᠣᠭᠤᠷᠢᠨ ᠪᠠᠶᠢᠴᠠᠭᠠᠭᠴᠢ ᠪᠦᠦ ᠰᠢᠶᠠᠨ ᠪᠢᠩ ᠵᠢᠴᠢ ᠬᠡᠰᠡᠭ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠣᠷᠣᠨ ᠠᠶᠢᠮᠠᠭ ᠬᠤᠶᠠᠷ ᠱᠠᠲᠤᠨ ᠤ ᠲᠠᠷᠢᠶᠠᠯᠠᠩ ᠤᠨ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号