ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2021/12/26
ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠄      ︽ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠤᠷᠢᠳᠴᠢᠯᠠᠭᠰᠠᠨ ᠮᠡᠳᠡᠭᠳᠡᠯ︾ ︵ᠲᠦᠴᠢᠤᠸᠠᠨ ᠪᠠᠶᠢᠩᠭᠤ ᠶᠢᠨ ᠬᠤᠷᠢᠶᠠᠨ ᠤ ᠲᠠᠷᠬᠠᠭᠠᠭᠰᠠᠨ  ﹇2021﹈ 46 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠤᠳᠤ ᠰᠢᠶᠠᠨ ᠤ ᠵᠠᠰᠠᠭ ᠤᠨ ᠣᠷᠳᠣᠨ ᠤ 2021 ᠣᠨ ᠤ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠢ ᠳᠣᠣᠷᠠᠬᠢ ᠮᠡᠲᠦ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠃      ᠨᠢᠭᠡ᠂ ᠪᠦᠬᠦ ᠰᠢᠶᠠᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠲᠣᠬᠢᠷᠠᠭᠤᠯᠤᠯᠲᠠ ᠵᠢᠴᠢ ᠲᠥᠰᠦᠪ ᠤᠨ ᠲᠣᠬᠢᠷᠠᠭᠤᠯᠤᠯᠲᠠ ᠶᠢᠨ ᠲᠥᠰᠦᠯ      2021 ᠣᠨ ᠳᠤ᠂ ᠳᠡᠭᠡᠳᠦ ᠱᠠᠲᠤᠨ ᠠᠴᠠ ᠮᠠᠨ ᠤ ᠰᠢᠶᠠᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 1.21 ᠳ᠋ᠦᠩᠰᠢᠭᠤᠷ ᠲᠥᠭᠦᠷᠢᠭ ᠪᠠᠭᠤᠯᠭᠠᠪᠠ᠂ ᠡᠭᠦᠨ ᠳᠤ᠄ ᠰᠢᠨ᠎ᠡ  ᠪᠠᠷ ᠨᠡᠮᠡᠭᠳᠡᠭᠰᠡᠨ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ 0.8 ᠳ᠋ᠦᠩᠰᠢᠭᠤᠷ ᠲᠥᠭᠦᠷᠢᠭ᠂ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ 0.41 ᠳ᠋ᠦᠩᠰᠢᠭᠤᠷ ᠲᠥᠭᠦᠷᠢᠭ ᠪᠣᠶ᠃      1. ᠰᠢᠨ᠎ᠡ ᠪᠠᠷ ᠨᠡᠮᠡᠭᠳᠡᠭᠰᠡᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠲᠣᠬᠢᠷᠠᠭᠤᠯᠤᠯᠲᠠ ᠶᠢᠨ ᠪᠠᠶᠢᠳᠠᠯ᠄ ᠳᠡᠭᠡᠳᠦ ᠱᠠᠲᠤᠨ ᠠᠴᠠ ᠮᠠᠨ ᠤ ᠰᠢᠶᠠᠨ ᠤ ᠣᠷᠣᠨ ᠨᠤᠲᠤᠭ ᠤᠨ ᠵᠠᠰᠠᠭ ᠤᠨ ᠣᠷᠳᠣᠨ ᠳᠤ 0.8 ᠳ᠋ᠦᠩᠰᠢᠭᠤᠷ ᠲᠥᠭᠦᠷᠢᠭ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠪᠠᠭᠤᠯᠭᠠᠵᠤ᠂ ᠭᠤᠤᠯᠳᠠᠭᠤ ᠲᠦᠴᠢᠦᠸᠠᠨ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠰᠢᠨ᠎ᠡ ᠪᠠᠷ ᠪᠠᠶᠢᠭᠤᠯᠬᠤ ︵ᠬᠤᠶᠠᠳᠤᠭᠠᠷ ᠬᠤᠭᠤᠴᠠᠭ᠎ᠠ︶ ᠢᠨᠵᠧᠨᠧᠷᠢᠩ᠂ ᠲᠦᠴᠢᠦᠸᠠᠨ ᠰᠢᠶᠠᠨ ᠤ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠬᠡᠪᠴᠢᠶᠡᠲᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠬᠡᠷᠡᠭᠯᠡᠪᠡ᠃      2. ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠲᠣᠬᠢᠷᠠᠭᠤᠯᠤᠭᠰᠠᠨ ᠪᠠᠶᠢᠳᠠᠯ᠄ ᠳᠡᠭᠡᠳᠦ ᠱᠠᠲᠤᠨ ᠠᠴᠠ ᠮᠠᠨ ᠤ ᠰᠢᠶᠠᠨ ᠤ ᠣᠷᠣᠨ ᠨᠤᠲᠤᠭ ᠤᠨ ᠵᠠᠰᠠᠭ ᠤᠨ ᠣᠷᠳᠣᠨ ᠳᠤ 0.41 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠪᠠᠭᠤᠯᠭᠠᠵᠤ᠂ ᠪᠦᠬᠦᠨ ᠢ ᠮᠠᠨ ᠤ ᠰᠢᠶᠠᠨ ᠤ ᠬᠤᠭᠤᠴᠠᠭ᠎ᠠ ᠲᠤᠯᠤᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠲᠥᠯᠥᠬᠦ ᠳᠤ ᠬᠡᠷᠡᠭᠯᠡᠪᠡ᠃     ᠬᠤᠶᠠᠷ᠂ ᠰᠢᠶᠠᠨ ᠤ ᠲᠤᠰ ᠱᠠᠲᠤᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠲᠤᠬᠢᠷᠠᠭᠤᠯᠬᠤ ᠲᠥᠰᠦᠯ     1. ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5860 ᠲᠦᠮᠡᠨ ᠲᠥᠭᠦᠷᠢᠭ ᠲᠣᠬᠢᠷᠠᠭᠤᠯᠤᠨ ᠬᠠᠰᠤᠪᠠ᠃ ᠭᠤᠣᠯᠳᠠᠭᠤ ᠨᠡᠭᠦᠷᠡᠰᠦᠨ ᠤ ᠬᠦᠷᠢᠶᠡᠨ ᠤ ᠴᠡᠭᠴᠡᠯᠡᠨ ᠵᠠᠰᠠᠯᠲᠠ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠪᠠ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ ᠲᠦᠷᠦ ᠶᠢᠨ ᠪᠤᠳᠤᠯᠭ᠎ᠠ ᠶᠢᠨ ᠴᠢᠨᠠᠷᠲᠠᠢ ᠬᠦᠴᠦᠨ ᠵᠦᠢᠯ ᠤᠨ ᠨᠥᠯᠥᠭᠡ ᠠᠴᠠ ᠪᠤᠯᠵᠤ᠂ ᠨᠡᠭᠦᠷᠡᠰᠦᠨ ᠠᠭᠤᠷᠬᠠᠢ  ᠶᠢᠨ ᠦᠢᠯᠡᠰ ᠪᠠ ᠪᠠᠷᠢᠯᠭ᠎ᠠ ᠶᠢᠨ ᠦᠢᠯᠡᠰ ᠮᠠᠨ ᠤ ᠰᠢᠶᠠᠨ ᠤ ᠭᠠᠶᠢᠯᠢ ᠲᠠᠲᠠᠪᠤᠷᠢ ᠶᠢᠨ ᠣᠷᠣᠯᠭ᠎ᠠ ᠪᠣᠯᠤᠭᠰᠠᠨ ᠤ ᠬᠤᠪᠢ ᠳᠤ ᠲᠤᠯᠭᠠᠭᠤᠷᠢ ᠠᠵᠤ ᠦᠢᠯᠡᠰ ᠤᠨ ᠨᠥᠯᠥᠭᠡ ᠨᠡᠯᠢᠶᠡᠳ ᠶᠡᠭᠡ ᠪᠠᠶᠢᠵᠤ᠂ ᠲᠤᠰ ᠱᠠᠲᠤᠨ ᠤ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠤ ᠨᠡᠯᠢᠶᠡᠳ ᠶᠡᠭᠡ ᠨᠥᠯᠥᠭᠡ ᠦᠵᠡᠭᠦᠯᠵᠦ᠂ ᠲᠤᠰ ᠱᠠᠲᠤᠨ ᠤ ᠣᠷᠣᠯᠭ᠎ᠠ  ᠶᠢ ᠣᠬᠤᠷ ᠬᠤᠷᠢᠶᠠᠵᠠᠢ  ᠃    2. ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 18840 ᠲᠦᠮᠡᠨ ᠲᠥᠭᠦᠷᠢᠭ ᠪᠠᠭᠠᠰᠪᠠ  ᠃ ᠳᠡᠭᠡᠷ᠎ᠡ ᠳᠤᠷᠠᠳᠤᠭᠰᠠᠨ ᠲᠣᠬᠢᠷᠠᠭᠤᠯᠤᠯᠲᠠ ᠶᠢᠨ ᠳᠠᠷᠠᠭ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 40860 ᠲᠦᠮᠡᠨ ᠲᠥᠭᠦᠷᠢᠭ ᠪᠠᠶᠢᠭᠰᠠᠨ ᠠᠴᠠ 35000 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ 5860 ᠲᠦᠮᠡᠨ ᠲᠥᠭᠦᠷᠢᠭ ᠪᠠᠭᠠᠰᠬᠠᠪᠠ︔ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 18840 ᠲᠦᠮᠡᠨ ᠲᠥᠭᠦᠷᠢᠭ ᠪᠠᠭᠠᠰᠤᠭᠰᠠᠨ ᠤ ᠳᠠᠷᠠᠭ᠎ᠠ᠂ 2021 ᠣᠨ ᠤ ᠲᠥᠰᠦᠪ ᠤᠨ ᠶᠡᠷᠦᠩᠬᠡᠶ ᠡᠳ᠋ ᠤᠨ ᠬᠦᠴᠦᠨ 337000 ᠲᠦᠮᠡᠨ ᠲᠥᠭᠦᠷᠢᠭ ᠪᠣᠯᠵᠣ᠂ 24700 ᠲᠦᠮᠡᠨ ᠲᠥᠭᠦᠷᠢᠭ ᠪᠠᠭᠠᠰᠪᠠ᠃    ᠭᠤᠷᠪᠠ᠂ ᠰᠢᠶᠠᠨ ᠤ ᠲᠤᠰ ᠱᠠᠲᠤᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠲᠤᠬᠢᠷᠠᠭᠤᠯᠬᠤ ᠲᠥᠰᠦᠯ    ᠣᠨ ᠤ ᠲᠥᠰᠦᠪ ᠢ ᠭᠦᠢᠴᠡᠳᠬᠡᠬᠦ ᠳᠤᠮᠳᠠ ᠡᠯ᠎ᠡ ᠰᠠᠯᠠᠭ᠎ᠠ ᠮᠥᠴᠢᠷ ᠤᠨ ᠠᠵᠢᠯ ᠤᠨ ᠪᠣᠳᠠᠲᠤ ᠪᠠᠶᠢᠳᠠᠯ ᠪᠠ ᠠᠷᠠᠳ ᠤᠨ ᠠᠮᠢᠳᠤᠷᠠᠯ ᠤᠨ ᠢᠵᠢ ᠪᠦᠷᠢᠳᠦᠬᠦᠯᠬᠦ ᠲᠦᠷᠦ ᠶᠢᠨ ᠪᠤᠳᠤᠯᠭ᠎ᠠ ᠶᠢᠨ ᠵᠠᠷᠤᠯᠭ᠎ᠠ ᠶᠢᠨ ᠬᠡᠷᠡᠭᠴᠡᠭᠡ ᠶᠢ ᠦᠨᠳᠦᠰᠦᠯᠡᠨ᠂ ᠰᠢᠶᠠᠨ ᠤ ᠱᠠᠲᠤᠨ ᠤ ᠵᠠᠷᠤᠯᠭ᠎ᠠ ᠶᠢᠨ ᠲᠥᠰᠦᠪ ᠲᠤ ᠵᠣᠬᠢᠴᠠᠩᠭᠤᠢ ᠲᠤᠬᠢᠷᠠᠭᠤᠯᠤᠯᠳᠠ ᠬᠢᠬᠦ ᠴᠢᠬᠤᠯᠠᠲᠠᠢ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 24700 ᠲᠦᠮᠡᠨ ᠲᠥᠭᠦᠷᠢᠭ ᠬᠠᠰᠤᠨ ᠲᠣᠬᠢᠷᠠᠭᠤᠯᠪᠠ᠂ ᠡᠭᠦᠨ ᠢ ᠦᠨᠳᠦᠰᠦᠯᠡᠨ ᠲᠣᠬᠢᠷᠠᠭᠤᠯᠤᠭᠰᠠᠨ ᠤ ᠳᠠᠷᠠᠭ᠎ᠠ᠂ ᠰᠢᠶᠠᠨ ᠤ ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 361700 ᠲᠦᠮᠡᠨ ᠲᠥᠭᠦᠷᠢᠭ ᠪᠠᠶᠢᠭᠰᠠᠨ ᠠᠴᠠ 337000 ᠲᠥᠭᠦᠷᠢᠭ ᠪᠣᠯᠭᠠᠨ ᠲᠣᠬᠢᠷᠠᠭᠤᠯᠵᠤ᠂ 24700 ᠲᠦᠮᠡᠨ ᠲᠥᠭᠦᠷᠢᠭ ᠲᠣᠬᠢᠷᠠᠭᠤᠯᠤᠨ ᠬᠠᠰᠤᠨ᠎ᠠ᠃    ᠳᠥᠷᠪᠡ᠂ ᠰᠢᠶᠠᠨ ᠤ ᠲᠤᠰ ᠱᠠᠲᠤᠨ ᠤ ᠵᠢᠯ ᠤᠨ ᠡᠬᠢᠨ ᠤ ᠲᠥᠰᠦᠪ ᠤᠨ ᠲᠥᠷᠥᠯ ᠵᠦᠢᠯ ᠳᠤ ᠲᠣᠬᠢᠷᠠᠭᠤᠯᠤᠯᠲᠠ ᠬᠢᠵᠦ ᠬᠡᠷᠡᠭᠯᠡᠬᠦ ᠲᠥᠰᠦᠯ    ᠰᠢᠶᠠᠨ ᠤ ᠲᠤᠰ ᠱᠠᠲᠤᠨ ᠤ ᠵᠢᠯ ᠤᠨ ᠡᠬᠢᠨ ᠤ ᠲᠥᠰᠦᠪ ᠢ ᠭᠦᠢᠴᠡᠳᠬᠡᠭᠰᠡᠨ ᠪᠠᠶᠢᠳᠠᠯ ᠢ ᠦᠨᠳᠦᠰᠦᠯᠡᠨ᠂ ᠪᠡᠯᠡ ᠮᠥᠩᠭᠦ ᠶᠢ ᠰᠤᠯᠠ ᠲᠠᠯᠪᠢᠬᠤ ᠠᠴᠠ ᠵᠠᠶᠢᠯᠠᠰᠬᠢᠬᠦ ᠶᠢᠨ ᠲᠥᠯᠥᠭᠡ᠂ ᠠᠵᠢᠯ ᠤᠨ ᠬᠡᠷᠡᠭᠴᠡᠭᠡ ᠲᠠᠢ ᠪᠠᠨ ᠤᠶᠠᠯᠳᠤᠭᠤᠯᠤᠨ᠂ ᠬᠡᠰᠡᠭ ᠵᠠᠷᠤᠯᠭ᠎ᠠ ᠶᠢᠨ ᠵᠦᠢᠯᠡᠰ ᠤᠨ ᠠᠭᠤᠯᠭ᠎ᠠ ᠳᠤ ᠲᠤᠬᠢᠷᠠᠭᠤᠯᠤᠯᠲᠠ ᠬᠢᠵᠦ ᠬᠡᠷᠡᠭᠯᠡᠨ᠎ᠡ᠃ ᠪᠣᠳᠠᠲᠠᠶ ᠲᠣᠬᠢᠷᠠᠭᠤᠯᠤᠯᠲᠠ ᠬᠢᠭᠰᠡᠨ ᠪᠠᠶᠢᠳᠠᠯ ᠨᠢ ᠳᠣᠤᠷᠠᠬᠢ ᠮᠡᠲᠦ᠄ ᠰᠢᠶᠠᠨ ᠤ ᠲᠤᠰ ᠱᠠᠲᠤᠨ ᠤ ᠵᠢᠯ ᠤᠨ ᠡᠬᠢᠨ  ᠤ ᠲᠥᠰᠦᠪ ᠤᠨ ᠲᠣᠬᠢᠷᠠᠭᠤᠯᠤᠯᠲᠠ ᠳᠤ 8542 ᠲᠦᠮᠡᠨ ᠲᠥᠭᠦᠷᠢᠭ ᠤᠨ ᠦᠯᠡᠳᠡᠪᠦᠷᠢ ᠪᠡᠯᠡ ᠮᠥᠩᠭᠦ ᠲᠣᠬᠢᠷᠠᠭᠤᠯᠵᠤ᠂ ᠲᠥᠷᠥᠯ ᠵᠦᠶᠯ ᠤᠨ ᠦᠯᠡᠳᠡᠪᠦᠷᠢ ᠪᠡᠯᠡ ᠮᠥᠩᠭᠦ ᠶᠢ ᠰᠢᠶᠠᠨ ᠤ ᠲᠤᠰ ᠱᠠᠲᠤᠨ ᠳᠤ ᠲᠣᠬᠢᠷᠠᠭᠤᠯᠤᠨ ᠬᠡᠷᠡᠭᠯᠡᠬᠦ ᠪᠠᠷ ᠭᠤᠶᠤᠴᠢᠯᠠᠵᠠᠶ᠃ ᠡᠭᠦᠨ ᠳᠤ ᠰᠢᠶᠠᠨ ᠤ ᠱᠠᠲᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠲᠡᠷᠭᠡᠨ ᠤ ᠦᠶᠯᠡᠴᠢᠯᠡᠭᠡᠨ ᠤ ᠰᠦᠶᠳᠬᠡᠯ 227 ᠲᠦᠮᠡᠨ ᠲᠥᠭᠦᠷᠢᠭ︔ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠭᠠᠵᠠᠷ ᠰᠢᠷᠣᠶ ᠡᠵᠡᠯᠡᠬᠦ ᠳᠤ ᠬᠡᠷᠡᠭᠰᠡᠬᠦ ᠪᠠᠯᠠ ᠮᠥᠩᠭᠦ ᠶᠢ 736 ᠲᠦᠮᠡᠨ ᠲᠥᠭᠦᠷᠢᠭ ᠲᠠᠲᠠᠪᠤᠷᠢᠯᠠᠬᠤ ᠪᠠᠷ ᠪᠠᠶᠢᠨ᠎ᠠ︔ ᠲᠥᠰᠦᠪ ᠤᠨ ᠨᠢᠭᠡᠴᠡ ᠶᠢᠨ ᠲᠤᠬᠠᠶᠢᠯᠠᠭᠰᠠᠨ ᠠᠵᠢᠯ ᠤᠨ ᠵᠠᠷᠤᠳᠠᠯ 388 ᠲᠦᠮᠡᠨ ᠲᠥᠭᠦᠷᠢᠭ︔ ᠲᠥᠰᠦᠪ ᠤᠨ ᠨᠢᠭᠡᠴᠡ ᠶᠢᠨ ᠨᠠᠰᠤ ᠪᠠᠷᠠᠭᠰᠠᠨ ᠠᠰᠠᠷᠠᠮᠵᠢ ᠶᠢᠨ ᠮᠥᠩᠭᠦ 528 ᠲᠦᠮᠡᠨ ᠲᠥᠭᠦᠷᠢᠭ︔ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠢᠨᠵᠧᠨᠧᠷᠢᠩ ᠣᠨ ᠪᠡᠯᠡ ᠮᠥᠩᠭᠦ 900 ᠲᠦᠮᠡᠨ ᠲᠥᠭᠦᠷᠢᠭ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠠᠰᠠᠷ ᠤᠨ ᠢᠨᠵᠧᠨᠧᠷᠢᠩ ᠤᠨ ᠡᠴᠦᠰ ᠤᠨ ᠵᠣᠭᠤᠰ 1127 ᠲᠦᠮᠡᠨ ᠲᠥᠭᠦᠷᠢᠭ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠷᠭᠡᠨ ᠲᠡᠰᠢᠯᠲᠡ ᠶᠢᠨ ᠣᠷᠳᠣᠨ ᠤ ᠪᠠᠷᠢᠯᠭ᠎ᠠ ᠶᠢᠨ ᠥᠷᠢᠲᠦᠯ ᠳᠤ ᠬᠡᠷᠡᠭᠰᠡᠬᠦ ᠪᠡᠯᠡ ᠮᠥᠩᠭᠦ 1200 ᠲᠦᠮᠡᠨ ᠲᠥᠭᠦᠷᠢᠭ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠪᠡᠯᠡ ᠮᠥᠩᠭᠦ 144 ᠲᠦᠮᠡᠨ ᠲᠥᠭᠦᠷᠢᠭ︔ ᠪᠦᠲᠦᠭᠡᠨ ᠪᠠᠶᠢᠭᠤᠯᠬᠤ ᠲᠥᠷᠥᠯ ᠵᠦᠶᠯ ᠤᠨ ᠵᠢᠷᠤᠭ ᠲᠥᠯᠥᠪᠯᠡᠭᠡ ᠶᠢᠨ ᠦᠶᠯᠡᠴᠢᠯᠡᠭᠡᠨ ᠤ ᠰᠦᠶᠳᠬᠡᠯ 667 ᠲᠦᠮᠡᠨ ᠲᠥᠭᠦᠷᠢᠭ︔ ᠭᠠᠴᠠᠭᠠᠨ ᠤ ᠺᠠᠳ᠋ᠷ ᠤᠨ ᠴᠠᠯᠢᠩ 1369 ᠲᠦᠮᠡᠨ ᠲᠥᠭᠦᠷᠢᠭ︔ ᠲᠦᠴᠢᠦᠸᠠᠨ ᠰᠢᠶᠠᠨ ᠤ ᠬᠢᠲᠠᠳ ᠡᠮᠨᠡᠯᠭᠡ ᠶᠢᠨ ᠬᠤᠷᠢᠶᠠᠨ ᠤ ᠰᠢᠨ᠎ᠡ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ 243 ᠲᠦᠮᠡᠨ ᠲᠥᠭᠦᠷᠢᠭ︔ ᠲᠦᠴᠢᠦᠸᠠᠨ ᠪᠠᠯᠭᠠᠰᠤᠨ ᠤ ᠬᠤᠲᠠ ᠳᠠᠬᠢ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠪᠠᠶᠢᠰᠢᠩ ᠢ ᠰᠡᠯᠪᠢᠨ ᠵᠠᠰᠠᠬᠤ ᠪᠠᠯᠠ ᠮᠥᠩᠭᠦ 116 ᠲᠦᠮᠡᠨ ᠲᠥᠭᠦᠷᠢᠭ︔ ᠨᠠᠨ ᠬᠤ᠋ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ  ᠤᠨ ᠲᠥᠷᠥᠯ ᠵᠦᠶᠯ ᠤᠨ ᠪᠠᠯᠠ ᠮᠥᠩᠭᠦ 224 ᠲᠦᠮᠡᠨ ᠲᠥᠭᠦᠷᠢᠭ︔ ᠠᠷᠠᠳ ᠲᠤ ᠠᠰᠢᠭᠲᠠᠶ ᠲᠣᠮᠢᠯᠠᠭᠰᠠᠨ ᠰᠠᠯᠪᠤᠷᠢ ᠶᠢᠨ ᠠᠯᠪᠠᠨ ᠬᠡᠷ ᠤᠨ ᠰᠡᠭᠦᠯ ᠤᠨ ᠵᠣᠭᠤᠰ 218 ᠲᠦᠮᠡᠨ ᠲᠥᠭᠦᠷᠢᠭ︔ ᠲᠦᠴᠢᠦᠸᠠᠨ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠭᠠᠵᠠᠷ ᠨᠡᠭᠦᠵᠦ ᠰᠢᠨ᠎ᠡ ᠪᠠᠷ ᠪᠠᠶᠢᠭᠤᠯᠬᠤ ᠲᠥᠷᠥᠯ ᠵᠦᠶᠯ ᠤᠨ ᠪᠠᠯᠠ ᠮᠥᠩᠭᠦ 209 ᠲᠦᠮᠡᠨ ᠲᠥᠭᠦᠷᠢᠭ︔ ᠱᠦᠶ ᠴᠢᠤᠸᠠᠨ ᠪᠠᠯᠭᠠᠰᠤ ᠶᠢᠨ ᠾᠧ ᠹᠠ ᠲᠣᠰᠬᠤᠨ ᠤ ᠢᠨᠵᠧᠨᠧᠷᠢᠩ ᠤᠨ ᠲᠥᠷᠥᠯ ᠵᠦᠶᠯ ᠤᠨ ᠪᠠᠯᠠ ᠮᠥᠩᠭᠦ 102 ᠲᠦᠮᠡᠨ ᠲᠥᠭᠦᠷᠢᠭ︔ ᠣᠷᠴᠢᠯ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠶᠢ ᠲᠡᠭᠰᠢᠯᠡᠬᠦ ᠲᠥᠷᠥᠯ ᠵᠦᠶᠯ ᠤᠨ ᠪᠠᠯᠠ ᠮᠥᠩᠭᠦ 143 ᠲᠦᠮᠡᠨ ᠲᠥᠭᠦᠷᠢᠭ᠃    ᠲᠠᠪᠤ᠂ ᠰᠢᠶᠠᠨ ᠤ ᠲᠤᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ ᠲᠤᠬᠢᠷᠠᠭᠤᠯᠬᠤ ᠲᠥᠰᠦᠯ    1. ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ 4000 ᠲᠦᠮᠡᠨ ᠲᠥᠭᠦᠷᠢᠭ ᠲᠣᠬᠢᠷᠠᠭᠤᠯᠤᠨ ᠬᠠᠰᠤᠪᠠ᠂ ᠡᠨᠡ ᠨᠢ ᠭᠤᠤᠯᠳᠠᠭᠤ ᠮᠠᠨ ᠤ ᠰᠢᠶᠠᠨ ᠤ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠠᠷᠠᠯᠵᠢᠶᠠᠨ ᠤ ᠬᠡᠮᠵᠢᠶ᠎ᠡ ᠪᠠ ᠭᠠᠵᠠᠷ ᠰᠢᠷᠣᠶ ᠶᠢᠨ ᠥᠰᠦᠭᠰᠡᠨ ᠦᠨ᠎ᠡ ᠶᠢᠨ ᠨᠣᠷᠮ᠎ᠠ ᠶᠢᠨ ᠨᠡᠮᠡᠭᠳᠡᠯ  ᠤᠨ ᠬᠡᠮᠵᠢᠶ᠎ᠡ ᠶᠢᠨ ᠬᠤᠪᠢᠷᠠᠯᠲᠠ ᠠᠴᠠ ᠪᠣᠯᠤᠭᠰᠠᠨ ᠶᠤᠮ᠃    2. ᠳᠡᠭᠡᠳᠦ ᠱᠠᠲᠤᠨ ᠤ ᠲᠤᠰᠬᠠᠶ ᠵᠦᠶᠯ ᠢᠶᠠᠷ ᠰᠢᠯᠵᠢᠭᠦᠯᠦᠨ ᠥᠭᠬᠦ ᠵᠠᠷᠤᠯᠭ᠎ᠠ ᠶᠢ 711 ᠲᠦᠮᠡᠨ ᠲᠥᠭᠦᠷᠢᠭ ᠨᠡᠮᠡᠭᠳᠡᠭᠦᠯᠦᠨ᠎ᠡ᠃    ᠳᠡᠭᠡᠷ᠎ᠡ ᠳᠤᠷᠠᠳᠤᠭᠰᠠᠨ ᠲᠣᠬᠢᠷᠠᠭᠤᠯᠤᠯᠲᠠ ᠶᠢᠨ ᠳᠠᠷᠠᠭ᠎ᠠ᠂ ᠰᠢᠶᠠᠨ ᠤ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ 11200 ᠲᠦᠮᠡᠨ ᠲᠥᠭᠦᠷᠢᠭ ᠪᠠᠶᠢᠭᠰᠠᠨ ᠠᠴᠠ 7200 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ 4000 ᠲᠦᠮᠡᠨ ᠲᠥᠭᠦᠷᠢᠭ ᠪᠠᠭᠠᠰᠬᠠᠨ᠎ᠠ︔ ᠡᠭᠦᠨ ᠤ ᠳᠡᠭᠡᠷ᠎ᠡ ᠳᠡᠭᠡᠳᠦ ᠱᠠᠲᠤᠨ ᠤ ᠰᠢᠯᠵᠢᠭᠦᠯᠦᠨ ᠥᠭᠭᠦᠭᠰᠡᠨ ᠣᠷᠣᠯᠭ᠎ᠠ ᠪᠠ ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠢ ᠨᠡᠮᠡᠪᠡᠯ᠂ 2021 ᠣᠨ ᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠬᠡᠷᠡᠭᠯᠡᠵᠦ ᠪᠣᠯᠬᠤ ᠪᠠᠯᠠ ᠮᠥᠩᠭᠦ ᠨᠢ 20118 ᠲᠦᠮᠡᠨ ᠲᠥᠭᠦᠷᠢᠭ ᠪᠠᠶᠢᠵᠤ᠂ 3289 ᠲᠦᠮᠡᠨ ᠲᠥᠭᠦᠷᠢᠭ ᠬᠠᠰᠤᠭᠳᠠᠵᠠᠶ  ᠃    ᠵᠢᠷᠭᠤᠭ᠎ᠠ᠂ ᠰᠢᠶᠠᠨ ᠤ ᠲᠤᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ  ᠤᠨ ᠵᠠᠷᠤᠯᠭ᠎ᠠ ᠶᠢ ᠲᠤᠭᠢᠷᠠᠭᠤᠯᠬᠤ ᠲᠥᠰᠦᠯ   2021 ᠣᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ 3289 ᠲᠦᠮᠡᠨ ᠲᠥᠭᠦᠷᠢᠭ ᠬᠠᠰᠤᠨ ᠲᠣᠬᠢᠷᠠᠭᠤᠯᠪᠠ᠂ ᠡᠭᠦᠨ ᠢ ᠦᠨᠳᠦᠰᠦᠯᠡᠨ ᠲᠣᠬᠢᠷᠠᠭᠤᠯᠤᠭᠰᠠᠨ ᠤ ᠳᠠᠷᠠᠭ᠎ᠠ᠂ ᠰᠢᠶᠠᠨ ᠤ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ 23407 ᠲᠦᠮᠡᠨ ᠲᠥᠭᠦᠷᠢᠭ ᠪᠠᠶᠢᠭᠰᠠᠨ ᠠᠴᠠ 2018 ᠲᠥᠭᠦᠷᠢᠭ ᠪᠣᠯᠭᠠᠨ ᠲᠣᠬᠢᠷᠠᠭᠤᠯᠵᠤ᠂ 3289 ᠲᠦᠮᠡᠨ ᠲᠥᠭᠦᠷᠢᠭ ᠲᠣᠬᠢᠷᠠᠭᠤᠯᠤᠨ ᠬᠠᠰᠤᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠨ᠎ᠠ᠃    ᠳᠣᠯᠤᠭ᠎ᠠ᠂ ᠰᠢᠶᠠᠨ ᠤ ᠲᠤᠰ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ ᠶᠢ ᠲᠣᠬᠢᠷᠠᠭᠤᠯᠬᠤ ᠲᠥᠰᠦᠯ    ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢᠨ ᠲᠥᠰᠦᠪ ᠲᠤ 51108 ᠲᠦᠮᠡᠨ ᠲᠥᠭᠦᠷᠢᠭ ᠲᠣᠬᠢᠷᠠᠭᠤᠯᠵᠤ᠂ ᠲᠥᠰᠦᠪ ᠤᠨ ᠭᠦᠢᠴᠡᠳᠬᠡᠭᠰᠡᠨ ᠲᠤᠭ᠎ᠠ 39407 ᠲᠦᠮᠡᠨ ᠲᠥᠭᠦᠷᠢᠭ᠂ 11701 ᠲᠦᠮᠡᠨ ᠲᠥᠭᠦᠷᠢᠭ ᠬᠠᠰᠤᠭᠳᠠᠨ᠎ᠠ᠃    ᠨᠠᠶᠮᠠ᠂ ᠰᠢᠶᠠᠨ ᠤ ᠲᠤᠰ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ ᠶᠢ ᠲᠣᠬᠢᠷᠠᠭᠤᠯᠬᠤ ᠲᠥᠰᠦᠯ   ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠲᠥᠰᠦᠪ ᠢ 33426 ᠲᠦᠮᠡᠨ ᠲᠥᠭᠦᠷᠢᠭ ᠲᠣᠬᠢᠷᠠᠭᠤᠯᠵᠤ᠂ ᠲᠥᠰᠦᠪ ᠢ ᠭᠦᠶᠴᠡᠳᠬᠡᠭᠰᠡᠨ ᠲᠤᠭ᠎ᠠ 34277 ᠲᠦᠮᠡᠨ ᠲᠥᠭᠦᠷᠢᠭ᠂ 851 ᠲᠦᠮᠡᠨ ᠲᠥᠭᠦᠷᠢᠭ ᠨᠡᠮᠡᠭᠳᠡᠭᠦᠯᠦᠨ᠎ᠡ᠃    ᠶᠢᠰᠦ᠂ ᠤᠯᠤᠰ ᠤᠨ ᠥᠮᠴᠢᠯᠡᠯ ᠤᠨ ᠭᠦᠷᠦᠩᠭᠡ ᠶᠢᠨ ᠡᠵᠡᠩᠨᠡᠯᠲᠡ ᠶᠢᠨ ᠲᠥᠰᠦᠪ ᠢ ᠲᠣᠭᠢᠷᠠᠭᠤᠯᠣᠭᠰᠠᠨ ᠪᠠᠶᠢᠳᠠᠯ      ᠵᠢᠯ ᠤᠨ ᠡᠬᠢᠨ ᠳᠤ ᠲᠥᠰᠦᠪ ᠦᠭᠡᠶ ᠪᠣᠯᠬᠤᠷ ᠲᠣᠬᠢᠷᠠᠭᠤᠯᠤᠯᠲᠠ ᠬᠢᠬᠦ ᠴᠢᠬᠤᠯᠠ ᠦᠭᠡᠶ᠃    ᠠᠷᠪᠠ᠂ ᠪᠠᠶᠢᠳᠠᠯ ᠤᠨ ᠲᠣᠳᠣᠷᠬᠠᠶᠢᠯᠠᠯᠲᠠ    ᠲᠣᠰ ᠤᠳᠠᠭᠠᠨ ᠤ ᠲᠥᠰᠦᠪ ᠤᠨ ᠲᠣᠬᠢᠷᠠᠭᠤᠯᠤᠯᠲᠠ ᠨᠢ ᠵᠢᠱᠢᠯᠲᠡ ᠲᠣᠭᠠᠨ ᠳᠤ ᠬᠠᠷᠢᠶᠠᠯᠠᠭᠳᠠᠵᠤ᠂ ᠰᠢᠶᠠᠨ ᠤ ᠱᠠᠲᠤᠨ ᠤ ᠣᠷᠣᠯᠭ᠎ᠠ ᠪᠠ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ ᠶᠢᠨ ᠰᠡᠭᠦᠯᠴᠢ ᠶᠢᠨ ᠬᠤᠭᠤᠴᠠᠭᠠᠨ ᠳᠤ ᠪᠠᠰᠠ ᠬᠤᠪᠢᠷᠠᠯᠲᠠ ᠭᠠᠷᠴᠤ ᠮᠡᠳᠡᠬᠦ ᠪᠣᠯᠬᠤᠷ ᠡᠴᠦᠰ ᠲᠡᠭᠡᠨ ᠵᠢᠯ ᠤᠨ ᠡᠴᠦᠰ ᠤᠨ ᠲᠥᠰᠦᠪ ᠢ ᠭᠦᠶᠴᠡᠳᠬᠡᠭᠰᠡᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠰᠠᠭ ᠤᠨ ᠣᠷᠳᠣᠨ ︽ᠲᠥᠰᠦᠪ ᠤᠨ ᠬᠠᠤᠯᠢ︾ ᠪᠣᠯᠤᠨ ︽ᠥᠪᠡᠷᠲᠡᠭᠡᠨ ᠵᠠᠰᠠᠬᠤ ᠣᠷᠣᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠲᠦᠷᠢᠮ︾ ᠵᠡᠷᠭᠡ ᠬᠠᠤᠯᠢ ᠲᠣᠭᠲᠠᠭᠠᠯ ᠢ ᠦᠷᠭᠦᠯᠵᠢᠯᠡᠨ ᠨᠠᠷᠢᠨ ᠬᠢᠨᠠᠮᠠᠭᠠᠶ ᠲᠤᠤᠱᠯᠠᠭᠤᠯᠵᠤ᠂ ᠵᠠᠷᠤᠯᠭ᠎ᠠ  ᠶᠢᠨ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠭᠤᠤᠯᠳᠠᠯᠭ᠎ᠠ ᠲᠠᠢ ᠲᠤᠰᠬᠠᠶ ᠪᠠᠯᠠ ᠮᠥᠩᠭᠦ ᠥᠭᠬᠦ ᠠᠬᠢᠴᠠ ᠶᠢ ᠲᠦᠷᠭᠡᠳᠬᠡᠵᠦ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠳᠠᠪᠠᠯᠲᠠ ᠮᠠᠶ᠋ᠢᠭ ᠤᠨ ᠬᠥᠭᠵᠢᠯᠲᠡ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ᠃                                 ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ               2021 ᠣᠨ ᠤ 12 ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号