ᠰᠦᠬᠡ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/20
   12 ᠳ᠋ᠤᠭᠠᠷ ᠰᠠᠷ᠎ᠠ ᠶᠢᠨ 15 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠶ᠋ᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠶᠠᠩ ᠲᠢᠶᠠᠨ ᠬᠤ᠋᠂ ᠬᠤᠷᠸ᠎ᠠ᠂ ᠴᠢᠦᠶ ᠵᠧᠨ ᠨᠢᠶᠠᠨ᠂ ᠯᠢᠦ ᠮᠢᠨ᠂ ᠯᠢᠶᠠᠩ ᠶᠠᠨ ᠵᠢᠶᠦ᠋ᠨ᠂ ᠰᠦᠨ ᠳᠤ ᠮᠢᠨ᠂ ᠵᠠᠩ ᠪᠢᠩ ᠢᠦᠶ᠂ ᠸᠠᠩ ᠴᠦᠨ ᠢᠦ ᠰᠤᠷᠤᠯᠴᠠᠯᠭ᠎ᠠ ᠳᠤ ᠣᠷᠣᠯᠴᠠᠵᠤ᠂ ᠠᠶᠢᠮᠠᠭ ᠤᠨ ᠳᠡᠳ᠋ ᠳᠠᠷᠤᠭ᠎ᠠ ᠾᠧ ᠸᠧᠶ ᠯᠢ ᠬᠤᠷᠠᠯ ᠳᠤ ᠰᠤᠯᠠ ᠣᠷᠣᠯᠴᠠᠪᠠ᠃    ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠠᠴᠠ ᠡᠮᠦᠨ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠭᠤᠣᠯ ᠰᠡᠳᠦᠪ ᠤᠨ ᠲᠣᠭᠤᠷᠢᠨ ᠳᠤ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠬᠤ ᠮᠠᠲᠧᠷᠢᠶᠠᠯ ᠢ ᠨᠠᠷᠢᠨ ᠬᠢᠨᠠᠮᠠᠭᠠᠢ ᠲᠤᠭᠤᠷᠪᠢᠪᠠ᠃ ᠬᠤᠷᠠᠯ ᠳᠡᠭᠡᠷ᠎ᠡ᠂ ᠤᠯᠠᠨ ᠢᠶᠠᠷ ᠢᠶᠠᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠭᠦᠨᠵᠡᠭᠡᠢ ᠰᠣᠯᠢᠯᠴᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠰᠠᠨᠠᠯ ᠪᠣᠯᠤᠨ ᠠᠵᠢᠯ ᠤᠨ ᠲᠥᠯᠥᠪᠯᠡᠭᠡ ᠪᠠᠨ ᠨᠠᠷᠢᠨ ᠨᠢᠭᠲᠠ ᠶᠠᠷᠢᠪᠠ᠃     ᠰᠦᠬᠡ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ︽ᠲᠦᠷᠪᠡᠨ ᠤᠬᠠᠮᠰᠠᠷ ︾ ᠢᠶᠠᠨ ᠲᠠᠰᠤᠷᠠᠯᠳᠡ ᠦᠭᠡᠢ ᠴᠢᠩᠭᠠᠳᠬᠠᠵᠤ᠂ ︽ᠲᠦᠷᠪᠡᠨ ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ᠂ ︽ᠤᠯᠤᠰ ᠤᠨ ᠲᠤᠮᠤ ᠬᠥᠮᠦᠰ ︾ ᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠷᠠᠯ ᠤᠨ ᠵᠣᠷᠢᠭ ᠰᠠᠨᠠᠭ᠎ᠠ ᠶᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠵᠢᠯ ᠤᠨ ᠰᠡᠭᠦᠯᠴᠢ ᠵᠢᠯ ᠤᠨ ᠰᠡᠭᠦᠯᠴᠢ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠷᠡᠬᠦ ᠵᠢᠯ ᠤᠨ ᠲᠥᠯᠥᠪᠯᠡᠭᠡ ᠶᠢ ᠭᠦᠨᠵᠡᠭᠡᠢ ᠰᠤᠳᠤᠯᠤᠨ ᠰᠦᠪᠡᠭᠴᠢᠯᠡᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨᠬᠦ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃      ᠰᠦᠬᠡ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠲᠠᠶᠢᠱᠠᠨ ᠠᠭᠤᠯᠠᠨ ᠠᠴᠠ ᠬᠦᠨᠳᠦ ᠶᠤᠮ᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠤᠯᠤᠰ ᠲᠦᠷᠦ ᠶᠢᠨ ᠲᠠᠯ᠎ᠠ ᠠᠴᠠ ᠦᠨᠡᠨᠬᠦ ᠲᠠᠨᠢᠨ ᠡᠵᠡᠮᠰᠢᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ︾ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠡᠷᠬᠡᠪᠰᠢ ︾ ᠶᠢᠨ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ᠬᠤᠷᠠᠯ ᠳᠤ ᠣᠷᠣᠯᠴᠠᠭᠰᠠᠳ ᠪᠠᠰᠠ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ — ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠶ᠎ᠠ ︾ ᠭᠡᠬᠦ ᠲᠧᠯᠸᠢᠰ ᠤᠨ ᠲᠤᠰᠬᠠᠢ ᠰᠡᠳᠦᠪᠲᠦ ᠹᠢᠯᠢᠮ ᠢ ᠬᠠᠮᠲᠤ ᠪᠠᠷ ᠰᠣᠨᠢᠷᠬᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号