ᠪᠦᠬᠦ ᠠᠶᠢᠮᠠᠭ ᠤᠨ ᠰᠢᠶᠠᠨ ᠰᠢᠶᠠᠩ ᠤᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠢᠯᠣᠭᠤᠳᠬᠤ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/20
     12 ᠳ᠋ᠤᠭᠠᠷ ᠰᠠᠷ᠎ᠠ ᠶᠢᠨ 14 ᠤ ᠡᠳᠦᠷ᠂ ᠪᠥᠬᠦ ᠠᠶᠢᠮᠠᠭ ᠤᠨ ᠰᠢᠶᠠᠨ ᠰᠢᠶᠠᠩ ᠤᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠶᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠣᠯᠪᠠᠰᠤᠷᠠᠯ ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠬᠤᠭᠤᠴᠠᠭ᠎ᠠ ᠰᠣᠯᠢᠬᠤ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠳ᠋ᠦᠩ ᠬᠤ ᠱᠧᠩ ᠬᠤᠷᠠᠯ ᠳᠤ ᠣᠷᠣᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠠᠴᠠ ᠰᠢᠶᠠᠨ ᠰᠢᠶᠠᠩ ᠤᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠶᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠠᠵᠢᠯ ᠢ ᠲᠤᠬᠢᠷᠠᠭᠤᠯᠤᠨ ᠠᠬᠢᠭᠤᠯᠤᠭᠰᠠᠨ ᠪᠥᠭᠡᠳ ᠬᠤᠰᠢᠭᠤ ᠰᠢᠶᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠶᠢ ᠱᠠᠯᠠᠪᠳᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠬᠦ ᠲᠤᠬᠠᠢ ᠪᠣᠯᠪᠠᠰᠤᠷᠠᠯ ᠬᠢᠵᠡᠢ᠃      ᠬᠤᠷᠠᠯ ᠠᠴᠠ᠂ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠶᠢ ᠴᠢᠩᠭᠠᠳᠬᠠᠬᠤ ᠪᠣᠯ ᠲᠥᠪ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠤᠨ᠎ᠠ᠂ ᠬᠤᠭᠤᠴᠠᠭ᠎ᠠ ᠰᠣᠯᠢᠬᠤ ᠠᠵᠢᠯ ᠤᠨ ᠡᠷᠡᠭᠦᠯ ᠪᠥᠭᠡᠳ ᠡᠮᠬᠢ ᠳᠢᠭᠯᠢᠮ ᠲᠠᠢ ᠲᠣᠭᠲᠠᠭᠤᠨ ᠪᠠᠶᠢᠬᠤ ᠶᠢ ᠪᠠᠲᠤᠯᠠᠬᠤ ᠬᠦᠴᠦᠲᠡᠢ ᠭᠠᠷᠳᠠᠴᠠ ᠪᠣᠯᠤᠨ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠪᠤᠢ ᠪᠣᠯᠭᠠᠬᠤ ᠴᠢᠬᠤᠯᠠ ᠪᠠᠲᠤᠯᠠᠭ᠎ᠠ ᠪᠣᠯᠤᠨ᠎ᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠨᠠᠨ ᠵᠢᠯᠣᠭᠤᠳᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠭᠤᠤᠯᠳᠠᠯᠭ᠎ᠠ ᠲᠠᠢ ᠡᠲᠡᠭᠡᠳ᠂ ᠲᠥᠯᠥᠭᠡᠯᠡᠭᠴᠢ ᠭᠡᠰᠢᠭᠦᠨ ᠢ ᠰᠣᠩᠭᠤᠨ ᠭᠠᠷᠭᠠᠬᠤ᠂ ᠶᠡᠭᠡ ᠬᠤᠷᠠᠯ ᠤᠨ ᠰᠣᠩᠭᠤᠭᠤᠯᠢ ᠶᠢᠨ ᠵᠠᠩᠭᠢᠯᠠᠭ᠎ᠠ ᠶᠢᠨ ᠴᠡᠭ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠶᠢ ᠴᠢᠩᠭ᠎ᠠ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠬᠢᠨᠠᠨ ᠵᠢᠯᠣᠭᠤᠳᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠶ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠤᠷᠤᠯᠴᠠᠯᠭ᠎ᠠ ᠪᠠᠨ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠢ ᠭᠠᠵᠠᠷ ᠲᠤ ᠭᠦᠨᠵᠡᠭᠡᠶᠢᠷᠡᠵᠦ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠪᠦᠯᠬᠦᠮᠳᠡᠨ ᠬᠠᠮᠵᠢᠯᠴᠠᠵᠤ᠂ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠬᠥᠮᠦᠰ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠠᠵᠢᠯ ᠤᠨ ᠬᠠᠯᠠᠭᠤᠨ ᠰᠡᠳᠬᠢᠯᠭᠡ ᠪᠠ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠠᠵᠢᠯ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠠᠶᠢᠮᠠᠭ ᠤᠨ ᠬᠤᠭᠤᠴᠠᠭ᠎ᠠ ᠰᠣᠯᠢᠬᠤ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号