ᠠᠶᠢᠮᠠᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠬᠥᠬᠡᠬᠤᠲᠠ ᠳᠤ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2021/12/4
     12 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠮᠠᠨ ᠤ ᠠᠶᠢᠮᠠᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠬᠥᠬᠡᠬᠤᠲᠠ ᠳᠤ ᠬᠦᠷᠴᠦ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ᠂ ︽12345︾ ᠶᠢᠨ ᠵᠠᠭᠠᠯᠳᠤᠯᠭ᠎ᠠ ᠶᠢ ᠭᠥᠯᠢᠶᠡᠨ ᠠᠪᠴᠤ ᠪᠠᠷᠢᠨ ᠭᠦᠢᠴᠡᠳᠭᠡᠬᠦ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢ ᠰᠢᠨᠵᠢᠯᠡᠨ ᠪᠠᠶᠢᠴᠠᠭᠠᠪᠠ᠃          ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠾᠧ ᠬᠠᠶ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠶ ᠶᠢᠩ ᠲᠣᠰ ᠲᠣᠰ ᠠᠵᠢᠯᠯᠠᠭ᠎ᠠ ᠳᠤ ᠣᠷᠣᠯᠴᠠᠪᠠ᠃       ᠬᠥᠬᠡᠬᠤᠲᠠ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ ᠲᠤ ᠰᠦᠯᠵᠢᠶᠡᠨ ᠲᠡᠭᠡᠷ᠎ᠡ ᠠᠵᠢᠯᠯᠠᠵᠤ ᠪᠠᠶᠢᠭ᠎ᠠ ︽ᠬᠤᠲᠠ ᠶᠢᠨ ᠶᠡᠭᠡ ᠲᠠᠷᠢᠬᠢ︾᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠬᠤᠲᠠ ᠶᠢᠨ ᠲᠠᠰ︾  ᠤᠨ ᠤᠶᠤᠨᠲᠤ ᠲᠥᠪ ᠪᠠᠶᠢᠵᠤ᠂ ᠬᠡᠷᠡᠭ ᠶᠠᠪᠤᠳᠠᠯ ᠢ ᠲᠣᠭᠠᠴᠢᠯᠠᠬᠤ᠂ ᠪᠠᠶᠢᠭᠠᠯᠢ ᠶᠢ ᠤᠶᠤᠨᠴᠢᠯᠠᠬᠤ᠂ ᠬᠠᠮᠢᠶᠠᠷᠤᠯᠲᠠ ᠶᠢ ᠬᠠᠮᠵᠢᠯᠴᠠᠭᠤᠯᠬᠤ᠂ ᠵᠠᠰᠠᠯᠲᠠ ᠶᠢ ᠨᠠᠷᠢᠯᠢᠬᠵᠢᠭᠤᠯᠬᠤ ᠵᠢᠴᠢ ᠣᠶᠤᠨᠴᠢ ᠠᠬᠤᠶ ᠲᠠᠯᠠᠪᠠᠶ ᠶᠢᠨ ᠬᠡᠷᠡᠭᠯᠡᠯᠲᠡ ᠪᠠᠷ ᠳᠠᠮᠵᠢᠭᠤᠯᠤᠨ᠂ ︽ᠬᠤᠲᠠ ᠶᠢᠨ ᠶᠡᠭᠡ ᠲᠠᠷᠢᠬᠢ︾ ᠶᠢᠨ ᠨᠢᠭᠡ ᠬᠡᠰᠡᠭ ᠡᠭᠦᠯᠡ᠂ ᠵᠠᠰᠠᠯᠲᠠ ᠶᠢᠨ ᠬᠦᠴᠦᠨ ᠵᠦᠢᠯ ᠢ ᠨᠢᠭᠡ ᠵᠢᠷᠤᠭ ᠲᠠᠢ ᠪᠣᠯᠭᠠᠬᠤ᠂ ᠦᠨᠳᠦᠰᠦᠨ ᠱᠠᠲᠤᠨ ᠤ ᠬᠠᠮᠢᠶᠠᠷᠤᠯᠲᠠ ᠶᠢ ᠨᠢᠭᠡ ᠬᠡᠪ ᠨᠠᠮᠪᠠ ᠲᠠᠢ ᠪᠣᠯᠭᠠᠬᠤ᠂ ᠬᠡᠷᠡᠭ ᠶᠠᠪᠤᠳᠠᠯ ᠢ ᠰᠢᠢᠳᠪᠦᠷᠢᠯᠡᠬᠦ ᠭᠠᠵᠠᠷ ᠢ ᠨᠢᠭᠡ ᠨᠣᠮᠧᠷ ᠲᠠᠢ ᠪᠣᠯᠭᠠᠬᠤ᠂ ᠲᠣᠭᠠᠴᠢᠯᠠᠭᠰᠠᠨ ᠠᠮᠢᠳᠤᠷᠠᠯ ᠢ ᠨᠢᠭᠡ ᠣᠷᠣᠬᠤ ᠡᠭᠦᠳᠡ ᠲᠠᠢ ᠪᠣᠯᠭᠠᠬᠤ ᠪᠠᠷ ᠬᠦᠴᠦᠯᠡᠨ ᠴᠢᠷᠮᠠᠶᠢᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠰᠢᠨᠵᠢᠯᠡᠨ ᠪᠠᠶᠢᠴᠠᠭᠠᠬᠤ ᠪᠦᠯᠬᠦᠮ ᠤᠨ ᠪᠦᠷᠢᠯᠳᠦᠬᠦᠨ ᠨᠡᠷ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠢᠶᠠᠷ ᠢᠶᠠᠨ ᠬᠥᠬᠡᠬᠤᠲᠠ ᠶᠢᠨ ᠤᠶᠤᠨᠲᠤ ᠬᠤᠳᠠ ᠶᠢᠨ ᠪᠦᠳᠦᠬᠡᠨ ᠪᠠᠶᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠨᠢ ᠪᠠᠷᠠᠭᠠᠯᠬᠢᠯᠠᠯ ᠤᠨ ᠴᠢᠨᠠᠷᠲᠠᠢ ᠮᠥᠷᠲᠡᠭᠡᠨ ᠯᠠᠪᠳᠠᠭᠤᠨ ᠪᠠᠲᠤᠲᠠᠢ ᠪᠠᠶᠢᠵᠤ᠂ ︽ᠬᠤᠳᠠ ᠶᠢᠨ ᠶᠡᠭᠡ ᠲᠠᠷᠢᠬᠢ︾ ᠶᠢᠨ ᠲᠠᠪᠴᠠᠩ ᠤᠨ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠥᠨᠳᠥᠷ ᠦᠷ᠎ᠡ ᠪᠦᠲᠦᠮᠵᠢ ᠲᠠᠢ ᠪᠦᠳᠦᠬᠡᠨ ᠪᠠᠶᠢᠭᠤᠯᠤᠯᠲᠠ ᠵᠢᠴᠢ ᠤᠶᠤᠨᠴᠢᠯᠠᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠷᠰᠢᠯᠭ᠎ᠠ ᠬᠢᠳᠡᠯ ᠢ ᠰᠤᠷᠤᠯᠴᠠᠭᠤᠰᠢᠲᠠᠢ ᠪᠥᠭᠡᠳ ᠲᠤᠯᠢ ᠪᠣᠯᠭᠠᠵᠤ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃       ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ︽12345︾ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠳᠤᠨᠢ ᠭᠦᠢᠴᠡᠳᠭᠡᠬᠦ ᠵᠢᠯᠣᠭᠤᠳᠤᠨ ᠳᠣᠭᠢᠷᠠᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠪᠠ᠃ ᠬᠥᠬᠡᠬᠤᠲᠠ ᠶᠢᠨ ︽12345︾ ᠬᠠᠯᠠᠮᠰᠢᠯ ᠤᠲᠠᠰᠤᠨ ᠤ ᠦᠢᠯᠡᠴᠢᠯᠡᠭᠡᠨ ᠤ ᠲᠠᠪᠴᠠᠩ ᠨᠢ ︽ᠨᠢᠭᠡᠳᠦᠭᠡᠷ ᠨᠣᠮᠧᠷᠲᠤ ᠭᠠᠳᠠᠭᠠᠳᠤ ᠳᠤ ᠬᠠᠨᠳᠤᠭᠤᠯᠤᠭᠰᠠᠨ᠂ ᠭᠤᠮᠣᠳᠠᠯ ᠱᠠᠭᠠᠷᠳᠠᠯᠭ᠎ᠠ ᠶᠢ ᠬᠤᠷᠢᠶᠠᠩᠭᠤᠶᠢᠯᠠᠬᠤ᠂ ᠲᠥᠷᠥᠯ ᠬᠤᠪᠢᠶᠠᠨ ᠰᠢᠢᠳᠪᠦᠷᠢᠯᠡᠬᠦ᠂ ᠨᠢᠭᠡᠳᠦᠯᠲᠡᠶ ᠵᠣᠬᠢᠴᠠᠭᠤᠯᠬᠤ᠂ ᠡᠯ᠎ᠡ ᠲᠠᠯ᠎ᠠ ᠶᠢᠨ ᠬᠢᠨ ᠬᠤᠯᠪᠣᠭᠠᠯᠠᠨ ᠬᠥᠳᠡᠯᠦᠯᠴᠡᠬᠦ᠂ ᠴᠠᠭ ᠬᠢᠵᠠᠭᠠᠷᠯᠠᠨ ᠭᠦᠢᠴᠡᠳᠭᠡᠬᠦ︾ ᠨᠢᠭᠡ ᠥᠷᠲᠡᠭᠡᠨ ᠤ ᠮᠠᠶ᠋ᠢᠭ ᠤᠨ ᠵᠠᠷᠭᠤ ᠭᠥᠯᠢᠶᠡᠨ ᠠᠪᠤᠪᠠᠯ ᠳᠠᠷᠤᠶ ᠭᠦᠢᠴᠡᠳᠭᠡᠬᠦ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠵᠢᠭᠦᠯᠵᠦ᠂ ᠣᠯᠠᠨ ᠲᠦᠮᠡᠨ ᠤ ᠪᠠᠴᠢᠮ ᠵᠤᠪᠠᠨᠢᠯ ᠶᠠᠪᠤᠳᠠᠯ ᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠦᠲᠦᠮᠵᠢᠲᠡᠶ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠵᠦ᠂ ᠣᠷᠣᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠦᠢᠯ ᠤᠨ ᠶᠡᠭᠡ ᠪᠠᠷ ᠰᠢᠯᠢᠳᠡᠭᠵᠢᠭᠦᠯᠪᠡ᠃ ᠤᠯᠠᠨ ᠢᠶᠠᠷ ᠢᠶᠠᠨ᠂ ᠬᠥᠬᠡᠬᠤᠲᠠ ᠶᠢᠨ ᠤᠶᠤᠨᠲᠤ ᠬᠤᠳᠠ ᠶᠢᠨ ᠵᠢᠯᠣᠭᠤᠳᠬᠤ ᠲᠥᠪ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ᠰᠢᠨ᠎ᠡ ᠶᠢ ᠡᠭᠦᠳᠦᠭᠰᠡᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠨ ᠲᠤᠯᠢᠳᠠᠵᠤ᠂ ᠠᠵᠢᠯ ᠤᠨ ᠠᠷᠭ᠎ᠠ ᠬᠡᠯᠪᠡᠷᠢ ᠪᠠᠨ ᠴᠢᠨᠠᠭᠰᠢᠳᠠ ᠰᠠᠶᠢᠵᠢᠷᠠᠭᠤᠯᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠥᠨᠳᠥᠷ ᠪᠦᠲᠦᠮᠵᠢᠲᠡᠢ ᠳᠥᠭᠦᠮ ᠳᠥᠲᠡ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ ᠭᠡᠵᠦ ᠢᠯᠡᠳᠬᠡᠵᠡᠭᠡᠪᠡ᠃      ᠠᠶᠢᠮᠠᠭ ᠤᠨ ᠤᠳᠤᠷᠢᠳᠤᠯᠭ᠎ᠠ ᠯᠢ ᠬᠤᠩ ᠼᠠᠢ᠂ ᠰᠢᠤᠢ ᠪᠦᠦ ᠴᠢᠤᠸᠠᠨ᠂ ᠵᠠᠩ ᠯᠢ ᠬᠤᠸᠠ᠂ ᠳ᠋ᠦᠩ ᠰᠢᠨ ᠶᠤᠸᠠᠢ᠂ ᠶᠠᠩ ᠵᠢᠢ ᠫᠧᠩ ᠪᠣᠯᠤᠨ ᠡᠯ᠎ᠡ ᠬᠤᠰᠢᠭᠤ ᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号