ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ | ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ | ᠤᠯᠠᠨ ᠤ ᠤᠶᠤᠨ ᠤᠬᠠᠭᠠᠨ ᠢ ᠨᠢᠭᠲᠠᠷᠠᠭᠤᠯᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢ | ᠠᠬᠢᠭᠤᠯᠵᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 18 ᠤ | ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2020 | ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠤ ᠤᠶᠤᠨ ᠤᠬᠠᠭᠠᠨ ᠢ ᠨᠢᠭᠲᠠᠷᠠᠭᠤᠯᠤᠨ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠭᠦᠢᠴᠡᠳᠬᠡᠬᠦ ᠪᠣᠯ ᠵᠠᠰᠠᠭ ᠤᠨ ᠣᠷᠳᠣᠨ ᠠᠷᠠᠳ ᠤᠨ ᠲᠦᠯᠦᠭᠡ ᠡᠭᠦᠷᠭᠡ ᠲᠤᠰᠢᠶᠠᠯ | ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠬᠦ ᠶᠢᠨ ᠲᠦᠷᠢᠮ ᠤᠨ ᠴᠢᠨᠠᠷᠲᠠᠢ ᠲᠤᠬᠢᠷᠠᠭᠤᠯᠤᠯᠳᠠ ᠮᠥᠨ᠃ ᠨᠢᠳᠤᠨᠤᠨ᠂ | ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠲᠤᠭ᠎ᠠ ᠨᠡᠮᠡᠭᠳᠡᠵᠦ᠂ ᠭᠦᠢᠴᠡᠳᠬᠡᠬᠦ ᠴᠠᠭ ᠨᠢ ᠣᠬᠤᠷ ᠵᠡᠷᠭᠡ ᠪᠠᠶᠢᠳᠠᠯ ᠳᠤ | ᠬᠠᠨᠳᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠬᠢᠵᠢᠭ ᠤᠨ ᠪᠠᠶᠢᠳᠠᠯ ᠤᠨ ᠨᠥᠯᠥᠭᠡ | ᠵᠡᠷᠭᠡ ᠣᠯᠠᠨ ᠳᠠᠪᠬᠤᠷ ᠬᠦᠴᠢᠷᠳᠡᠯ ᠢ ᠢᠯᠠᠨ ᠳᠠᠪᠠᠵᠤ᠂ ᠭᠦᠢᠴᠡᠳᠬᠡᠬᠦ ᠠᠵᠢᠯ ᠤᠨ ᠲᠣᠭᠲᠠᠴᠠ ᠶᠢ ᠰᠢᠨ᠎ᠡ ᠶᠢ | ᠡᠭᠦᠳᠦᠨ ᠪᠦᠷᠢᠨᠰᠢᠭᠦᠯᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠨᠡᠶᠢᠲᠡ 8108 ᠬᠤᠪᠢ᠂ ᠪᠥᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 4115 ᠬᠤᠪᠢ ᠲᠦᠷᠦᠭᠦᠯᠡᠨ ᠭᠦᠢᠴᠡᠳᠬᠡᠵᠦ᠂ | ᠡᠨᠡ ᠨᠢ ᠲᠤᠰ ᠲᠤᠰ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠪᠥᠬᠦ ᠲᠣᠭᠠᠨ ᠤ 88.3% ᠪᠠ 84.9% ᠶᠢ | ᠡᠵᠡᠯᠡᠪᠡ᠃ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠠᠷ ᠳᠠᠮᠵᠢᠭᠤᠯᠤᠨ᠂ ᠡᠯ᠎ᠡ ᠰᠠᠯᠠᠭ᠎ᠠ | ᠮᠥᠴᠢᠷ ᠤᠨ ᠬᠢᠨ ᠲᠥᠯᠥᠭᠡᠯᠡᠭᠴᠢ ᠭᠡᠰᠢᠭᠦᠨ ᠤ ᠰᠠᠨᠠᠯ ᠰᠠᠨᠠᠭᠤᠯᠭ᠎ᠠ ᠶᠢ ᠨᠡᠶᠢᠲᠡ 3700 ᠭᠠᠷᠤᠢ ᠵᠤᠷᠪᠤᠰ | ᠬᠦᠯᠢᠶᠡᠨ ᠠᠪᠴᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ 1500 ᠭᠠᠷᠤᠢ ᠵᠦᠢᠯ | ᠨᠡᠶᠢᠲᠡᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ ︾ ︽ᠵᠢᠷᠭᠤᠭ᠎ᠠ ᠶᠢ ᠪᠠᠲᠤᠯᠠᠬᠤ ︾ ᠠᠵᠢᠯ ᠢ | ᠬᠦᠴᠦᠲᠡᠶ ᠳᠥᠯᠭᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠷᠬᠡ ᠠᠰᠠᠭᠤᠳᠠᠯ ᠢ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ ᠠᠵᠢᠯ ᠢ | ᠠᠬᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ᠂ ᠪᠥᠬᠦ ᠵᠢᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠳᠤ ᠢᠳᠡᠪᠬᠢᠲᠡᠶ | ᠦᠢᠯᠡᠳᠦᠯ ᠦᠵᠡᠭᠦᠯᠪᠡ ᠭᠡᠪᠡ᠃ ᠬᠤᠷᠠᠯ ᠠᠴᠠ ᠱᠠᠭᠠᠷᠳᠠᠭᠰᠠᠨ ᠨᠢ᠂ ᠨᠢᠭᠡᠨᠲᠡ ᠬᠦᠯᠢᠶᠡᠨ ᠠᠪᠤᠭᠰᠠᠨ ᠰᠠᠨᠠᠯ | ᠰᠠᠨᠠᠭᠤᠯᠭ᠎ᠠ ᠶᠢ ᠦᠷᠭᠦᠯᠵᠢᠯᠡᠨ ᠦᠷ᠎ᠡ ᠪᠦᠲᠦᠮᠵᠢ ᠭᠠᠷᠲᠠᠯ᠎ᠠ ᠠᠳᠬᠤᠬᠤ ᠬᠡᠷᠡᠭᠲᠡᠢ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ | ᠪᠣᠯᠬᠤ ᠭᠡᠵᠦ ᠪᠠᠶᠢᠨ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠬᠤ ᠶᠢᠨ ᠲᠣᠭᠤᠷᠢᠨ ᠳᠤ᠂ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ᠂ | ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠢ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠭᠤᠯᠭ᠎ᠠ | ᠪᠣᠯᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠳᠤ ᠠᠭᠤᠰᠤᠯᠴᠠᠭᠤᠯᠵᠤ᠂ ᠨᠡᠶᠢᠭᠡᠮ ᠵᠢᠷᠦᠮᠲᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨ | ᠬᠦ ᠪᠠᠲᠤᠯᠠᠬᠤ ᠬᠡᠷᠡᠭᠲᠡᠢ ᠭᠡᠵᠡᠢ᠃ ᠨᠢᠭᠡ ᠳᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠠᠨᠠᠯ | ᠰᠠᠨᠠᠭᠤᠯᠭ᠎ᠠ ᠶᠢ ᠰᠣᠨᠣᠰᠬᠤ ᠪᠠ ᠴᠤᠭᠯᠠᠭᠤᠯᠬᠤ ᠬᠤᠯᠪᠤᠭᠳᠠᠯ ᠪᠦᠬᠦᠢ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ | ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠯᠠ ᠣᠷᠤᠯᠴᠠᠨ ᠰᠤᠯᠠ ᠰᠣᠨᠣᠰᠬᠤ ᠳᠤ | ᠣᠷᠤᠯᠴᠠᠬᠤ ᠳᠤ ᠪᠠᠨ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠬᠡᠷᠡᠭᠲᠡᠢ | ᠃ ᠡᠯ᠎ᠡ ᠰᠠᠯᠠᠭ᠎ᠠ ᠮᠥᠴᠢᠷ ᠤᠨ ᠬᠢᠨ ᠰᠦᠯᠵᠢᠶ᠎ᠡ᠂ ᠬᠠᠯᠠᠮᠰᠢᠯ ᠤᠲᠠᠰᠤ ᠵᠢᠵᠢᠭᠦᠷᠯᠡᠬᠦ ᠤᠲᠠᠰᠤ᠂ ᠸᠢᠳᠢᠣ᠋ ᠪᠠᠷ | ᠬᠤᠯᠪᠣᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠢᠳᠡᠪᠬᠢᠲᠡᠢ ᠥᠷᠭᠡᠳᠬᠡᠵᠦ᠂ ᠲᠥᠯᠥᠭᠡᠯᠡᠭᠴᠢ | ᠭᠡᠰᠢᠭᠦᠳ ᠲᠠᠢ ᠰᠠᠭᠠᠳ ᠦᠭᠡᠢ ᠰᠣᠯᠢᠯᠴᠠᠭ᠎ᠠ ᠬᠢᠬᠦ ᠬᠡᠷᠡᠭᠲᠡᠢ᠃ ᠬᠤᠶᠠᠷ ᠲᠤ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠠᠪᠤᠳᠠᠯ ᠢ ᠡᠯ᠎ᠡ | ᠵᠦᠢᠯ ᠤᠨ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠬᠤ ᠬᠡᠷᠡᠭᠲᠡᠢ᠃ | ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠵᠠᠷᠢᠮ ᠢ ᠨᠢ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠣᠷᠤᠭᠤᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ ︾ ᠤᠨ | ᠲᠥᠯᠥᠪᠵᠢᠭᠦᠯᠭᠡ ᠶᠢᠨ ᠬᠦᠲᠦᠯᠪᠦᠷᠢ ᠳᠤ ᠵᠠᠰᠠᠪᠤᠷᠢ ᠣᠷᠣᠭᠤᠯᠬᠤ ᠶᠠᠪᠤᠴᠠ ᠳᠤ ᠣᠷᠣᠭᠤᠯᠵᠤ᠂ ᠵᠠᠷᠢᠮ ᠢ ᠨᠢ | ᠬᠤᠶᠢᠰᠢᠳᠠ ᠶᠢᠨ ᠬᠠᠮᠢᠶ᠎ᠠ ᠪᠦᠬᠦᠢ ᠠᠵᠢᠯ ᠪᠤᠶᠤ ᠲᠦᠷᠦ ᠶᠢᠨ ᠪᠤᠳᠤᠯᠭ᠎ᠠ ᠶᠢᠨ ᠨᠥᠭᠡᠴᠡ ᠳᠤ ᠣᠷᠤᠭᠤᠯᠤᠨ᠂ | ᠲᠥᠯᠥᠭᠡᠯᠡᠭᠴᠢ ᠭᠡᠰᠢᠭᠦᠳ ᠤᠨ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠵᠠᠰᠠᠭ ᠤᠨ ᠣᠷᠳᠣᠨ ᠤ ᠠᠵᠢᠯ ᠢ | ᠰᠠᠶᠢᠲᠤᠷ ᠬᠢᠬᠦ ᠶᠢᠨ ᠪᠣᠳᠠᠲᠠᠶ ᠠᠷᠭ᠎ᠠ ᠮᠡᠷᠭᠡᠨ ᠠᠷᠭ᠎ᠠ ᠪᠣᠯᠭᠠᠨ ᠤᠯᠠᠷᠢᠭᠤᠯᠬᠤ ᠬᠡᠷᠡᠭᠲᠡᠶ᠃ ᠭᠤᠷᠪᠠ ᠳᠤ ᠰᠠᠨᠠᠭᠤᠯᠭ᠎ᠠ | ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ | ᠭᠤᠣᠯᠳᠠᠯᠭ᠎ᠠ ᠲᠠᠢ ᠠᠵᠢᠯ ᠢ ᠰᠣᠳᠤᠯᠬᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠳᠤ ᠪᠠᠨ | ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠲᠥᠯᠥᠭᠡᠯᠡᠭᠴᠢ ᠭᠡᠰᠢᠭᠦᠳ ᠢ ᠤᠷᠢᠨ ᠣᠷᠣᠯᠴᠠᠭᠤᠯᠵᠤ᠂ ᠭᠦᠢᠴᠡᠳᠬᠡᠬᠦ | ᠠᠵᠢᠯ ᠲᠠᠢ ᠤᠶᠠᠯᠳᠤᠭᠤᠯᠤᠨ ᠭᠤᠣᠯᠳᠠᠯᠭ᠎ᠠ ᠲᠠᠢ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ | ᠬᠡᠷᠡᠭᠲᠡᠢ᠃ ᠲᠥᠯᠥᠭᠡᠯᠡᠬᠦ ᠴᠢᠨᠠᠷ ᠢᠶᠠᠷ ᠴᠢᠩᠭ᠎ᠠ᠂ ᠠᠩᠬᠠᠷᠬᠤ ᠬᠡᠮᠵᠢᠶ᠎ᠡ ᠪᠠᠷ ᠥᠨᠳᠥᠷ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠬᠦᠴᠦᠨ ᠢᠶᠠᠨ ᠲᠥᠪᠯᠡᠷᠡᠭᠦᠯᠦᠨ ᠰᠤᠳᠤᠯᠤᠨ ᠭᠦᠢᠴᠡᠳᠬᠡᠵᠦ᠂ ᠭᠤᠣᠯᠳᠠᠯᠭ᠎ᠠ ᠲᠠᠢ ᠪᠠᠷ ᠰᠢᠪᠲᠤᠯᠬᠤ | ᠬᠡᠷᠡᠭᠲᠡᠶ᠃ ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠬᠤᠯᠪᠣᠭᠳᠠᠭᠰᠠᠨ ᠣᠯᠠᠨᠲᠠ ᠳᠤᠷᠠᠳᠤᠭᠰᠠᠨ ᠴᠤ | ᠭᠦᠢᠴᠡᠳᠬᠡᠬᠦ ᠳᠤ ᠪᠡᠷᠬᠡᠲᠡᠶ ᠲᠤᠪᠤᠶᠢᠮ᠎ᠠ ᠠᠰᠠᠭᠤᠳᠠᠯ ᠳᠤ ᠠᠵᠢᠯ ᠤᠨ ᠲᠤᠰᠬᠠᠢ ᠲᠦᠰᠦᠯ ᠲᠣᠭᠲᠠᠭᠠᠵᠤ | ᠲᠥᠪᠯᠡᠷᠡᠭᠦᠯᠦᠨ ᠰᠢᠪᠲᠤᠯᠬᠤ ᠬᠡᠷᠡᠭᠲᠡᠶ᠃ ᠭᠦᠢᠴᠡᠳᠬᠡᠬᠦ ᠳᠤ ᠬᠦᠴᠢᠷᠲᠡᠢ᠂ ᠣᠷᠣᠨ ᠨᠤᠲᠤᠭ ᠲᠤ ᠬᠤᠯᠪᠤᠭᠳᠠᠭᠰᠠᠨ | ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠰᠠᠯᠠᠭ᠎ᠠ ᠮᠥᠴᠢᠷ ᠪᠣᠯᠤᠨ ᠲᠥᠯᠥᠭᠡᠯᠡᠭᠴᠢ ᠭᠡᠰᠢᠭᠦᠨ᠂ ᠣᠷᠣᠨ ᠨᠤᠲᠤᠭ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠦᠢᠴᠡᠳᠬᠡᠬᠦ ᠶᠢ ᠬᠠᠮᠲᠤ ᠪᠠᠷ ᠠᠬᠢᠭᠤᠯᠬᠤ ᠬᠡᠷᠡᠭᠲᠡᠢ᠃ | ᠳᠥᠷᠪᠡ ᠳᠤ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠭᠦᠢᠴᠡᠳᠬᠡᠬᠦ ᠡᠬᠡ ᠲᠠᠩᠰᠠ ᠪᠠᠶᠢᠭᠤᠯᠤᠨ᠂ | ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠲᠤᠬᠠᠶ ᠳᠤ ᠨᠢ ᠭᠦᠢᠴᠡᠳᠬᠡᠵᠦ ᠳᠠᠭᠤᠰᠬᠠᠬᠤ ᠬᠡᠷᠡᠭᠲᠡᠶ᠃ | ᠭᠦᠢᠴᠡᠳᠬᠡᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢ ᠭᠡᠰᠢᠭᠦᠳ ᠲᠤ ᠠᠵᠢᠯ ᠤᠨ ᠠᠬᠢᠴᠠ ᠶᠢ | ᠲᠠᠨᠢᠯᠴᠠᠭᠤᠯᠵᠤ᠂ ᠴᠠᠭ ᠲᠤᠬᠠᠶ ᠳᠤ ᠨᠢ ᠬᠠᠷᠢᠭᠤ ᠲᠤᠰᠬᠠᠬᠤ ᠪᠠ ᠬᠠᠷᠢᠭᠤᠯᠲᠠ ᠶᠢᠨ ᠠᠭᠤᠯᠭ᠎ᠠ ᠶᠢ ᠲᠠᠶᠢᠯᠪᠤᠷᠢᠯᠠᠵᠤ | ᠥᠭᠬᠦ ᠬᠡᠷᠡᠭᠲᠡᠶ᠃ ᠲᠠᠪᠤ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠭᠦᠢᠴᠡᠳᠬᠡᠬᠦ ᠠᠵᠢᠯ ᠢ | ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠬᠤ | ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠪᠦᠲᠦᠮᠵᠢᠲᠡᠶ ᠲᠤᠷᠰᠢᠯᠭ᠎ᠠ ᠬᠢᠳᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ | ᠭᠦᠢᠴᠡᠳᠬᠡᠬᠦ ᠠᠵᠢᠯ ᠤᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠬᠤ ᠬᠡᠷᠡᠭᠲᠡᠶ᠃ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠭᠦᠢᠴᠡᠳᠬᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠪᠠ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ ᠭᠡᠵᠡᠢ᠃ | | |