ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ  ᠤ ᠪᠠᠶᠢᠩᠭᠤ ᠶᠢᠨ ᠬᠤᠷᠢᠶ᠎ᠠ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/23
  12 ᠰᠠᠷ᠎ᠠ ᠶᠢᠨ 22 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠪᠣᠣ ᠬᠥᠭᠵᠢᠯᠲᠦ᠂ ᠴᠧᠨ ᠭᠦᠸᠧ ᠮᠢᠩ᠂ ᠵᠧᠦ ᠱᠢ ᠷᠦᠩ᠂ ᠹᠠᠩ ᠭᠦᠸᠧ ᠴᠢᠶᠠᠩ᠂ ᠨᠢᠩ ᠬᠠᠶ ᠶᠠᠨ᠂ ᠶᠠᠩ ᠪᠣᠣ ᠲᠢᠶᠠᠨ᠂ ᠽᠠᠩ ᠬᠠᠶ ᠵᠢᠶᠠ᠂ ᠯᠢᠦ ᡁᠢ ᠹᠧᠩ᠂ ᠰᠦᠨ ᠵᠧᠨ ᠬᠤᠷᠠᠯ ᠳᠤ ᠣᠷᠣᠯᠴᠠᠵᠤ᠂ ᠭᠤᠸᠠᠨ ᠯᠢ ᠴᠦᠨ᠂ ᠸᠠᠩ ᠶᠠᠨ ᠪᠥᠸᠧ ᠬᠤᠯᠪᠣᠭᠳᠠᠯ ᠪᠦᠬᠦᠢ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ  ᠃    
     ᠬᠤᠷᠠᠯ ᠠᠴᠠ 《 2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ( ᠰᠠᠨᠠᠯ ᠬᠤᠷᠢᠶᠠᠬᠤ ᠨᠣᠤᠷᠠᠭ ) 》᠂ 《 ᠲᠦᠴᠢᠦᠸᠠᠨ ᠰᠢᠶᠠᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠤᠨ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ 》᠂ 《 ᠲᠦᠴᠢᠦᠸᠠᠨ ᠰᠢᠶᠠᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠶᠯ ᠤᠨ ᠪᠠᠶᠢᠳᠠᠯ ᠤᠨ ᠮᠡᠳᠡᠭᠦᠯᠦᠯᠲᠡ ( ᠰᠠᠨᠠᠯ ᠬᠤᠷᠢᠶᠠᠬᠤ ᠨᠣᠤᠷᠠᠭ ) 》᠂ 《 ᠤᠯᠤᠰ ᠲᠥᠷᠥ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ( ᠲᠥᠰᠦᠯ ) 》᠂ 《 ᠤᠯᠤᠰ ᠲᠥᠷᠥ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ 》᠂ 《 ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ( ᠲᠥᠰᠦᠯ ) 》᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠰᠠᠨᠠᠭᠤᠯᠭ᠎ᠠ ᠶᠢᠨ ᠨᠡᠷᠡᠰ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠨ᠎ᠠ᠂ 《 2018-2021 ᠣᠨ ᠤ ᠰᠢᠶᠠᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ᠂ 2022 - 2026 ᠣᠨ ᠤ ᠡᠳ᠋ ᠤᠨ ᠵᠠᠰᠠᠭ ᠤᠨ ᠲᠥᠯᠥᠪᠵᠢᠭᠦᠯᠭᠡ ᠵᠢᠴᠢ 2022 ᠣᠨ ᠤ ᠲᠥᠰᠦᠪ ( ᠲᠥᠰᠦᠯ ) ᠤᠨ ᠲᠤᠬᠠᠢ ᠮᠡᠳᠡᠭᠦᠯᠦᠯᠲᠡ 《 ᠲᠦᠴᠢᠦᠸᠠᠨ ᠰᠢᠶᠠᠨ ᠤ 2018 - 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ᠂ 2022 - 2026 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ  ᠶᠢᠨ ᠲᠥᠰᠦᠯ᠂ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ( ᠲᠥᠰᠦᠯ ) ᠶᠢᠨ ᠮᠡᠳᠡᠭᠦᠯᠦᠯᠲᠡ 《 ᠲᠦᠴᠢᠦᠸᠠᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ 》 《 ᠲᠦᠴᠢᠦᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ 》᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃    ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ ᠠᠰᠠᠭᠤᠳᠠᠯ  ᠢ ᠪᠠᠶᠢᠴᠠᠭᠠᠨ ᠳᠡᠯᠭᠡᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ  ᠃ ᠴᠡᠭᠴᠡᠯᠡᠨ ᠰᠠᠶᠢᠵᠢᠷᠠᠭᠤᠯᠬᠤ ᠲᠠᠩᠰᠠ ᠡᠪᠬᠡᠮᠡᠯ ᠢ ᠪᠥᠬᠦ ᠲᠠᠯ᠎ᠠ ᠪᠠᠷ ᠪᠠᠶᠢᠭᠤᠯᠵᠤ᠂ ᠠᠵᠢᠯ ᠤᠨ ᠪᠠᠷᠢᠮᠵᠢᠶ᠎ᠠ ᠶᠢ ᠨᠠᠷᠢᠯᠢᠬᠵᠢᠭᠤᠯᠤᠨ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ  ᠃ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠪᠠᠷᠢᠮᠵᠢᠶ᠎ᠠ ᠲᠠᠢ ᠣᠨᠣᠪᠴᠢᠲᠠᠢ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠶᠣᠰᠣᠭᠠᠷ᠂ ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠬᠡᠷᠡᠭᠲᠡᠢ  ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠳᠣᠣᠷ᠎ᠠ ᠪᠠᠨ ᠠᠯᠪᠠᠨ ᠭᠡᠷ ᠭᠠᠷᠭᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠪᠦᠬᠦ ᠲᠠᠯ᠎ᠠ ᠪᠠᠷ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ  ᠃     ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠴᠠᠬᠤ ᠶᠢ ᠴᠢᠨᠠᠭᠰᠢᠳᠠ ᠴᠢᠩᠭᠠᠳᠬᠠᠵᠤ᠂ ᠨᠡᠩ ᠤᠯᠠᠨ ᠠᠵᠢᠯ ᠤᠨ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠢ  ᠃ ᠪᠣᠳᠠᠲᠤ ᠠᠵᠢᠯ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨ ᠮᠡᠷᠭᠡᠵᠢᠯ  ᠤᠨ ᠲᠥᠷᠥᠯ ᠵᠦᠶᠯ ᠢ ᠲᠥᠰᠦᠪᠯᠡᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠠᠭᠤᠯᠭ᠎ᠠ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠦᠶᠯᠡᠴᠢᠯᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠳᠤ ᠦᠶᠯᠡᠴᠢᠯᠡᠨ᠂ ᠰᠢᠶᠠᠨ ᠤ ᠬᠡᠪᠴᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠬᠡᠷᠡᠭᠲᠡᠶ  ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠰᠢᠶᠠᠨ ᠤ 《 ᠬᠤᠶᠠᠷ ᠬᠤᠷᠠᠯ 》 ᠤᠨ ᠬᠤᠷᠠᠯᠳᠤᠬᠤ ᠴᠠᠭ ᠢ ᠨᠢᠭᠡᠨᠲᠡ ᠲᠣᠭᠲᠠᠭᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠵᠦᠶᠯ ᠤᠨ ᠪᠡᠯᠡᠳᠬᠡᠯ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ  ᠃ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠠᠮᠵᠢᠯᠴᠠᠵᠤ᠂ ᠬᠠᠮᠵᠢᠯᠴᠠᠨ ᠪᠠᠶᠢᠯᠳᠤᠵᠤ᠂ ᠵᠠᠮ ᠬᠠᠷᠢᠯᠴᠠᠭ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠬᠤᠭᠤᠯᠠ ᠬᠤᠨᠤᠭ ᠵᠡᠷᠭᠡ ᠪᠠᠲᠤᠯᠠᠭ᠎ᠠ ᠶᠢᠨ ᠠᠵᠢᠯ ᠢ ᠴᠢᠩᠭ᠎ᠠ ᠨᠢᠮᠪᠠᠶ ᠰᠠᠶᠢᠲᠤᠷ ᠬᠢᠵᠦ᠂ ᠬᠤᠷᠠᠯ ᠳᠤ ᠣᠷᠣᠯᠴᠠᠭᠰᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠭᠤᠭ᠎ᠠ ᠭᠠᠵᠠᠷ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠬᠤᠷᠠᠯ ᠤᠨ ᠲᠠᠯᠠᠪᠠᠶ ᠶᠢ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ 《 ᠬᠤᠶᠠᠷ ᠬᠤᠷᠠᠯ 》 ᠤᠨ ᠬᠤᠭᠤᠴᠠᠭᠠᠨ ᠳᠠᠬᠢ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ  ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠤᠭ ᠵᠢᠪᠬᠤᠭ᠎ᠠ ᠶᠢ ᠪᠦᠬᠦ ᠲᠠᠯ᠎ᠠ ᠪᠠᠷ ᠢᠯᠡᠷᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ  ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠴᠢ ᠠᠷᠪᠢᠴᠢ ᠪᠠᠷ ᠬᠤᠷᠠᠯ ᠡᠷᠬᠢᠯᠡᠬᠦ ᠶᠢ ᠪᠠᠷᠢᠮᠲᠠᠯᠠᠵᠤ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠲᠥᠪ ᠴᠢᠩᠭ᠎ᠠ ᠪᠣᠯᠭᠠᠵᠤ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ 《 ᠬᠤᠶᠠᠷ ᠬᠤᠷᠠᠯ 》 ᠤᠨ ᠰᠤᠷᠲᠠᠯ ᠴᠢᠬᠡᠴᠢ ᠣᠪᠣᠷ ᠲᠥᠪ᠂ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ  ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号