ᠲᠦᠴᠢᠦᠸᠠᠨ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/12/19
  ᠣᠳᠣᠬᠠᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠢᠯᠠᠩᠭᠤᠶ᠎ᠠ ᠰᠢᠨ᠎ᠡ ᠵᠢᠯ᠂ ᠴᠠᠭᠠᠨ ᠰᠠᠷ᠎ᠠ ᠣᠶᠢᠷᠠᠲᠤᠵᠤ᠂ ᠬᠥᠮᠦᠰ ᠤᠨ ᠰᠢᠯᠵᠢᠯᠲᠡ ᠳᠠᠭᠠᠯᠳᠤᠨ ᠨᠡᠮᠡᠭᠳᠡᠵᠦ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠴᠦ ᠳᠠᠭᠠᠯᠳᠤᠨ ᠨᠡᠮᠡᠭᠳᠡᠵᠦ᠂ ᠮᠠᠨ ᠤ ᠰᠢᠶᠠᠨ ᠤ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ᠣᠲᠣ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠃    ᠨᠢᠭᠡ᠂ ᠬᠡᠷᠪᠡ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ ᠳᠤ ᠭᠦᠷᠪᠡᠯ᠂ ᠬᠦᠨᠳᠦ ᠨᠣᠴᠢᠲᠠᠶ ᠤᠷᠰᠢᠭ ᠲᠠᠲᠠᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃    ᠬᠤᠶᠠᠷ᠂ ᠭᠠᠳᠠᠷ ᠮᠤᠵᠢ ᠬᠤᠲᠠ ᠠᠴᠠ ᠬᠢᠯᠢ ᠳᠤ ᠣᠷᠣᠵᠤ ᠢᠷᠡᠭᠰᠡᠨ ᠪᠥᠭᠡᠳ ᠲᠥᠪᠯᠡᠷᠡᠭᠦᠯᠦᠨ ᠲᠤᠰᠠᠭᠠᠷᠯᠠᠬᠤ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ ᠮᠠᠨ ᠤ ᠰᠢᠶᠠᠨ ᠳᠤ ᠪᠤᠴᠠᠬᠤ ᠬᠥᠮᠦᠰ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ +7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠬᠡᠷᠡᠭᠵᠢᠭᠦᠯᠦᠨ᠎ᠡ᠃ ᠲᠤᠰᠠᠭᠠᠷᠯᠠᠬᠤ ᠭᠠᠵᠠᠷ ᠲᠤ ᠦᠷᠭᠦᠯᠵᠢᠯᠡᠨ ᠥᠪᠡᠷ ᠤᠨ ᠡᠷᠡᠭᠦᠯ ᠮᠡᠨᠳᠦ  ᠶᠢᠨ ᠬᠢᠨᠠᠨ ᠬᠡᠮᠵᠢᠯᠲᠡ ᠬᠢᠵᠦ 14 ᠡᠳᠦᠷ ᠪᠠᠶᠢᠪᠠᠯ᠂ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠰᠢᠶᠠᠨ ᠳᠠᠭᠠᠨ ᠪᠤᠴᠠᠵᠤ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠥᠬᠡᠶ᠂ ᠵᠥᠪᠬᠡᠨ 7 ᠡᠳᠦᠷ ᠬᠡᠷ ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ᠃    ᠭᠤᠷᠪᠠ᠂ ᠴᠢᠬᠤᠯᠠ ᠪᠤᠰᠤ᠂ ᠬᠢᠯᠢ ᠠᠴᠠ ᠭᠠᠷᠬᠤ ᠥᠬᠡᠶ᠂ ᠴᠢᠬᠤᠯᠠ ᠪᠤᠰᠤ᠂ ᠠᠶᠢᠮᠠᠭ ᠠᠴᠠ ᠭᠠᠷᠬᠤ ᠥᠬᠡᠶ᠂ ᠴᠢᠬᠤᠯᠠ ᠪᠤᠰᠤ᠂ ᠰᠢᠶᠠᠨ ᠠᠴᠠ ᠭᠠᠷᠬᠤ ᠥᠬᠡᠶ ᠪᠠᠶᠢᠬᠤ ᠶᠢ ᠪᠠᠷᠢᠮᠲᠠᠯᠠᠵᠤ᠂ ᠢᠯᠠᠩᠭᠤᠶ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠪᠠ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠳᠤ ᠣᠴᠢᠬᠤ ᠥᠬᠡᠶ᠂ ᠬᠡᠷᠪᠡ ᠵᠠᠪᠠᠯ ᠣᠴᠢᠬᠤ ᠴᠢᠬᠤᠯᠠᠲᠠᠶ ᠪᠣᠯ᠂ ᠣᠴᠢᠵᠤ ᠢᠷᠡᠬᠦ ᠠᠴᠠ ᠪᠠᠨ ᠡᠮᠦᠨ᠎ᠡ ᠰᠠᠨᠠᠭᠠᠴᠢᠯᠠᠭ᠎ᠠ ᠠᠴᠠ ᠪᠠᠨ ᠪᠠᠶᠢᠭ᠎ᠠ ᠲᠣᠰᠬᠤᠨ᠂ ᠨᠡᠶᠢᠭᠡᠮ ᠲᠣᠭᠤᠷᠢᠭ᠂ ᠨᠢᠭᠡᠴᠡ ᠳᠡᠭᠡᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠴᠤᠭᠯᠠᠭᠠᠨ ᠴᠤᠭᠯᠠᠭᠠᠨ ᠡᠷᠬᠢᠯᠡᠬᠦ ᠴᠢᠬᠤᠯᠠ ᠦᠭᠡᠶ ᠪᠤᠶᠤ ᠣᠷᠣᠯᠴᠠᠬᠤ ᠦᠭᠡᠶ ᠪᠠᠶᠢᠵᠤ᠂ ᠦᠨᠡᠨᠬᠦ ᠡᠷᠬᠢᠯᠡᠬᠦ ᠴᠢᠬᠤᠯᠠ ᠲᠠᠢ ᠪᠣᠯ 10 ᠬᠥᠮᠦᠨ ᠠᠴᠠ ᠳᠣᠷᠣᠭᠰᠢ ᠪᠠᠷ ᠬᠢᠵᠠᠭᠠᠷᠯᠠᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃   ᠳᠥᠷᠪᠡ᠂ ᠭᠠᠳᠠᠨ᠎ᠠ ᠪᠠᠶᠢᠭ᠎ᠠ ᠬᠥᠮᠦᠰ ᠤᠨ ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ ᠰᠠᠨᠠᠭᠠᠴᠢᠯᠠᠵᠤ᠂ ᠬᠥᠮᠦᠰ  ᠤᠨ ᠰᠢᠯᠵᠢᠯᠲᠡ ᠬᠢᠬᠦ ᠶᠢ ᠪᠠᠭᠠᠰᠬᠠᠬᠤ ᠬᠡᠷᠡᠭᠲᠡᠶ᠂ ᠦᠨᠡᠨ ᠬᠦ ᠰᠢᠶᠠᠨ ᠳᠠᠭᠠᠨ ᠪᠤᠴᠠᠬᠤ ᠴᠢᠬᠤᠯᠠ ᠲᠠᠢ ᠪᠣᠯ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠰᠦᠯᠵᠢᠶᠡᠨ ᠳᠡᠭᠡᠷ᠎ᠡ ᠰᠢᠨ᠎ᠡ ᠶᠢᠨ ᠵᠣᠯᠭᠠᠯᠲᠠ ᠬᠢᠬᠦ ᠶᠢ ᠰᠠᠨᠠᠭᠠᠴᠢᠯᠠᠵᠤ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠬᠤ ᠶᠢ ᠪᠠᠭᠠᠰᠬᠠᠨ᠎ᠠ᠃    ᠲᠠᠪᠤ᠂ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠨᠦᠭᠦᠳ ᠳᠠᠭᠠᠭᠠᠴᠢᠯᠠᠨ ᠬᠤᠯᠪᠣᠭᠠᠯᠠᠬᠤ ᠰᠠᠭᠤᠭᠠᠯᠢ ᠲᠣᠭᠤᠷᠢᠭ ᠤᠨ ᠣᠷᠣᠰᠢᠨ ᠰᠠᠭᠤᠭ᠎ᠠ ᠬᠥᠮᠦᠨ ᠠᠮᠠ ᠶᠢᠨ ᠪᠠᠶᠢᠳᠠᠯ ᠢ ᠨᠢᠭᠡ ᠤᠳᠠᠭ᠎ᠠ ᠪᠥᠬᠦ ᠲᠠᠯ᠎ᠠ ᠪᠠᠷ ᠤᠶᠢᠯᠠᠭᠠᠨ ᠵᠢᠭᠰᠠᠭᠠᠨ ᠪᠠᠶᠢᠴᠠᠭᠠᠬᠤ ᠶᠢᠨ ᠬᠠᠮᠲᠤ᠂ ᠬᠥᠮᠦᠨ ᠠᠮᠠ ᠶᠢᠨ ᠮᠡᠳᠡᠭᠡ ᠵᠠᠩᠭᠢ ᠶᠢᠨ ᠬᠥᠳᠡᠯᠦᠩᠭᠦᠶ ᠬᠢᠨᠠᠨ ᠡᠵᠡᠮᠳᠡᠬᠦ ᠲᠦᠷᠢᠮ ᠢ ᠪᠠᠶᠢᠭᠤᠯᠵᠤ᠂ ᠴᠠᠭ ᠲᠤᠬᠠᠶ ᠳᠤ ᠨᠢ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠶ ᠬᠠᠮᠵᠢᠯᠴᠠᠬᠤ ᠶᠢ ᠭᠤᠶᠤᠴᠢᠯᠠᠨ᠎ᠠ᠃    ᠵᠢᠷᠭᠤᠭ᠎ᠠ᠂ ᠰᠢᠶᠠᠨ ᠤ ᠳᠣᠲᠣᠷᠠᠬᠢ ᠨᠣᠮ ᠤᠨ ᠰᠠᠩ᠂ ᠤᠮᠪᠠᠯᠲᠠ ᠶᠢᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ᠂ ᠮᠦᠽᠧᠶ᠂ ᠺᠢᠨᠣ᠋ ᠵᠦᠴᠦᠭᠡ ᠶᠢᠨ ᠲᠢᠶᠠᠲᠷ᠂ KTV᠂ ᠳᠠᠭᠤᠤ ᠪᠥᠵᠢᠭ ᠤᠨ ᠲᠢᠩᠬᠢᠮ᠂ ᠪᠡᠶ᠎ᠡ ᠤᠬᠢᠶᠠᠬᠤ ᠲᠥᠪ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠢ ᠲᠣᠭᠲᠠᠭᠰᠠᠨ ᠬᠥᠮᠦᠨ ᠤ ᠲᠤᠭ᠎ᠠ ᠶᠢᠨ 50 % ᠪᠠᠷ ᠤᠷᠢᠳᠴᠢᠯᠠᠨ ᠪᠣᠯᠵᠣᠵᠤ ᠤᠷᠤᠰᠬᠠᠯ ᠢ ᠬᠢᠵᠠᠭᠠᠷᠯᠠᠨ ᠨᠡᠭᠡᠭᠡᠵᠦ᠂ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ᠠᠮᠠᠪᠴᠢ ᠵᠡᠭᠦᠬᠦ᠂ ᠠᠷᠢᠭᠤᠳᠬᠠᠵᠤ ᠠᠷᠢᠭᠤᠳᠬᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃   ᠳᠣᠯᠤᠭ᠎ᠠ᠂ ᠴᠢᠬᠤᠯᠠ ᠪᠤᠰᠤ ᠵᠦᠶᠯ ᠪᠣᠯ ᠴᠤᠭᠯᠠᠭ᠎ᠠ ᠮᠠᠶᠢᠮᠠᠶ᠂ ᠴᠤᠭᠯᠠᠭᠠᠨ᠂ ᠦᠵᠡᠰᠬᠦᠯᠡᠩ ᠤᠨ ᠴᠤᠭᠯᠠᠭᠠᠨ᠂ ᠲᠣᠮᠣ ᠬᠡᠯᠪᠡᠷᠢ ᠶᠢᠨ ᠱᠠᠰᠢᠨ ᠰᠤᠷᠲᠠᠬᠤᠨ ᠤ ᠠᠵᠢᠯᠯᠠᠭ᠎ᠠ᠂ ᠤᠷᠠᠨ ᠰᠠᠶᠢᠬᠠᠨ ᠤ ᠲᠣᠭᠯᠠᠯᠲᠠ᠂ ᠪᠡᠶ᠎ᠡ ᠶᠢᠨ ᠲᠠᠮᠢᠷ  ᠤᠨ ᠤᠷᠤᠯᠳᠤᠭᠠᠨ᠂ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ᠂ ᠬᠠᠮᠲᠤᠷᠠᠭᠰᠠᠨ ᠨᠠᠶᠢᠷ ᠨᠠᠭᠠᠳᠤᠮ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠵᠦ ᠪᠣᠯᠬᠤ ᠥᠬᠡᠶ᠂ ᠦᠨᠡᠬᠡᠷ ᠡᠷᠭᠢᠯᠡᠬᠦ ᠴᠢᠬᠤᠯᠠᠲᠠᠶ ᠪᠣᠯ ︽ᠬᠡᠨ ᠬᠢᠨᠠᠨ ᠵᠥᠪᠰᠢᠶᠡᠷᠡᠪᠡᠯ ᠲᠡᠷᠡ ᠬᠠᠷᠢᠭᠤᠴᠠᠬᠤ︾ ︽ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ︽ᠬᠡᠨ ᠭᠤᠤᠯᠯᠠᠨ ᠡᠷᠭᠢᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃   ᠨᠠᠶᠮᠠ᠂ ᠤᠯᠠᠭᠠᠨ ᠴᠠᠭᠠᠨ ᠤ ᠶᠠᠪᠤᠳᠠᠯ ᠢ ᠳᠥᠭᠦᠮ ᠡᠷᠬᠢᠯᠡᠵᠦ᠂ ᠮᠤᠵᠢ ᠶᠢᠨ ᠭᠠᠳᠠᠨᠠᠬᠢ ᠵᠢᠭᠤᠯᠴᠢᠯᠠᠯ ᠤᠨ ᠪᠦᠯᠬᠦᠮ ᠳᠤᠭᠤᠶᠢᠯᠠᠩ ᠤᠨ ᠲᠤᠬᠠᠶᠢᠯᠠᠭᠰᠠᠨ ᠠᠵᠢᠯ ᠢ ᠦᠷᠭᠦᠯᠵᠢᠯᠡᠨ ᠵᠣᠭᠰᠣᠭᠠᠬᠤ ᠪᠠ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠢ ᠮᠠᠨ ᠤ ᠰᠢᠶᠠᠨ ᠳᠤ ᠣᠷᠣᠭᠤᠯᠬᠤ ᠶᠢ ᠲᠦᠷ ᠵᠣᠭᠰᠣᠭᠠᠬᠤ ᠬᠡᠷᠡᠭᠲᠡᠶ ᠃ ᠥᠷᠭᠡᠨ ᠣᠯᠠᠨ ᠰᠠᠭᠤᠭᠠᠯᠢ ᠠᠷᠠᠳ ᠭᠠᠳᠠᠭᠠᠳᠤ ᠶᠢᠨ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠲᠦᠷᠭᠡᠨ ᠬᠦᠷᠭᠡᠬᠦ ᠲᠠᠸᠠᠷ ᠢ ᠰᠢᠦᠳᠠᠨ ᠢᠶᠠᠷ ᠬᠤᠳᠠᠯᠳᠤᠨ ᠠᠪᠴᠤ ᠪᠣᠯᠬᠤ ᠦᠭᠡᠶ᠂ ᠲᠦᠷᠭᠡᠨ ᠬᠦᠷᠭᠡᠯᠲᠡ ᠶᠢ ᠬᠦᠯᠢᠶᠡᠨ ᠠᠪᠬᠤ ᠳᠠᠭᠠᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ᠂ ᠰᠦᠯᠵᠢᠶ᠎ᠡ ᠪᠠᠷ ᠬᠤᠳᠠᠯᠳᠤᠨ ᠠᠪᠤᠭᠰᠠᠨ ᠲᠠᠸᠠᠷ ᠤᠨ ᠭᠠᠳᠠᠷ ᠪᠣᠭᠤᠳᠠᠯ ᠵᠢᠴᠢ ᠳᠣᠲᠣᠭᠠᠳᠤ ᠶᠢᠨ ᠡᠳ᠋ ᠪᠣᠳᠠᠰ ᠢ ᠠᠷᠢᠭᠤᠳᠬᠠᠨ ᠰᠢᠶᠳᠪᠦᠷᠢᠯᠡᠬᠦ ᠬᠡᠷᠡᠭᠲᠡᠶ᠃   ᠶᠢᠰᠦ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠮᠥᠨ ᠬᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠨᠥᠬᠦᠴᠡᠯ ᠳᠤ ᠨᠡᠶᠢᠴᠡᠬᠦ 3 ᠠᠴᠠ 11 ᠪᠦᠬᠦᠯᠢ ᠨᠠᠰᠤᠨ ᠤ ᠬᠡᠦᠬᠡᠳ᠂ 60 ᠪᠦᠬᠦᠯᠢ ᠨᠠᠰᠤᠨ ᠠᠴᠠ ᠳᠡᠭᠡᠭᠰᠢᠬᠢ ᠬᠥᠮᠦᠰ᠂ ᠸᠠᠺᠼᠢᠨ ᠤ ᠲᠠᠷᠢᠯᠭ᠎ᠠ  ᠶᠢ ᠴᠢᠩᠭᠠᠳᠬᠠᠬᠤ ᠡᠭᠡᠯᠢᠯᠡᠭᠡ ᠶᠢᠨ ᠲᠠᠷᠢᠯᠭ᠎ᠠ ᠬᠢᠬᠦ ᠬᠥᠮᠦᠰ ᠢ ᠲᠦᠷᠭᠡᠬᠡᠨ ᠲᠠᠷᠢᠯᠭ᠎ᠠ ᠬᠢᠯᠭᠡᠭᠡᠷᠡᠶ᠃                                     2021 ᠣᠨ ᠤ 12 ᠳ᠋ᠤᠭᠠᠷ ᠰᠠᠷ᠎ᠠ ᠶᠢᠨ 18 ᠤ ᠡᠳᠦᠷ  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号