ᠴᠢ᠊ ᠪᠠᠲᠦ ᠲᠦᠯᠦᠭᠡᠯᠡᠭᠴᠢ᠄ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ
ᠨᠡᠶᠢᠲᠡᠯᠡᠭᠰᠡᠨ ᠴᠠᠭ᠄
2021/2/3
   1 ᠳ᠋ᠦ᠋ᠭᠡᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠳᠥᠷᠪᠡᠳᠦᠭᠡᠷ ᠬᠤᠷᠠᠯ ᠤᠨ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠠᠲᠤ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠵᠦ᠂ ᠲᠥᠷᠥᠭᠳᠡᠯ ᠢᠶᠠᠨ ᠶᠠᠷᠢᠯᠴᠠᠵᠤ᠂ ᠬᠥᠭᠵᠢᠯᠲᠡ ᠶᠢᠨ ᠲᠤᠬᠠᠶ ᠬᠠᠮᠲᠤ ᠪᠠᠷ ᠶᠠᠷᠢᠯᠴᠠᠭᠰᠠᠨ ᠪᠥᠭᠡᠳ ᠬᠢᠩᠭᠠᠨ ᠠᠶᠢᠮᠠᠭ ᠤᠨ ᠠᠵᠢᠯ ᠤᠨ ᠰᠡᠳᠬᠢᠴᠡ ᠪᠠ ᠠᠷᠭ᠎ᠠ ᠪᠠᠷᠢᠯ ᠢ ᠳᠤᠷᠠᠳᠪᠠ᠃    ᠡᠨᠡ ᠪᠣᠯ ᠲᠤᠭ ᠢᠶᠠᠨ ᠥᠨᠳᠥᠷ ᠮᠠᠨᠳᠤᠭᠤᠯᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ ᠰᠠᠶᠢᠨ ᠢᠯᠡᠳᠬᠡᠯ ᠮᠥᠨ    ᠪᠦ᠋ ᠰᠢᠶᠤᠤ ᠯᠢᠨ ᠲᠡᠷᠢᠭᠦᠯᠡᠭᠴᠢ ᠶᠢᠨ ᠬᠢᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠠᠮᠵᠢᠯᠲᠠ ᠪᠦᠲᠦᠮᠵᠢ ᠪᠠᠨ ᠳ᠋ᠦᠩᠨᠡᠬᠦ ᠳᠤ ᠪᠤᠰᠤᠳᠴᠢ ᠪᠥᠭᠡᠳ ᠪᠣᠳᠠᠲᠠᠶ ᠶᠢ ᠡᠷᠬᠢᠮᠯᠡᠨ᠂ ᠪᠠᠶᠢᠳᠠᠯ ᠢ ᠵᠠᠳᠠᠯᠠᠬᠤ ᠳᠠᠭᠠᠨ ᠭᠦᠨᠵᠡᠭᠡᠶ ᠪᠥᠭᠡᠳ ᠨᠡᠪᠲᠡᠷᠬᠡᠶ᠂ ᠬᠠᠷᠠᠯᠲᠠ ᠪᠠᠨ ᠲᠣᠭᠲᠠᠬᠤ ᠳᠠᠭᠠᠨ ᠢᠳᠡᠪᠬᠢᠲᠡᠶ ᠪᠥᠭᠡᠳ ᠯᠠᠪᠳᠠᠭᠤᠨ ᠪᠠᠶᠢᠵᠤ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠲᠤᠭ ᠢᠶᠠᠨ ᠥᠨᠳᠥᠷ ᠮᠠᠨᠳᠤᠭᠤᠯᠤᠭᠰᠠᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠭᠰᠡᠨ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠰᠠᠶᠢᠨ ᠢᠯᠡᠳᠬᠡᠯ ᠮᠦᠨ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠶᠡᠷᠦᠩᠬᠡᠢ ᠰᠡᠷᠡᠯᠲᠡ ᠳᠤ ᠭᠤᠷᠪᠠᠨ ᠲᠠᠯ᠎ᠠ ᠶᠢᠨ ᠢᠯᠡ ᠲᠣᠳᠣ ᠣᠨᠴᠠᠯᠢᠭ ᠲᠠᠢ᠄   ᠨᠢᠭᠡ ᠳᠤ ᠣᠳᠣᠬᠠᠨ ᠤ ᠬᠥᠭᠵᠢᠯᠲᠡ ᠶᠢᠨ ᠪᠠᠶᠢᠳᠠᠯ ᠤᠨ ᠲᠤᠬᠠᠢ ᠭᠦᠨᠵᠡᠭᠡᠢ ᠡᠵᠡᠮᠳᠡᠯ ᠢ ᠢᠯᠡᠷᠡᠭᠦᠯᠪᠡ᠂ ︽ᠢᠯᠡᠳᠬᠡᠯ ︾ ᠳᠤ ᠳᠤᠷᠠᠳᠤᠭᠰᠠᠨ ᠬᠠᠷᠠᠯᠲᠠ ᠡᠭᠦᠷᠭᠡ᠂ ᠬᠥᠭᠵᠢᠯᠲᠡ ᠶᠢᠨ ᠭᠤᠣᠯᠳᠠᠯᠭ᠎ᠠ ᠪᠠ ᠠᠷᠭ᠎ᠠ ᠵᠠᠮ ᠠᠷᠭ᠎ᠠ ᠪᠠᠷᠢᠯ ᠨᠢ ︽ᠰᠢᠨ᠎ᠡ ᠬᠥᠭᠵᠢᠯᠲᠡ ᠶᠢᠨ ᠱᠠᠳᠤ ᠪᠠᠷ ᠭᠤᠣᠯᠳᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ︾ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠰᠠᠨ ᠮᠥᠷᠲᠡᠭᠡᠨ ᠪᠠᠰᠠ ᠲᠥᠪ ᠤᠨ ᠥᠪᠥᠷ ᠮᠣᠩᠭᠤᠯ ᠤᠨ ︽ᠬᠤᠶᠠᠷ ᠬᠠᠯᠬᠠᠪᠴᠢ ︾᠂ ︽ᠬᠤᠶᠠᠷ ᠰᠠᠭᠤᠷᠢᠨ ᠭᠠᠵᠠᠷ ︾ ᠪᠠ ︽ᠨᠢᠭᠡ ᠪᠠᠬᠢᠯᠡᠯᠲᠡ ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠵᠦ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠣᠶᠢᠯᠠᠭᠠᠬᠤ ᠪᠠ ᠣᠨᠣᠪᠴᠢᠲᠠᠢ ᠡᠵᠡᠮᠳᠡᠬᠦ ᠶᠢ ᠭᠦᠢᠴᠡᠳ ᠢᠯᠡᠷᠡᠭᠦᠯᠵᠡᠢ᠃   ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠢᠯᠡᠷᠡᠭᠦᠯᠵᠦ᠂ ︽ᠢᠯᠡᠳᠬᠡᠯ ︾ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠬᠦᠷᠦᠯᠴᠡᠬᠦ ᠥᠬᠡᠶ᠂ ᠰᠠᠭᠤᠷᠢ ᠪᠠᠭᠤᠷᠠᠶ᠂ ᠴᠢᠳᠠᠪᠤᠷᠢᠲᠠᠨ ᠳᠤᠲᠠᠭᠳᠠᠵᠤ ᠪᠠᠶᠢᠬᠤ ᠵᠡᠷᠭᠡ ᠳᠤᠲᠠᠭᠤᠳᠠᠯ ᠪᠠᠭᠤᠷᠠᠶ ᠲᠠᠯ᠎ᠠ ᠳᠤ ᠴᠢᠭᠯᠡᠭᠦᠯᠦᠨ ᠨᠢᠭᠡᠳ ᠨᠢᠭᠡ ᠪᠠᠷ ᠴᠢᠩᠭ᠎ᠠ ᠠᠷᠭ᠎ᠠ ᠪᠠᠷᠢᠯ ᠠᠪᠴᠤ᠂ ᠬᠠᠮ ᠠᠷᠭ᠎ᠠ ᠬᠡᠮᠵᠢᠶ᠎ᠡ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠭᠰᠠᠨ ᠡᠷᠡᠰ ᠵᠣᠷᠢᠭ ᠢ ᠢᠯᠡᠷᠡᠭᠦᠯᠪᠡ᠃    ᠭᠤᠷᠪᠠ ᠳᠤ ᠠᠷᠠᠳ ᠲᠦᠮᠡᠨ ᠢᠶᠠᠷ ᠭᠤᠤᠯ ᠪᠣᠯᠭᠠᠬᠤ ᠲᠥᠷᠥ ᠪᠠᠷᠢᠬᠤ ᠣᠶᠢᠯᠠᠭᠠᠭᠳᠠᠬᠤᠨ ᠢ ᠢᠯᠡᠷᠡᠭᠦᠯᠪᠡ᠂ ︽ᠢᠯᠡᠳᠬᠡᠯ ︾ ᠳᠤ ᠴᠢᠬᠤᠯᠠᠴᠢᠯᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠣᠯᠭᠤᠯᠲᠠ ᠶᠢ ᠳᠡᠮᠵᠢᠬᠦ᠂ ᠨᠡᠶᠢᠭᠡᠮ ᠤᠨ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠵᠡᠷᠭᠡ ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠨᠢ ᠠᠷᠠᠳ ᠤᠨ ᠲᠥᠯᠥᠭᠡ ᠭᠡᠬᠦ ᠰᠡᠳᠬᠢᠯᠭᠡ ᠶᠢ ᠢᠯᠡᠷᠡᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ︽ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠶᠠᠪᠤᠭᠤᠯᠬᠤ ᠬᠠᠨᠳᠤᠰᠢ ︾ ᠶᠢᠨ ᠠᠷᠠᠳ ᠤᠨ ᠠᠮᠢᠳᠤᠷᠠᠯ ᠤᠨ ᠤᠳᠤᠷᠢᠳᠤᠮᠵᠢ ᠶᠢ ᠢᠯᠡᠷᠡᠭᠦᠯᠪᠡ᠃    ︽ᠬᠤᠶᠠᠷ ᠬᠤᠷᠠᠯ ︾ ᠤᠨ ᠵᠣᠷᠢᠭ ᠰᠠᠨᠠᠭ᠎ᠠ ᠪᠣᠯᠣᠨ ︽ᠢᠯᠡᠳᠬᠡᠯ ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠡᠷᠡᠰ ᠨᠠᠶᠢᠳᠠᠪᠤᠷᠢᠵᠢᠭᠤᠯᠬᠤ ᠬᠡᠷᠡᠭᠲᠡᠢ     ᠪᠢᠳᠡ ︽ᠬᠤᠶᠠᠷ ᠬᠤᠷᠠᠯ ︾ ᠤᠨ ᠵᠣᠷᠢᠭ ᠰᠠᠨᠠᠭ᠎ᠠ ᠪᠣᠯᠣᠨ ︽ᠢᠯᠡᠳᠬᠡᠯ ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃    ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠮᠢ ᠠᠬᠤᠢ ᠶᠢ ᠣᠷᠢᠳᠣᠯ ᠪᠣᠯᠭᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠬᠤ ᠬᠡᠷᠡᠭᠲᠡᠢ᠃ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠲᠣᠭᠲᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ ︾᠂ ︽ᠵᠢᠷᠭᠤᠭ᠎ᠠ ᠶᠢ ᠪᠠᠲᠤᠯᠠᠬᠤ ︾ ᠪᠠᠷ ᠠᠵᠤ ᠠᠬᠤᠢ ᠶᠢ ᠲᠣᠭᠲᠠᠪᠤᠷᠢᠵᠢᠭᠤᠯᠬᠤ ᠴᠢᠬᠤᠯᠠ ᠠᠷᠭ᠎ᠠ ᠠᠪᠴᠠᠯ ᠪᠣᠯᠭᠠᠨ᠂ ᠠᠵᠤ ᠠᠬᠤᠢ ᠶᠢᠨ ᠠᠵᠢᠯᠯᠠᠭ᠎ᠠ ᠶᠢ ᠵᠣᠬᠢᠰᠲᠠᠢ ᠣᠷᠣᠨ ᠵᠠᠢ ᠳᠤ ᠲᠣᠭᠲᠠᠪᠣᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃    ᠣᠳᠣᠬᠢᠴᠢᠯᠠᠭᠰᠠᠨ ᠠᠵᠤ ᠦᠶᠯᠡᠰ ᠤᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠢ ᠶᠡᠬᠡᠪᠡᠷ ᠪᠥᠲᠥᠭᠡᠨ ᠪᠠᠶᠢᠭᠤᠯᠵᠤ᠂ ᠦᠶᠯᠡᠳᠬᠦ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠵᠣᠭᠠᠴᠠᠯ ᠤᠨ ᠦᠶᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢ ᠠᠵᠤ ᠦᠶᠯᠡᠰ ᠪᠣᠯᠭᠠᠬᠤ ᠪᠠᠷ ᠬᠦᠴᠦᠯᠡᠬᠦ ᠬᠡᠷᠡᠭᠲᠡᠶ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯᠲᠥ ᠣᠷᠣᠨ ᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠵᠡᠷᠭᠡ ᠪᠣᠬᠢᠷᠲᠤᠯ ᠦᠭᠡᠢ ᠨᠡᠷᠡᠲᠦ ᠲᠡᠮᠳᠡᠭ ᠢ ᠰᠠᠶᠢᠲᠤᠷ ᠠᠰᠢᠭᠯᠠᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠥᠬᠦᠷᠡᠰᠢ ᠦᠭᠡᠢ ᠬᠦᠴᠦᠯᠡᠨ ᠠᠳᠬᠤᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ᠂ ᠨᠡᠶᠢᠲᠡ ᠶᠢᠨ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠠᠳᠬᠤᠬᠤ ᠬᠡᠷᠡᠭᠲᠡᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号