ᠲᠦᠴᠢᠦᠸᠠᠨ ᠰᠢᠶᠠᠨ ᠤ ᠨᠠᠮ ᠤᠨ ᠬᠤᠷᠢᠶ᠎ᠠ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ  ᠤᠨ ᠭᠤᠤᠯ ᠳᠤᠭᠤᠶᠢᠯᠠᠩ ᠤᠨ ᠣᠨᠣᠯ ᠰᠤᠷᠤᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2021/12/23
  12 ᠰᠠᠷ᠎ᠠ ᠶᠢᠨ 22 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠭᠤᠤᠯ ᠳᠤᠭᠤᠶᠢᠯᠠᠩ ᠤᠨ ᠣᠨᠣᠯ ᠰᠤᠷᠤᠯᠴᠠᠬᠤ ᠬᠤᠷᠠᠯ  ᠢ ᠡᠷᠭᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠪᠤᠰᠤᠳ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ  ᠃    
      ᠬᠤᠷᠠᠯ ᠠᠴᠠ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠶ ᠱᠦᠵᠢ ᠰᠢ  ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠥᠬᠦᠶ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠭᠰᠡᠨ ᠮᠡᠳᠡᠭᠦᠯᠦᠯᠲᠡ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠵᠣᠷᠢᠭ ᠰᠠᠨᠠᠭ᠎ᠠ ᠪᠣᠯᠤᠨ 12 ᠰᠠᠷ᠎ᠠ ᠶᠢᠨ 6 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ  ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠨ ᠴᠢᠩᠭᠠᠳᠬᠠᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠲᠦᠷᠢᠮ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠬᠠᠤᠯᠢ ᠬᠡᠷᠡᠭᠵᠢᠭᠦᠯᠦᠯᠲᠡ ᠳᠤ ᠪᠠᠶᠢᠩᠭᠤ ᠬᠢᠨᠠᠯᠲᠠ ᠲᠠᠯᠪᠢᠵᠤ᠂ ᠪᠦᠬᠦ ᠰᠢᠶᠠᠨ ᠤ ᠨᠢᠭᠡ ᠡᠪᠡᠰᠦ ᠨᠢᠭᠡ ᠮᠣᠳᠣ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ  ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠡ ᠡᠪᠦᠯ ᠢᠷᠡᠬᠦ ᠬᠠᠪᠤᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠣᠭᠤᠷᠢᠨ ᠳᠤ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠵᠢᠵᠢᠭᠦᠷᠯᠡᠨ ᠲᠣᠬᠢᠷᠠᠭᠤᠯᠬᠤ ᠪᠠᠨ ᠴᠢᠩᠭᠠᠳᠬᠠᠵᠤ᠂ ᠭᠠᠯ ᠤᠨ ᠳᠠᠯᠳᠠ ᠬᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ  ᠃      ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠬᠥᠳᠡᠯᠦᠩᠭᠦᠢ ᠬᠢᠨᠠᠨ ᠬᠡᠮᠵᠢᠬᠦ ᠬᠠᠮᠢᠶᠠᠷᠤᠯᠲᠠ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠰᠠᠨ ᠪᠣᠯᠪᠠᠴᠤ ᠲᠣᠭᠲᠠᠭᠤᠨ ᠪᠤᠰᠤ ᠡᠷᠦᠬᠡ ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠪᠠ ᠭᠡᠨᠡᠳᠲᠡ ᠡᠭᠦᠰᠦᠭᠰᠡᠨ ᠬᠦᠨᠳᠦ ᠨᠣᠴᠢᠲᠠᠢ ᠬᠦᠴᠢᠷᠳᠡᠯᠲᠡᠢ ᠡᠷᠦᠬᠡ ᠵᠡᠷᠭᠡ ᠬᠥᠮᠦᠰ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤᠨᠢ ᠢᠯᠭᠠᠨ ᠲᠠᠨᠢᠬᠤ᠂ ᠴᠠᠭ ᠲᠤᠬᠠᠢ ᠳᠤᠨᠢ ᠣᠷᠣᠭᠤᠯᠬᠤ᠂ ᠴᠠᠭ ᠲᠤᠬᠠᠢ ᠳᠤᠨᠢ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠵᠦ᠂ ᠪᠦᠬᠦ ᠰᠢᠶᠠᠨ ᠤ ᠬᠡᠪᠴᠢᠶᠡᠨ ᠳᠤ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ  ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠠᠵᠤ ᠦᠶᠯᠡᠰ  ᠢ ᠪᠠᠬᠢᠵᠢᠭᠦᠯᠦᠨ ᠬᠥᠭᠵᠢᠭᠦᠯᠬᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠲᠥᠯᠥᠪᠵᠢᠭᠦᠯᠵᠦ᠂ ᠨᠠᠩ ᠪᠣᠳᠠᠲᠠᠶ ᠶᠢ ᠡᠷᠬᠢᠮᠯᠡᠭᠰᠡᠨ ᠬᠦᠴᠦᠲᠡᠶ ᠠᠷᠭ᠎ᠠ ᠬᠡᠮᠵᠢᠶ᠎ᠡ ᠪᠠᠷ ᠵᠠᠯᠭᠠᠮᠵᠢ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠤᠯᠤᠰ ᠲᠦᠷᠦᠴᠢ ᠴᠢᠨᠠᠷ ᠪᠣᠯᠤᠨ ᠲᠥᠪ ᠴᠢᠩᠭ᠎ᠠ ᠴᠢᠨᠠᠷ ᠢ ᠭᠦᠢᠴᠡᠳ ᠲᠠᠨᠢᠵᠤ᠂ ᠬᠤᠷᠠᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ  ᠃ ᠲᠤᠰᠬᠠᠶ ᠰᠡᠳᠦᠪᠲᠦ ᠰᠤᠷᠤᠯᠴᠠᠯᠭ᠎ᠠ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠲᠣᠭᠲᠠᠭᠠᠯᠲᠤ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠬᠡ ᠪᠢᠴᠢᠭ ᠤᠨ ᠮᠠᠲ᠋ᠧᠷᠢᠶᠠᠯ ᠢ ᠨᠠᠷᠢᠨ ᠨᠢᠮᠪᠠᠶ ᠪᠢᠴᠢᠵᠦ᠂ ᠰᠢᠭᠦᠮᠵᠢᠯᠡᠬᠦ ᠰᠠᠨᠠᠯ ᠢ ᠬᠠᠲᠠᠭᠤ ᠲᠠᠢ ᠨᠢ ᠬᠠᠯᠳᠠᠵᠤ᠂ ᠬᠠᠷᠢᠴᠠᠭᠤᠯᠤᠨ ᠪᠠᠶᠢᠴᠠᠭᠠᠬᠤ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ  ᠢ ᠰᠠᠶᠢᠲᠤᠷ ᠬᠤᠷᠠᠯᠳᠤᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号