12 ᠳ᠋ᠤᠭᠠᠷ ᠰᠠᠷ᠎ᠠ ᠶᠢᠨ 16 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ | ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ | ᠵᠢᠱᠢᠶ᠎ᠡ 4 ︵ᠬᠥᠯᠥᠨ ᠪᠤᠶᠢᠷ ᠤᠨ ᠮᠠᠨᠵᠤᠤᠷ ᠬᠤᠲᠠ ᠳᠤ 3᠂ ᠰᠢᠨ᠎ᠡ ᠪᠠᠷᠭᠤ ᠪᠠᠷᠠᠭᠤᠨ ᠬᠤᠰᠢᠭᠤᠨ ᠳᠤ 1︶ | ᠰᠢᠨ᠎ᠡ ᠪᠠᠷ ᠨᠡᠮᠡᠭᠳᠡᠵᠡᠢ᠃ | ᠣᠷᠣᠨ ᠨᠤᠲᠤᠭ ᠤᠨ ᠳᠣᠲᠣᠯᠠᠭᠰᠠᠨ ᠡᠪᠡᠳᠴᠢᠨ ᠤ ᠵᠢᠱᠢᠶ᠎ᠡ ᠠᠴᠠ 12 ᠬᠦᠮᠦᠨ ᠡᠳᠡᠭᠡᠷᠡᠵᠦ ᠡᠮᠨᠡᠯᠭᠡ ᠠᠴᠠ | ᠭᠠᠷᠪᠠ ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ︶᠃ | ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠪᠣᠳᠠᠲᠠᠶ | ᠪᠠᠶᠢᠳᠠᠯ ᠨᠢ ᠳᠣᠤᠷᠠᠬᠢ ᠮᠡᠲᠦ᠄ ᠲᠣᠳᠤᠯᠠᠭᠰᠠᠨ ᠡᠪᠡᠳᠴᠢᠨ ᠤ ᠵᠢᠱᠢᠶ᠎ᠡ 554 — 556᠄ ᠴᠥᠮ ᠮᠠᠨᠵᠤᠤᠷ | ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ | ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃ | ᠲᠣᠳᠤᠯᠠᠭᠰᠠᠨ ᠡᠪᠡᠳᠴᠢᠨ ᠤ ᠵᠢᠱᠢᠶ᠎ᠡ 557᠄ ᠰᠢᠨ᠎ᠡ ᠪᠠᠷᠭᠤ ᠪᠠᠷᠠᠭᠤᠨ ᠬᠤᠰᠢᠭᠤᠨ ᠤ ᠲᠥᠪᠯᠡᠷᠡᠭᠦᠯᠦᠨ | ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠬᠠᠮᠲᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃ | ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠲᠣᠭᠳ᠋ᠭ᠍ᠰᠠᠨ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ ᠪᠣᠢ᠂ ᠬᠤᠯᠪᠣᠭᠳᠠᠯ ᠪᠥᠬᠦᠶ ᠲᠠᠬᠤᠯ ᠡᠪᠡᠳᠴᠢᠨ ᠤ | ᠪᠠᠶᠢᠴᠠᠭᠠᠯᠲᠠ᠂ ᠵᠢᠭᠰᠠᠭᠠᠨ ᠪᠠᠶᠢᠴᠠᠭᠠᠬᠤ ᠵᠡᠷᠭᠡ ᠠᠵᠢᠯ ᠮᠥᠨ ᠬᠦ ᠶᠠᠪᠤᠭᠳᠠᠵᠤ ᠪᠠᠶᠢᠨ᠎ᠠ᠃ | 12 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 493 ︵ᠬᠥᠯᠥᠨ ᠪᠤᠶᠢᠷ ᠤᠨ | ᠮᠠᠨᠵᠤᠤᠷ ᠬᠤᠲᠠ ᠳᠤ 481᠂ ᠰᠢᠨ᠎ᠡ ᠪᠠᠷᠭᠤ ᠪᠠᠷᠠᠭᠤᠨ ᠬᠤᠰᠢᠭᠤᠨ ᠳᠤ 10 ᠪᠣᠶ︔ | ᠲᠦᠩᠯᠢᠶᠤᠤ ᠬᠤᠲᠠ ᠶᠢᠨ ᠬᠤᠷᠴᠢᠨ ᠲᠣᠭᠤᠷᠢᠭ ᠲᠤ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠤᠯᠠᠭᠰᠠᠨ | ᠡᠪᠡᠳᠴᠢᠨ ᠤ ᠵᠢᠱᠢᠶ᠎ᠡ 2 ᠪᠣᠶ︶ ᠪᠠᠶᠢᠵᠤ᠂ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ | ᠡᠮᠴᠢᠯᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |