ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/22
   12 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠢᠩᠭᠠᠨ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠥᠭᠡᠷᠡᠴᠢᠯᠡᠯᠲᠡ ᠨᠡᠭᠡᠭᠡᠯᠲᠡ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ︽ᠵᠤᠭᠠᠴᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠤᠬᠠᠶ ᠰᠠᠨᠠᠯ ︵ᠵᠠᠰᠠᠪᠤᠷᠢ ᠣᠷᠣᠭᠤᠯᠤᠭᠰᠠᠨ ᠬᠡᠪᠯᠡᠯ︶︾ ︽ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ︽ᠬᠢᠩᠭᠠᠨ ᠠᠶᠢᠮᠠᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾  ᠢ ᠬᠢᠨᠠᠨ ᠵᠥᠪᠯᠡᠵᠦ ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠵᠡᠷᠭᠡ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃     ᠬᠤᠷᠠᠯ ᠠᠴᠠ ᠵᠢᠭᠠᠵᠦ ᠭᠠᠷᠭᠠᠭᠰᠠᠨ ᠨᠢ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢᠨ ᠭᠤᠣᠯ ᠭᠠᠷᠳᠠᠴᠠ ᠮᠥᠨ᠂ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥᠯ ᠵᠦᠢᠯ ᠢ ᠲᠥᠯᠥᠪᠵᠢᠭᠦᠯᠬᠦ ᠪᠠ ᠠᠬᠢᠭᠤᠯᠬᠤ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭ᠊ ᠭᠦᠢᠴᠡᠳᠭᠡᠬᠦ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠨ ᠪᠣᠳᠠᠲᠠᠶᠢᠵᠢᠭᠤᠯᠵᠤ᠂ ᠬᠦᠴᠦᠨ ᠲᠡᠭᠦᠯᠳᠡᠷ ᠠᠷᠭ᠎ᠠ ᠬᠡᠮᠵᠢᠶ᠎ᠡ ᠠᠪᠴᠤ᠂ ᠴᠠᠭ ᠢ ᠠᠮᠵᠢᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠠᠶᠢᠮᠠᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠭᠡᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠥᠭᠡᠷᠡᠴᠢᠯᠡᠯᠲᠡ ᠨᠡᠭᠡᠭᠡᠯᠲᠡ ᠶᠢᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ ᠨᠢ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠳᠤ ᠴᠢᠬᠤᠯᠠ ᠶᠡᠭᠡ ᠠᠴᠢ ᠰᠢᠨ᠎ᠡ ᠬᠡᠷᠡᠭᠯᠡᠭᠡ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠭᠤᠤᠯᠯᠠᠭᠤᠯᠤᠨ᠂ ᠦᠢᠯᠡᠴᠢᠯᠡᠭᠡᠨ ᠤ ᠬᠦᠷᠢᠶᠡᠨ ᠳᠠᠬᠢ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠦᠢᠯᠡᠴᠢᠯᠡᠭᠡᠨ ᠤ ᠬᠡᠷᠡᠭᠯᠡᠭᠡ ᠬᠠᠩᠭᠠᠯᠭ᠎ᠠ ᠶᠢ ᠰᠢᠯᠢᠳᠡᠭᠵᠢᠭᠦᠯᠵᠦ᠂ ᠮᠠᠨ ᠤ ᠠᠶᠢᠮᠠᠭ ᠤᠨ ᠦᠢᠯᠡᠴᠢᠯᠡᠭᠡᠨ ᠤ ᠦᠢᠯᠡᠰ  ᠤᠨ ᠬᠥᠭᠵᠢᠯᠲᠡ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠵᠤᠭᠠᠴᠠᠯ ᠤᠨ ᠦᠢᠯᠡᠰ ᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠠᠴᠢᠶᠠᠯᠠᠪᠤᠷᠢ ᠶᠢ ᠴᠢᠩᠭᠠᠳᠬᠠᠵᠤ᠂ ᠬᠥᠭᠵᠢᠯᠲᠡ ᠶᠢᠨ ᠵᠠᠭᠪᠤᠷ ᠢ ᠪᠠᠶᠠᠯᠢᠭᠵᠢᠭᠤᠯᠵᠤ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯᠯᠠᠭᠴᠢ ᠮᠡᠷᠭᠡᠵᠢᠯ ᠤᠨ ᠰᠢᠪᠲᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ᠃ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠣᠯᠠᠨ ᠶᠠᠩᠵᠤ ᠶᠢᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠢᠳᠡᠪᠬᠢᠲᠡᠶ ᠪᠠᠷ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠠᠶᠢᠮᠠᠭ ᠤᠨ ᠤᠳᠤᠷᠢᠳᠤᠯᠭ᠎ᠠ ᠵᠢᠶᠠᠩ ᠲᠢᠶᠠᠨ ᠬᠤ᠋᠂ ᠬᠤᠩ ᠭᠤᠸᠠᠨ᠂ ᠴᠢᠦᠶ ᠵᠧᠨ ᠨᠢᠶᠠᠨ᠂ ᠼᠤᠤ ᠺᠠᠶ ᠬᠤᠩ᠂ ᠾᠧ ᠸᠧᠶ ᠯᠢ᠂ ᠯᠢᠦ ᠮᠢᠨ᠂ ᠯᠢᠶᠠᠩ ᠶᠠᠨ ᠵᠢᠶᠦ᠋ᠨ᠂ ᠰᠦᠨ ᠳ᠋ᠧ ᠮᠢᠨ ᠬᠤᠷᠠᠯ ᠳᠤ ᠣᠷᠣᠯᠴᠠᠵᠠᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号