ᠼᠤᠤ ᠺᠠᠢ ᠬᠤᠩ ᠨᠠᠷ ᠮᠠᠨ ᠤ ᠰᠢᠶᠠᠨ ᠳᠤ  ᠢᠷᠡᠵᠦ  ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/12/23
   12 ᠰᠠᠷ᠎ᠠ ᠶᠢᠨ 21 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠼᠤᠤ ᠺᠠᠶ ᠬᠤᠩ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠪᠣᠣ ᠬᠥᠭᠵᠢᠯᠲᠦ ᠂ ᠳ᠋ᠠᠶ ᠯᠢ ᠮᠢᠩ ᠵᠢᠴᠢ ᠰᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ  ᠃  
    ᠼᠤᠤ ᠺᠠᠢ ᠬᠤᠩ ᠨᠠᠷ ᠤᠷᠢᠳ ᠬᠤᠵᠢᠳ ᠯᠢᠦ ᠬᠤ᠋ ᠪᠠᠯᠭᠠᠰᠤ ᠶᠢᠨ ᠲᠣᠮᠢᠯᠠᠭᠰᠠᠨ ᠰᠠᠯᠪᠤᠷᠢ᠂ ᠲᠠᠢ ᠫᠢᠩ ᠰᠢᠶᠠᠩ ᠤᠨ  ᠡᠦ ᠰᠢᠩ ᠲᠣᠰᠬᠤᠨ᠂ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠣᠯᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠭᠠᠵᠠᠷ ᠲᠤ ᠬᠦᠷᠴᠦ᠂ ᠨᠢᠭᠡ ᠦᠷᠳᠡᠭᠡᠴᠢᠯᠡᠭᠰᠡᠨ ᠦᠢᠯᠡᠴᠢᠯᠡᠭᠡᠨ ᠤ ᠲᠣᠮᠢᠯᠠᠭᠰᠠᠨ ᠰᠠᠯᠪᠤᠷᠢ ᠶᠢᠨ ᠪᠦᠳᠦᠭᠡᠨ ᠪᠠᠶᠢᠭᠤᠯᠤᠯᠲᠠ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ  ᠃     ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠼᠤᠤ ᠺᠠᠢ ᠬᠤᠩ ᠮᠠᠨ ᠤ ᠰᠢᠶᠠᠨ ᠤ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠪᠠ  ᠃ ᠲᠡᠷᠡ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ 《 ᠨᠢᠭᠡ ᠥᠷᠲᠡᠭᠡ ᠮᠠᠶ᠋ᠢᠭ 》 ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠴᠤᠩᠬᠤᠪᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠴᠤᠪᠤᠷᠠᠯ ᠢ ᠨᠠᠷᠢᠯᠢᠬᠵᠢᠭᠤᠯᠵᠤ᠂ ᠤᠴᠢᠷ ᠶᠠᠪᠤᠳᠠᠯ ᠢ ᠭᠦᠶᠴᠡᠳᠬᠡᠬᠦ ᠲᠠᠰ ᠳᠠᠷᠠᠭᠠᠯᠠᠯ᠂ ᠭᠦᠶᠴᠡᠳᠬᠡᠬᠦ ᠴᠠᠭ ᠤᠨ ᠬᠢᠵᠠᠭᠠᠷ ᠪᠠ ᠭᠦᠶᠴᠡᠳᠬᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ᠂ ᠦᠶᠯᠡᠴᠢᠯᠡᠭᠡᠨ ᠤ ᠵᠦᠭᠯᠡᠭᠦᠷ ᠢ 《 ᠦᠵᠡᠮᠡᠭᠴᠡ ᠮᠡᠳᠡᠴᠢᠬᠡᠬᠦ 》᠂ ᠮᠠᠲ᠋ᠧᠷᠢᠶᠠᠯ ᠢ ᠭᠥᠯᠢᠶᠡᠨ ᠠᠪᠴᠤ ᠰᠢᠶᠳᠪᠦᠷᠢᠯᠡᠬᠦ ᠳᠤ 《 ᠬᠠᠷᠰᠢ ᠰᠠᠭᠠᠳ ᠥᠬᠡᠶ ᠨᠡᠪᠲᠡᠷᠡᠬᠦ 》 ᠶᠢ ᠪᠡᠶᠡᠯᠡᠭᠦᠯᠬᠦ ᠬᠡᠷᠡᠭᠲᠡᠶ  ᠃ 《 ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ + ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ 》 ᠢ ᠬᠠᠷᠢᠯᠴᠠᠨ ᠤᠶᠠᠯᠳᠤᠭᠤᠯᠬᠤ ᠬᠡᠯᠪᠡᠷᠢ ᠶᠢ ᠠᠪᠴᠤ᠂ ᠣᠯᠠᠨ ᠲᠦᠮᠡᠨ ᠢ ᠴᠠᠭ ᠲᠤᠬᠠᠶ ᠳᠤᠨᠢ ᠬᠠᠪᠰᠤᠷᠤᠨ ᠲᠤᠬᠠᠶᠢᠯᠠᠭᠰᠠᠨ ᠠᠵᠢᠯ  ᠢ ᠭᠦᠶᠴᠡᠳᠬᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠰᠢᠶᠳᠪᠦᠷᠢᠯᠡᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ  ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠤᠯᠠᠨ ᠲᠠᠯ᠎ᠠ ᠪᠠᠷ ᠬᠦᠴᠦᠯᠡᠵᠦ᠂ ᠥᠷᠭᠡᠨ ᠢᠶᠠᠷ ᠤᠬᠠᠭᠤᠯᠵᠤ᠂ ᠪᠦᠬᠦ ᠠᠵᠢᠯᠲᠠᠨ ᠢ ᠴᠡᠭᠴᠡᠯᠡᠨ ᠵᠠᠰᠠᠬᠤ᠂ ᠪᠦᠬᠦ ᠠᠷᠠᠳ  ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ  ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ 《 ᠬᠠᠮᠠᠭᠠᠯᠠᠯᠲᠠ ᠶᠢᠨ ᠲᠣᠣᠷ 》 ᠢ ᠡᠷᠡᠰ ᠨᠢᠭᠲᠠ ᠰᠦᠯᠵᠢᠬᠦ ᠬᠡᠷᠡᠭᠲᠡᠢ  ᠃ ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠭᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ 《 4 ᠶᠢ 100 % 》 ᠶᠢ ᠪᠦᠬᠦᠨ ᠢ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ  ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ᠂ ᠨᠡᠶᠢᠭᠡᠮ ᠲᠣᠭᠤᠷᠢᠭ ᠵᠡᠷᠭᠡ ᠡᠯ᠎ᠡ ᠲᠠᠯ᠎ᠠ  ᠶᠢᠨ ᠬᠢᠨ ᠤ ᠬᠠᠮᠵᠢᠯᠴᠠᠨ ᠳᠠᠶᠢᠯᠠᠯᠳᠤᠭᠠᠨ ᠬᠢᠬᠦ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠴᠠᠭᠳᠠᠭᠠᠨ ᠤ ᠬᠦᠴᠦᠨ ᠢ ᠵᠣᠬᠢᠰᠲᠠᠶ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ  ᠃     ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠼᠤᠤ ᠺᠠᠢ ᠬᠤᠩ ᠪᠠᠰᠠ ᠵᠢᠦ ᠯᠦᠩ ᠰᠢᠶᠠᠩ ᠤᠨ ᠰᠢᠨ ᠹᠧᠩ ᠲᠣᠰᠬᠤᠨ᠂ ᠶᠦᠩ ᠹᠧᠩ ᠲᠣᠰᠬᠤᠨ᠂ ᠱᠦᠢ ᠴᠢᠤᠸᠠᠨ ᠪᠠᠯᠭᠠᠰᠤ ᠶᠢᠨ ᠰᠢᠶᠤᠤ ᠫᠤᠤ ᠽᠢ ᠲᠣᠰᠬᠤᠨ᠂ ᠾᠧ ᠹᠠ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠳᠠᠭᠠᠭᠠᠴᠢᠯᠠᠨ ᠬᠤᠯᠪᠣᠭᠠᠯᠠᠬᠤ ᠡᠷᠦᠬᠡ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠡᠷᠬᠢᠨ ᠦᠵᠡᠵᠦ ᠲᠣᠬᠤᠨᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠪᠠ  ᠃ ᠲᠡᠷᠡ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠬᠤ ᠬᠥᠮᠦᠨ ᠠᠮᠠ ᠶᠢᠨ ᠣᠷᠣᠯᠭ᠎ᠠ ᠵᠠᠷᠤᠯᠭ᠎ᠠ᠂ 《 ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ 》 ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ ᠪᠠᠶᠢᠩᠭᠤᠵᠢᠭᠤᠯᠤᠨ ᠬᠢᠨᠠᠨ ᠬᠡᠮᠵᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠡᠯ᠎ᠡ ᠵᠦᠶᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ  ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号