ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠲᠠᠢ ᠨᠢᠭᠲᠠ ᠣᠶᠢᠷᠠᠲᠤᠭᠰᠠᠨ ᠯᠢ ᠣᠪᠣᠭᠲᠤ ᠶᠢᠨ ᠠᠶᠠᠯᠠᠯ ᠤᠨ ᠵᠠᠮ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/12/3
ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠲᠠᠢ ᠨᠢᠭᠲᠠ ᠣᠶᠢᠷᠠᠲᠤᠭᠰᠠᠳ ᠯᠢ ᠣᠪᠣᠭᠲᠤ ᠶᠢᠨ ᠠᠶᠠᠯᠠᠯ ᠤᠨ ᠵᠠᠮ ᠤᠨ ᠠᠯᠪᠠᠨ ᠵᠠᠷ ᠥᠷᠭᠡᠨ ᠤᠯᠠᠨ ᠰᠠᠭᠤᠭᠠᠯᠢ ᠠᠷᠠᠳ ᠤᠨ ᠨᠠᠶᠢᠵᠠ᠄       2021 ᠣᠨ ᠤ 12 ᠰᠠᠷ᠎ᠠ ᠶᠢᠨ 2 ᠤᠨ ᠡᠳᠦᠷ᠂ ᠲᠦᠴᠢᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠬᠢᠩᠭᠠᠨ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠠᠮᠵᠢᠭᠤᠯᠤᠨ ᠲᠠᠷᠬᠠᠭᠠᠭᠰᠠᠨ ︽ᠣᠨᠣᠰᠢᠯᠠᠭᠰᠠᠨ ᠡᠪᠡᠳᠴᠢᠨ ᠤ ᠵᠢᠱᠢᠶ᠎ᠡ ᠭᠦᠸᠧ ᠣᠪᠣᠭᠲᠤ ᠶᠢᠨ ᠯᠢ ᠣᠪᠣᠭᠲᠤ ᠲᠠᠢ ᠨᠢᠭᠲᠠ ᠵᠣᠯᠭᠠᠭᠰᠠᠨ ᠬᠠᠮᠵᠢᠨ ᠪᠠᠶᠢᠴᠠᠭᠠᠭᠰᠠᠨ ᠵᠠᠬᠢᠳᠠᠯ︾ ᠢ ᠬᠦᠯᠢᠶᠡᠨ ᠠᠪᠤᠪᠠ᠂ ᠤᠳᠤ ᠯᠢ ᠣᠪᠣᠭᠲᠤ ᠶᠢᠨ ᠲᠦᠴᠢᠦᠸᠠᠨ ᠰᠢᠶᠠᠨ ᠳᠤ ᠠᠵᠢᠯᠯᠠᠭ᠎ᠠ ᠬᠢᠭᠰᠡᠨ ᠵᠠᠮ ᠮᠥᠷ ᠢ ᠨᠡᠶᠢᠲᠡᠯᠡᠶ᠎ᠡ᠄        ᠯᠢ ᠣᠪᠣᠭᠲᠤ᠂ ᠲᠣᠮᠣ ᠠᠴᠢᠶᠠᠨ ᠤ ᠮᠠᠰᠢᠨ ᠤ ᠵᠢᠯᠣᠭᠤᠴᠢ᠂ 2021 ᠣᠨ ᠤ 11  ᠰᠠᠷ᠎ᠠ ᠶᠢᠨ 28 ᠤ ᠡᠳᠦᠷ ᠤᠨ 23᠄ 00 ᠴᠠᠭ ᠲᠤ ᠢ ᠡᠯ ᠱᠢ ᠠᠴᠠ ᠬᠢᠩᠭᠠᠨ ᠠᠶᠢᠮᠠᠭ ᠤᠨ ᠬᠢᠯᠢ ᠳᠤ ᠣᠷᠣᠵᠤ ᠢᠷᠡᠪᠡ︔ 11 ᠰᠠᠷ᠎ᠠ ᠶᠢᠨ 29 ᠤ ᠡᠳᠦᠷ ᠤᠨ 9᠄ 00 ᠴᠠᠭ ᠤᠨ ᠦᠶ᠎ᠡ ᠪᠠᠷ ᠲᠦᠴᠢᠦᠸᠠᠨ ᠰᠢᠶᠠᠨ ᠳᠤ ᠬᠦᠷᠴᠦ᠂ ᠡᠨᠡ ᠬᠤᠭᠤᠴᠠᠭᠠᠨ ᠳᠤ ᠵᠣᠭᠰᠣᠭᠰᠠᠨ ᠥᠬᠡᠶ᠂ ᠪᠤᠰᠤᠳ ᠬᠥᠮᠦᠨ ᠲᠠᠢ ᠬᠠᠷᠢᠯᠴᠠᠭᠰᠠᠨ ᠥᠬᠡᠶ︔ 11 ᠰᠠᠷ᠎ᠠ ᠶᠢᠨ 29 ᠤ ᠡᠳᠦᠷ ᠤᠨ 9᠄ 30 ᠴᠠᠭ ᠲᠤ ᠲᠦᠴᠢᠦᠸᠠᠨ ᠰᠢᠶᠠᠨ ᠤ ᠬᠤᠲᠠ ᠶᠢᠨ ᠱᠦᠨ ᠰᠢᠨ ᠬᠤᠭᠤᠯᠠᠨ ᠬᠡᠷ ︵ᠶᠡᠭᠡ ᠵᠠᠮ ᠤᠨ ᠯᠢ ᠹᠦ᠋ ᠬᠦᠶ ᠲᠣᠰᠣ ᠨᠡᠮᠡᠬᠦ ᠥᠷᠲᠡᠭᠡ ᠶᠢᠨ ᠪᠠᠷᠠᠭᠤᠨ ᠲᠠᠯ᠎ᠠ︶ ᠲᠤ ᠬᠤᠭᠤᠯᠠ ᠢᠳᠡᠵᠦ᠂ 10᠄ 30 ᠣᠷᠴᠢᠮ ᠢᠶᠠᠷ ᠲᠡᠷᠭᠡ ᠵᠢᠯᠣᠭᠤᠳᠤᠨ ᠱᠦᠨ ᠰᠢᠨ ᠬᠤᠭᠤᠯᠠᠨ ᠬᠡᠷ ᠠᠴᠠ ᠰᠠᠯᠵᠤ ᠤᠯᠠᠭᠠᠨᠬᠠᠳᠠ ᠳᠤ ᠶᠠᠪᠣᠪᠠ᠃       ᠣᠳᠣᠬᠠᠨ ᠳᠤ᠂ ᠯᠢ ᠣᠪᠣᠭᠲᠤ ᠶᠢᠨ ᠬᠡᠰᠢᠭᠲᠡᠨ ᠬᠤᠰᠢᠭᠤᠨ ᠳᠤ ᠲᠥᠪᠯᠡᠷᠡᠭᠦᠯᠦᠨ ᠲᠤᠰᠠᠭᠠᠷᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠢ ᠪᠠᠶᠢᠨ᠎ᠠ᠃       ᠳᠡᠭᠡᠷ᠎ᠡ ᠳᠤᠷᠠᠳᠤᠭᠰᠠᠨ ᠬᠤᠭᠤᠴᠠᠭᠠᠨ ᠳᠤ ᠯᠢ ᠣᠪᠣᠭᠲᠤ ᠶᠢᠨ ᠠᠵᠢᠯᠯᠠᠭᠠᠨ ᠤ ᠵᠠᠮ ᠮᠥᠷ ᠲᠠᠢ ᠳᠠᠪᠬᠤᠴᠠᠭᠰᠠᠨ ᠰᠠᠭᠤᠭᠠᠯᠢ ᠠᠷᠠᠳ ᠳᠠᠷᠦ᠋ᠢᠬᠠᠨ ᠪᠠᠶᠢᠭ᠎ᠠ ᠨᠡᠶᠢᠭᠡᠮ ᠲᠣᠭᠤᠷᠢᠭ᠂ ᠲᠣᠰᠬᠤᠨ ᠳᠠᠭᠠᠨ ᠮᠡᠳᠡᠭᠦᠯᠵᠦ᠂ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠭᠠᠷᠠᠶ᠃       ᠥᠷᠭᠡᠨ ᠤᠯᠠᠨ ᠲᠦᠮᠡᠨ ᠠᠯᠪᠠᠨ ᠤ ᠲᠠᠯ᠎ᠠ ᠶᠢᠨ ᠡᠷᠬᠡ ᠰᠦᠷ ᠲᠠᠢ ᠨᠡᠶᠢᠲᠡᠯᠡᠭᠰᠡᠨ ᠢ ᠠᠩᠬᠠᠷᠴᠣ᠂ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ  ᠬᠠᠩᠭᠠᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠬᠤ ᠬᠡᠷᠡᠭᠳᠡᠢ᠃ ᠡᠭᠦᠨ ᠤ ᠬᠠᠮᠲᠤ᠂ ᠰᠡᠷᠭᠡᠶᠢᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠠᠮᠠᠪᠴᠢ ᠵᠡᠭᠦᠬᠦ᠂ ᠨᠢᠭᠡ ᠮᠧᠲᠷ ᠤᠨ ᠱᠤᠭᠤᠮ ᠵᠡᠭᠦᠬᠦ᠂ ᠦᠷᠭᠦᠯᠵᠢ ᠰᠠᠯᠬᠢ ᠨᠡᠪᠲᠡᠷᠡᠭᠦᠯᠬᠦ᠂ ᠪᠠᠶᠢᠩᠭᠤ ᠠᠷᠢᠭᠤᠳᠬᠠᠬᠤ᠂ ᠴᠤᠭᠯᠠᠷᠠᠬᠤ ᠥᠬᠡᠶ᠂ ᠨᠡᠶᠢᠲᠡ ᠶᠢᠨ ᠰᠠᠪᠬ᠎ᠠ ᠬᠡᠷᠡᠭᠯᠡᠬᠦ︾ ᠶᠢ ᠪᠡᠶᠡᠯᠡᠭᠦᠯᠵᠦ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠰᠠᠨᠠᠭᠠᠴᠢᠯᠠᠭ᠎ᠠ ᠠᠴᠠ ᠪᠠᠨ ᠳᠠᠷᠢᠵᠤ᠂ ᠥᠪᠡᠷ ᠤᠨ ᠪᠡᠶ᠎ᠡ ᠪᠣᠯᠤᠨ ᠬᠡᠷ ᠤᠨ ᠬᠥᠮᠦᠰ ᠤᠨ ᠢᠶᠠᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠶ᠃                                        2021 ᠣᠨ ᠤ 12 ᠰᠠᠷ᠎ᠠ ᠶᠢᠨ 2 ᠤᠨ ᠡᠳᠦᠷ
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号