12 ᠳ᠋ᠤᠭᠠᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/12/17
    12 ᠳ᠋ᠤᠭᠠᠷ ᠰᠠᠷ᠎ᠠ ᠶᠢᠨ 15 ᠤ ᠡᠳᠦᠷ ᠤᠨ 0 ᠴᠠᠭ ᠠᠴᠠ 24 ᠴᠠᠭ ᠪᠣᠯᠲᠠᠯ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 2 ︵ᠴᠥᠮ ᠬᠥᠯᠥᠨ ᠪᠤᠶᠢᠷ ᠤᠨ ᠮᠠᠨᠵᠤᠤᠷ ᠬᠤᠲᠠ︶ ᠨᠡᠮᠡᠭᠳᠡᠵᠡᠢ᠃      ᠣᠷᠣᠨ ᠨᠤᠲᠤᠭ ᠤᠨ ᠳᠣᠲᠣᠯᠠᠭᠰᠠᠨ ᠡᠪᠡᠳᠴᠢᠨ ᠤ ᠵᠢᠱᠢᠶ᠎ᠡ ᠠᠴᠠ 9 ᠬᠦᠮᠦᠨ ᠡᠳᠡᠭᠡᠷᠡᠵᠦ ᠡᠮᠨᠡᠯᠭᠡ ᠠᠴᠠ ᠭᠠᠷᠪᠠ ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ︶᠃      ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠪᠣᠳᠠᠲᠠᠶ ᠪᠠᠶᠢᠳᠠᠯ ᠨᠢ ᠳᠣᠤᠷᠠᠬᠢ ᠮᠡᠲᠦ᠄ ᠲᠣᠳᠤᠯᠠᠭᠰᠠᠨ ᠡᠪᠡᠳᠴᠢᠨ ᠤ ᠵᠢᠱᠢᠶ᠎ᠡ 552 — 553᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃      ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠲᠣᠭᠳ᠋ᠭ᠍ᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ ᠪᠣᠢ᠂ ᠬᠤᠯᠪᠣᠭᠳᠠᠯ ᠪᠥᠬᠦᠶ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠬᠤ ᠵᠡᠷᠭᠡ ᠠᠵᠢᠯ ᠮᠥᠨ ᠬᠦ ᠶᠠᠪᠤᠭᠳᠠᠵᠤ ᠪᠠᠶᠢᠨ᠎ᠠ᠃      12 ᠳ᠋ᠤᠭᠠᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 501 ︵ᠬᠥᠯᠥᠨ ᠪᠤᠶᠢᠷ ᠮᠠᠨᠵᠤᠤᠷ ᠬᠤᠲᠠ ᠳᠤ 490᠂ ᠰᠢᠨ᠎ᠡ ᠪᠠᠷᠭᠤ ᠪᠠᠷᠠᠭᠤᠨ ᠬᠤᠰᠢᠭᠤᠨ ᠳᠤ 9 ᠪᠣᠶ︔      ᠲᠦᠩᠯᠢᠶᠤᠤ ᠬᠤᠲᠠ ᠶᠢᠨ ᠬᠤᠷᠴᠢᠨ ᠲᠣᠭᠤᠷᠢᠭ ᠲᠤ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠤᠯᠠᠭᠰᠠᠨ ᠡᠪᠡᠳᠴᠢᠨ ᠤ ᠵᠢᠱᠢᠶ᠎ᠡ 2 ᠪᠣᠶ︶ ᠪᠠᠶᠢᠵᠤ᠂ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠤ᠋ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号