ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/12/15
     12 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠴᠥᠭᠡᠨ ᠶᠠᠷᠢᠵᠤ ᠤᠯᠠᠨ ᠬᠢᠬᠦ᠂ ᠳᠠᠷᠦ᠋ᠢᠬᠠᠨ ᠬᠢᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠠᠳᠠᠷᠠᠭᠤᠯᠵᠤ᠂ ᠠᠵᠢᠯ ᠤᠨ ᠳᠤᠮᠳᠠᠬᠢ ᠳᠤᠲᠠᠭᠤᠳᠠᠯ ᠪᠠ ᠳᠤᠲᠠᠭᠳᠠᠯ ᠢᠶᠠᠨ ᠲᠦᠷᠭᠡᠨ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ᠵᠠᠩ ᠰᠢᠶᠤᠤ ᠪᠢᠩ ᠥᠪᠥᠷ ᠮᠣᠩᠭᠤᠯ ᠤᠨ ᠪᠸᠢ ᠹᠧᠩ ᠯᠢᠩ ᠭᠤᠯᠢᠷ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠳᠤ ᠬᠦᠷᠴᠦ᠂ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠲᠠᠢ ᠵᠠᠬᠢᠶᠠᠯᠠᠭ᠎ᠠ ᠶᠢᠨ ᠬᠠᠮᠲᠤᠷᠠᠯᠴᠠᠭ᠎ᠠ ᠬᠢᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠦᠢᠯᠡᠰ ᠢ ᠬᠥᠭᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠩ ᠨᠢᠭᠲᠠ ᠪᠦᠬᠦᠢ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠬᠥᠳᠡᠯᠦᠩᠭᠦᠢ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠳᠤᠬᠢᠷᠠᠭᠤᠯᠬᠤ ᠲᠣᠭᠲᠠᠴᠠ ᠶᠢ ᠪᠦᠷᠢᠨᠰᠢᠬᠦᠯᠵᠦ᠂ ᠬᠠᠷᠢᠭᠤᠴᠠᠯᠭ᠎ᠠ ᠲᠣᠳᠣᠷᠬᠠᠢ᠂ ᠰᠠᠭᠤᠷᠢ ᠲᠤᠭ᠎ᠠ ᠲᠣᠳᠣᠷᠬᠠᠢ᠂ ᠬᠡᠯᠬᠢᠶ᠎ᠡ ᠲᠣᠳᠣᠷᠬᠠᠢ ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢ ᠨᠡᠩ ᠰᠠᠶᠢᠲᠤᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠪᠠᠯᠭᠠᠰᠤᠲᠠᠢ ᠰᠢᠶᠠᠩ ᠤᠨ ᠢ ᠡᡁᠧ ᠲᠣᠰᠬᠤᠨ ᠨᠡᠳᠦᠭᠡᠷ ᠪᠠᠯᠭᠠᠰᠤ ᠶᠢᠨ ᠱᠤᠸᠠᠩ ᠬᠤᠸᠠ ᠲᠣᠰᠬᠤᠨ ᠳᠤ᠂ ᠵᠠᠩ ᠰᠢᠶᠤᠤ ᠪᠢᠩ ᠲᠠᠬᠢᠨ ᠶᠠᠳᠠᠭᠤᠷᠠᠬᠤ ᠠᠴᠠ ᠪᠤᠯᠵᠦ ᠶᠠᠳᠠᠭᠤᠷᠠᠬᠤ ᠶᠢ ᠬᠢᠨᠠᠨ ᠬᠡᠮᠵᠢᠬᠦ ᠡᠲᠡᠭᠡᠳ ᠷᠧᠨ ᠹᠦ᠋ ᠯᠢᠨ᠂ ᠦ᠋ ᠰᠢᠤ ᠵᠧᠨ᠂ ᠸᠠᠩ ᠹᠧᠩ ᡁᠢ ᠶᠢᠨ ᠭᠡᠷ ᠲᠤ ᠬᠦᠷᠴᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠣᠷᠣᠯᠭ᠎ᠠ ᠶᠢᠨ ᠢᠷᠡᠯᠳᠡ ᠵᠢᠴᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠵᠠᠩ ᠰᠢᠶᠤᠤ ᠪᠢᠩ ᠴᠢᠬᠤᠯᠠᠴᠢᠯᠠᠬᠤ ᠳᠠᠭᠠᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠬᠤ ᠬᠥᠮᠦᠨ ᠠᠮᠠ ᠶᠢᠨ ᠣᠷᠣᠯᠭ᠎ᠠ ᠵᠠᠷᠤᠯᠭ᠎ᠠ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ ᠪᠠᠶᠢᠩᠭᠤᠵᠢᠭᠤᠯᠤᠨ ᠬᠢᠨᠠᠨ ᠬᠡᠮᠵᠢᠵᠦ᠂ ᠪᠠᠷᠢᠮᠵᠢᠶ᠎ᠠ ᠶᠢ ᠴᠢᠩᠭ᠎ᠠ ᠬᠠᠷᠢᠴᠠᠭᠤᠯᠤᠨ ᠨᠠᠷᠢᠯᠢᠭ ᠣᠨᠣᠴᠠᠲᠠᠶ ᠪᠠᠷ ᠢᠯᠭᠠᠨ ᠲᠠᠨᠢᠵᠤ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠡᠷᠲᠡ ᠢᠯᠡᠷᠡᠭᠦᠯᠵᠦ᠂ ᠡᠷᠲᠡ ᠭᠠᠷ ᠳᠦᠷᠦᠵᠦ᠂ ᠡᠷᠲᠡ ᠬᠠᠪᠰᠤᠷᠤᠨ ᠲᠡᠳᠬᠦᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠡᠶ ᠃ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠵᠦᠢᠯ ᠤᠨ ᠪᠠᠯᠠ ᠮᠥᠩᠭᠦ ᠶᠢ ᠨᠡᠭᠦᠯᠭᠡᠨ ᠬᠡᠷᠡᠭᠯᠡᠵᠦ ᠥᠷᠢᠲᠦᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠨᠥᠬᠦᠪᠥᠷᠢ ᠪᠠᠯᠠ ᠮᠥᠩᠭᠦ ᠶᠢ ᠡᠷᠡᠰ ᠢᠶᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃     ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠵᠠᠩ ᠰᠢᠶᠤᠤ ᠪᠢᠩ ᠱᠤᠸᠠᠩ ᠬᠤᠸᠠ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠨᠳᠦᠰᠦᠨ ᠱᠠᠲᠤᠨ ᠤ ᠲᠥᠯᠥᠭᠡᠯᠡᠭᠴᠢᠳ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠪᠠ᠃       ᠵᠠᠩ ᠰᠢᠶᠤᠤ ᠪᠢᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠦᠬᠦ ᠲᠠᠯ᠎ᠠ ᠪᠣᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠠᠢ ᠬᠤᠯᠪᠣᠭᠳᠠᠨ᠎ᠠ᠃       ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠪᠠᠷ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠪᠣᠳᠠᠲᠠᠢ ᠦᠢᠯᠡᠳᠦᠯᠭᠡ ᠶᠢ ᠪᠡᠶᠡᠯᠡᠭᠦᠯᠵᠦ᠂ ᠠᠷᠠᠳ ᠲᠦᠮᠡᠨ ᠢ ᠳᠡᠭᠡᠳᠦᠯᠡᠬᠦ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠢᠯᠡᠳᠦᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠠᠵᠢᠯ ᠢᠶᠠᠨ ᠰᠠᠶᠢᠲᠤᠷ ᠬᠢᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠪᠡ᠃      ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠢᠤᠢ ᠪᠦᠦ ᠴᠢᠤᠸᠠᠨ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号