12 ᠳ᠋ᠤᠭᠠᠷ ᠰᠠᠷ᠎ᠠ ᠶᠢᠨ 22 ᠤᠨ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/12/24
    12 ᠳ᠋ᠤᠭᠠᠷ ᠰᠠᠷ᠎ᠠ ᠶᠢᠨ 22 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠣᠷᠣᠨ ᠨᠤᠲᠤᠭ ᠤᠨ ᠳᠣᠲᠣᠯᠠᠭᠰᠠᠨ ᠡᠪᠡᠳᠴᠢᠨ ᠤ ᠵᠢᠱᠢᠶ᠎ᠡ ᠠᠴᠠ 16 ᠬᠦᠮᠦᠨ ︵ᠴᠥᠮ ᠬᠥᠯᠥᠨ ᠪᠤᠶᠢᠷ ᠤᠨ ᠮᠠᠨᠵᠤᠤᠷ ᠬᠤᠲᠠ ︶ ᠡᠳᠡᠭᠡᠷᠡᠵᠦ ᠡᠮᠨᠡᠯᠭᠡ ᠠᠴᠠ ᠭᠠᠷᠪᠠ᠃      12 ᠳ᠋ᠤᠭᠠᠷ ᠰᠠᠷ᠎ᠠ ᠶᠢᠨ 22 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 327 ︵ᠬᠥᠯᠥᠨ ᠪᠤᠶᠢᠷ ᠤᠨ ᠮᠠᠨᠵᠤᠤᠷ ᠬᠤᠲᠠ ᠳᠤ 319᠂ ᠰᠢᠨ᠎ᠡ ᠪᠠᠷᠭᠤ ᠪᠠᠷᠠᠭᠤᠨ ᠬᠤᠰᠢᠭᠤᠨ ᠳᠤ 7︔ ᠲᠦᠩᠯᠢᠶᠤᠤ ᠬᠤᠲᠠ ᠶᠢᠨ ᠬᠤᠷᠴᠢᠨ ᠲᠣᠭᠤᠷᠢᠭ ᠲᠤ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠤᠯᠠᠭᠰᠠᠨ ᠡᠪᠡᠳᠴᠢᠨ ᠤ ᠵᠢᠱᠢᠶ᠎ᠡ 1︶ ᠪᠠᠶᠢᠵᠤ᠂ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号