ᠵᠠᠩ ᠰᠢᠶᠤᠤ ᠪᠢᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠳ᠋ᠦᠩᠨᠡᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/4
      ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ      11 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠰᠠᠭᠤᠭ᠎ᠠ ᠭᠠᠵᠠᠷ ᠲᠤ ᠲᠥᠯᠥᠭᠡᠯᠡᠭᠴᠢᠳ ᠤᠨ ᠪᠦᠯᠬᠦᠮ ᠤᠨ ᠳ᠋ᠦᠩᠨᠡᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃       ᠵᠠᠩ ᠰᠢᠶᠤᠤ ᠪᠢᠩ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠢᠶᠠᠷ᠂ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠤᠷᠤᠬᠰᠠᠨ ᠴᠢᠬᠤᠯᠠ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠤᠨ᠎ᠠ᠃ ᠪᠦᠬᠦ ᠲᠥᠯᠥᠭᠡᠯᠡᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ᠂ ᠶᠡᠭᠡ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠢᠯᠠᠯᠲᠠ ᠲᠠᠢ ᠪᠠᠷ ᠲᠡᠭᠦᠰᠪᠡ᠃ ᠬᠤᠷᠠᠯ ᠤᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠪᠦᠬᠦ ᠲᠥᠯᠥᠭᠡᠯᠡᠭᠴᠢᠳ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠢᠮᠠᠭᠲᠠ ᠨᠠᠮ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠨᠠᠮ ᠤᠨ ᠲᠦᠷᠢᠮ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠪᠡᠶᠡᠯᠡᠭᠦᠯᠵᠦ᠂ ᠬᠤᠷᠠᠯ ᠤᠨ ᠰᠠᠬᠢᠯᠭ᠎ᠠ ᠪᠠᠲᠤ ᠪᠣᠯᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠩᠭᠠᠨ ᠠᠶᠢᠮᠠᠭ ᠤᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠪᠡ᠃        ᠵᠠᠩ ᠰᠢᠶᠤᠤ ᠪᠢᠩ ᠴᠢᠬᠤᠯᠠᠴᠢᠯᠠᠭᠰᠠᠨ ᠨᠢ᠂ ᠡᠨᠡ ᠤᠳᠠᠭ᠎ᠠ ᠶᠢᠨ ᠶᠡᠭᠡ ᠬᠤᠷᠠᠯ ᠢᠶᠠᠷ ᠪᠡᠯᠭᠡ ᠲᠡᠮᠳᠡᠭ ᠪᠣᠯᠭᠠᠵᠤ᠂ ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢᠶᠠᠨ ᠡᠬᠢᠯᠡᠭᠦᠯᠪᠡ᠂ ᠠᠤᠭ᠎ᠠ ᠵᠢᠷᠤᠭ ᠲᠥᠯᠥᠪᠯᠡᠭᠡ ᠶᠢ ᠬᠡᠷᠬᠢᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢᠨ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠤ ᠪᠤᠢ᠃ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠪᠠ ᠪᠤᠢ ᠪᠦᠬᠦᠢ ᠨᠠᠮ ᠤᠨ ᠭᠡᠰᠢᠭᠦᠨ ᠺᠠᠳ᠋ᠷᠴᠤᠳ ᠲᠤ ᠴᠠᠭ ᠲᠤᠬᠠᠢ ᠳᠤᠨᠢ ᠤᠯᠠᠮᠵᠢᠯᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠲᠥᠯᠥᠭᠡᠯᠡᠭᠴᠢ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠬᠤ ᠬᠡᠷᠡᠭᠲᠡᠢ᠃ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠮᠦᠨ᠎ᠡ ᠠᠴᠠ ᠬᠢᠭᠰᠡᠨ ᠢᠯᠡᠳᠬᠡᠯ ᠪᠠ ᠲᠡᠷᠢᠭᠦᠯᠡᠭᠴᠢ ᠸᠠᠩ ᠯᠢ ᠰᠢᠶᠠ ᠶᠢᠨ ᠮᠠᠨ ᠤ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠢ ᠬᠢᠨᠠᠨ ᠵᠦᠪᠯᠡᠬᠦ ᠦᠶ᠎ᠡ ᠶᠢᠨ ᠶᠠᠷᠢᠶ᠎ᠠ ᠶᠢᠨ ᠲᠣᠭᠤᠷᠢᠨ ᠳᠤ᠂ ᠣᠯᠠᠨ ᠵᠦᠢᠯ ᠤᠨ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ᠂ ᠰᠤᠳᠤᠯᠤᠨ ᠲᠠᠶᠢᠯᠪᠤᠷᠢᠯᠠᠬᠤ ᠪᠠ ᠭᠦᠨᠵᠡᠭᠡᠶ ᠲᠠᠶᠢᠯᠪᠤᠷᠢᠯᠠᠬᠤ ᠠᠵᠢᠯ ᠢ ᠥᠷᠨᠢᠭᠦᠯᠬᠦ ᠬᠡᠷᠡᠭᠲᠡᠶ᠃ ᠡᠯ᠎ᠡ ᠱᠠᠲᠤᠨ ᠤ ᠡᠯ᠎ᠡ ᠲᠦᠷᠦᠯ ᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠪᠦᠬᠦ ᠠᠶᠢᠮᠠᠭ ᠤᠨ ᠺᠠᠳ᠋ᠷ ᠤᠯᠠᠨ ᠲᠦᠮᠡᠨ ᠤ ᠴᠢᠩᠭ᠎ᠠ ᠲᠤᠰᠬᠠᠯ ᠪᠣᠯᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠮᠢᠳᠤᠯᠢᠭ ᠦᠢᠯᠡᠳᠦᠯᠭᠡ ᠶᠢ ᠶᠡᠬᠡᠪᠡᠷ ᠤᠬᠠᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠢᠴᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠭᠵᠢᠯᠲᠡ ᠶᠢᠨ ᠰᠡᠳᠬᠢᠴᠡ᠂ ᠬᠥᠭᠵᠢᠯᠲᠡ ᠶᠢᠨ ᠠᠷᠭ᠎ᠠ ᠬᠡᠮᠵᠢᠶ᠎ᠡ᠂ ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠠᠷᠭ᠎ᠠ ᠵᠠᠮ ᠢ ᠴᠢᠨᠠᠭᠰᠢᠳᠠ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠢᠯ ᠢ ᠬᠠᠷᠠᠯᠲᠠ ᠶᠢᠨ ᠬᠠᠭᠤᠳᠠᠰᠤ ᠠᠴᠠ ᠭᠠᠷᠭᠠᠵᠤ᠂ ᠵᠠᠮ ᠱᠤᠭᠤᠮ ᠤᠨ ᠵᠢᠷᠤᠭ ᠲᠣᠭᠲᠠᠭᠠᠵᠤ᠂ ᠴᠠᠭ ᠤᠨ ᠬᠦᠰᠦᠨᠦᠭ ᠭᠠᠷᠭᠠᠵᠤ᠂ ᠵᠤᠷᠪᠤᠰ ᠳᠠᠷᠠᠭᠠᠯᠠᠨ ᠮᠥᠷᠳᠡᠨ ᠱᠠᠯᠠᠪᠳᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃       ᠠᠶᠢᠮᠠᠭ ᠤᠨ ᠤᠳᠤᠷᠢᠳᠤᠯᠭ᠎ᠠ ᠰᠦᠬᠡ᠂ ᠯᠢ ᠬᠤᠩ ᠼᠠᠢ᠂ ᠰᠢᠤᠢ ᠪᠦᠦ ᠴᠢᠤᠸᠠᠨ᠂ ᠳ᠋ᠦᠩ ᠰᠢᠨ ᠶᠤᠸᠠᠢ᠂ ᠶᠠᠩ ᠵᠢᠶ ᠫᠧᠩ᠂ ᠡᠯ᠎ᠡ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠯᠤᠨ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号