ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/23
    12 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠪᠦᠬᠦ ᠠᠶᠢᠮᠠᠭ ᠤᠨ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠪᠠᠶᠢᠴᠠᠭᠠᠨ ᠰᠢᠢᠳᠪᠦᠷᠢᠯᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠮᠡᠳᠡᠭᠳᠡᠵᠦ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠰᠤᠷᠭᠠᠮᠵᠢ ᠠᠪᠴᠤ᠂ ᠡᠭᠦᠨ ᠢᠶᠠᠷ ᠲᠤᠯᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠰᠡᠷᠡᠮᠵᠢᠯᠡᠭᠦᠯᠪᠡ     ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠵᠢᠶᠠᠨ ᠰᠢ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠶᠢᠨ ᠡᠷᠬᠢᠯᠡᠭᠴᠢ ᠰᠢᠤᠢ ᠵᠦᠸᠧ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠱᠦ ᠴᠧᠩ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠪᠠᠭ ᠤᠨ ᠪᠦᠷᠢᠯᠳᠦᠬᠦᠨ ᠪᠠ ᠠᠷᠠᠳ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠵᠢᠴᠢ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠵᠠᠬᠢᠷᠤᠯ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ  ᠤᠨ ᠡᠷᠬᠢᠯᠡᠭᠴᠢ ᠵᠠᠩ ᠯᠢ ᠬᠤᠸᠠ ᠬᠤᠷᠠᠯ ᠢ ᠡᠷᠬᠢᠯᠡᠵᠡᠢ᠃     ᠬᠤᠷᠠᠯ ᠠᠴᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ︾ ᠶᠢ ᠵᠣᠬᠢᠶᠠᠨ ᠪᠠᠶᠢᠭᠤᠯᠤᠨ ᠦᠵᠡᠪᠡ᠃     ᠬᠤᠷᠠᠯ ᠠᠴᠠ ᠵᠢᠭᠠᠵᠦ ᠭᠠᠷᠭᠠᠭᠰᠠᠨ ᠨᠢ᠂ ᠣᠳᠣᠬᠠᠨ ᠳᠤ ᠪᠦᠬᠦ ᠠᠶᠢᠮᠠᠭ ᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠦᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠰᠡᠷᠭᠡᠭ ᠲᠠᠨᠢᠯᠲᠠ ᠲᠠᠢ ᠪᠠᠶᠢᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢ ᠪᠣᠶ ᠪᠣᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷᠲᠤ ᠴᠢᠨᠠᠷ ᠡᠷᠡᠰ ᠪᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠶ ᠭᠡᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠪᠠᠶᠢᠴᠠᠭᠠᠨ ᠰᠢᠢᠳᠪᠦᠷᠢᠯᠡᠭᠰᠡᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠬᠡᠷᠡᠭ ᠢᠶᠠᠷ ᠲᠤᠯᠢ ᠪᠣᠯᠭᠠᠵᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠰᠤᠷᠲᠠᠯ ᠢ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠪᠠᠶᠢᠬᠤ ᠶᠢ ᠣᠷᠣᠰᠢᠨ ᠲᠣᠭᠲᠠᠨᠢᠬᠤ ᠶᠢᠨ ᠦᠨᠳᠦᠰᠦ᠂ ᠵᠠᠰᠠᠭ ᠪᠠᠷᠢᠬᠤ ᠶᠢᠨ ᠴᠢᠬᠤᠯᠠ ᠵᠦᠢᠯ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠨᠠᠮᠴᠢ ᠴᠢᠨᠠᠷ ᠤᠨ ᠪᠣᠯᠪᠠᠰᠤᠷᠠᠯ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠨᠠᠰᠤᠨ ᠲᠤᠷᠰᠢᠳᠠ ᠶᠢᠨ ᠵᠠᠪᠠᠯ ᠰᠤᠷᠬᠤ ᠬᠢᠴᠢᠶᠡᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠢᠮᠠᠭᠲᠠ ᠤᠬ ᠰᠠᠨᠠᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠰᠡᠳᠬᠢᠯ ᠰᠠᠨᠠᠭᠠᠰᠢᠷᠠᠵᠦ ᠪᠠᠶᠢᠭ᠎ᠠ ᠶᠠᠪᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠪᠡᠶ᠎ᠡ ᠪᠠᠨ ᠴᠢᠩᠭ᠎ᠠ ᠵᠠᠰᠠᠵᠤ᠂ ᠴᠠᠭ ᠢᠮᠠᠭᠲᠠ ᠪᠡᠶ᠎ᠡ ᠪᠠᠨ ᠬᠢᠴᠢᠶᠡᠵᠦ ᠪᠡᠶ᠎ᠡ ᠪᠠᠨ ᠬᠢᠨᠠᠵᠤ᠂ ᠪᠡᠶ᠎ᠡ ᠪᠠᠨ ᠰᠡᠷᠡᠮᠵᠢᠯᠡᠭᠦᠯᠦᠨ ᠪᠡᠶ᠎ᠡ ᠪᠠᠨ ᠵᠣᠷᠢᠭᠵᠢᠭᠤᠯᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ ᠪᠠᠷ ᠢᠶᠠᠨ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠠᠷᠠᠳ ᠤᠯᠠᠨ ᠤ ᠬᠦᠰᠡᠯ ᠡᠷᠡᠮᠡᠯᠵᠡᠯ ᠢ ᠬᠠᠷᠢᠭᠤᠯᠬᠤ ᠬᠡᠷᠡᠭᠲᠡᠶ ᠭᠡᠪᠡ᠃      ᠬᠤᠷᠠᠯ ᠠᠴᠠ ᠴᠢᠩᠭᠠᠳᠬᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ︽ᠴᠢᠩᠭ᠎ᠠ︾ ᠭᠡᠬᠦ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠯᠵᠢᠷᠠᠬᠤ ᠵᠣᠷᠢᠭ ᠦᠭᠡᠢ᠂ ᠢᠯᠵᠢᠷᠡᠵᠦ ᠴᠢᠳᠠᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠤᠨ ᠠᠰᠠᠭᠤᠳᠠᠯ ᠢ ᠴᠡᠭᠴᠡᠯᠡᠨ ᠵᠠᠰᠠᠵᠤ ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠠᠶᠢᠮᠠᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号