2021 ᠣᠨ ᠤ 12 ᠳ᠋ᠤᠭᠠᠷ ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠣᠷᠤᠨ ᠨᠤᠲᠤᠭ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 3 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ︶ ᠨᠡᠮᠡᠭᠳᠡᠪᠡ᠃ | ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 10 ᠬᠦᠮᠦᠨ ︵ᠴᠥᠮ ᠬᠥᠯᠥᠨ | ᠪᠤᠶᠢᠷ ᠤᠨ ᠮᠠᠨᠵᠤᠤᠷ ᠬᠤᠲᠠ ᠳᠤ︶ ᠡᠳᠡᠭᠡᠷᠡᠵᠦ ᠡᠮᠨᠡᠯᠭᠡ ᠠᠴᠠ ᠭᠠᠷᠪᠠ᠃ | ᠰᠢᠨ᠎ᠡ ᠪᠠᠷ ᠨᠡᠮᠡᠭᠳᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ ᠶᠢᠨ ᠪᠣᠳᠠᠲᠠᠶ ᠪᠠᠶᠢᠳᠠᠯ ᠨᠢ ᠳᠣᠤᠷᠠᠬᠢ ᠮᠡᠲᠦ | ᠄ ᠡᠪᠡᠳᠴᠢᠨ ᠤ ᠵᠢᠱᠢᠶ᠎ᠡ 549 ᠠᠴᠠ 551᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ | ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠬᠠᠮᠳᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ | ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃ | ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠨᠢᠭᠡᠨᠲᠡ ᠲᠤᠭᠲᠠᠭᠰᠠᠨ ᠡᠮᠨᠡᠯᠭᠡ ᠶᠢᠨ ᠬᠤᠷᠢᠶᠠᠨ ᠳᠤ | ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ᠂ ᠬᠤᠯᠪᠣᠭᠳᠠᠯ ᠪᠦᠬᠦᠢ ᠲᠠᠬᠤᠯ ᠡᠪᠡᠳᠴᠢᠨ ᠤ ᠪᠠᠶᠢᠴᠠᠭᠠᠯᠲᠠ᠂ | ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠶᠠᠭ ᠬᠢᠵᠦ ᠪᠠᠶᠢᠨ᠎ᠠ᠃ | 2021 ᠣᠨ ᠤ 12 ᠳ᠋ᠤᠭᠠᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠤᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ | 508 ︵ᠬᠥᠯᠥᠨ ᠪᠤᠶᠢᠷ ᠤᠨ ᠮᠠᠨᠵᠤᠤᠷ ᠬᠤᠲᠠ ᠳᠤ 497᠂ ᠰᠢᠨ᠎ᠡ ᠪᠠᠷᠭᠤ ᠪᠠᠷᠠᠭᠤᠨ ᠬᠤᠰᠢᠭᠤᠨ ᠳᠤ 9᠂ | ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ ᠮᠠᠨᠵᠤᠤᠷ ᠬᠤᠲᠠ ᠲᠠᠢ ᠬᠤᠯᠪᠣᠭᠳᠠᠭᠰᠠᠨ ᠲᠣᠳᠤᠯᠠᠭᠰᠠᠨ | ᠡᠪᠡᠳᠴᠢᠨ ᠤ ᠵᠢᠱᠢᠶ᠎ᠡ 2︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ | ᠡᠮᠴᠢᠯᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |