ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ ︶ 2021 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠬᠦᠯᠵᠡᠢ
ᠨᠡᠶᠢᠲᠡᠯᠡᠭᠰᠡᠨ ᠴᠠᠭ᠄
2021/3/11
  3 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ ︶ ᠶᠢᠨ 2021 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠤᠰᠤᠯᠠᠯ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠠᠷᠤᠭ᠎ᠠ᠂ ᠠᠶᠢᠮᠠᠭ ᠤᠨ ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ ᠶᠢᠨ ᠲᠠᠷᠤᠭ᠎ᠠ ᠳ᠋ᠦᠩ ᠰᠢᠨ ᠶᠤᠸᠠᠢ ᠶᠤᠰᠤᠯᠠᠯ ᠳᠤ ᠤᠷᠤᠯᠴᠠᠬᠤ ᠶᠢᠨ ᠬᠠᠮᠳᠦ ᠶᠠᠷᠢᠶ᠎ᠡ ᠲᠠᠯᠪᠢᠪᠠ᠃    ᠳ᠋ᠦᠩ ᠰᠢᠨ ᠶᠤᠸᠠᠢ ᠴᠢᠬᠤᠯᠠᠴᠢᠯᠠᠭᠰᠠᠨ ᠨᠢ᠂ ︽ᠠᠷᠪᠠᠨ ᠲᠦᠷᠪᠡᠳᠦᠭᠡᠷ ᠲᠠᠪᠤᠨ ᠵᠢᠯ ︾ ᠢ ᠡᠬᠢᠯᠡᠬᠦᠯᠬᠦ ᠵᠠᠩᠬᠢᠯᠠᠭ᠎ᠠ ᠶᠢᠨ ᠦᠶ᠎ᠡ ᠳᠤ᠂ ᠨᠠᠮ ᠤᠨ ᠲᠡᠤᠭᠡ ᠶᠢ ᠰᠤᠷᠤᠯᠴᠠᠵᠦ ᠨᠠᠮ ᠤᠨ ᠲᠡᠤᠭᠡ ᠶᠢ ᠪᠠᠳᠦ ᠴᠡᠭᠡᠵᠢᠯᠡᠨ᠂ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠡ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠠᠢ ᠦᠨᠡᠨ ᠬᠦ ᠨᠢᠭᠡᠳᠭᠡᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠤᠯᠤᠭᠰᠠᠨ ᠴᠢᠬᠤᠯᠠ ᠶᠡᠭᠡ ᠠᠮᠵᠢᠯᠳᠠ ᠪᠦᠳᠦᠮᠵᠢ᠂ ᠰᠢᠨ᠎ᠡ ᠬᠦᠭᠵᠢᠯᠳᠡ ᠶᠢᠨ ᠱᠠᠳᠤᠨ ᠤ ᠬᠠᠷᠠᠯᠳᠠ ᠱᠠᠭᠠᠷᠳᠠᠯᠭ᠎ᠠ᠂ ᠰᠢᠨ᠎ᠡ ᠬᠦᠭᠵᠢᠯᠳᠡ ᠶᠢᠨ ᠤᠢᠢᠯᠠᠭᠠᠭᠳᠠᠬᠤᠨ ᠤ ᠠᠭᠤᠯᠤᠭᠳᠠᠬᠤᠨ ᠱᠠᠭᠠᠷᠳᠠᠯᠭ᠎ᠠ ᠶᠢ ᠦᠢᠯᠡᠳᠦᠯᠭᠡᠵᠢᠬᠦᠯᠬᠦ ᠶᠢ ᠬᠦᠨᠵᠡᠭᠡᠢ ᠲᠠᠨᠢᠬᠤ ᠬᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠬᠦ ᠶᠢᠨ ᠴᠢᠬᠤᠯᠠ ᠠᠴᠢ ᠬᠤᠯᠪᠤᠭᠳᠠᠯ ᠪᠠ ᠪᠣᠳᠠᠲᠤ ᠠᠴᠢ ᠬᠤᠯᠪᠣᠭᠳᠠᠯ ᠢ ᠵᠥᠪ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠪᠥᠬᠦ ᠠᠶᠢᠮᠠᠭ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠡᠢ᠃ ᠥᠷᠭᠡᠨ ᠣᠯᠠᠨ ᠺᠠᠳ᠋ᠷ ᠤᠨᠴᠠᠭᠠᠢᠢᠯᠠᠨ ᠢᠳᠡᠷ ᠵᠠᠯᠠᠭᠤ ᠺᠠᠳ᠋ᠷᠴᠤᠳ ᠤᠯᠤᠰ ᠲᠦᠷᠦ ᠶᠢᠨ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠤᠳᠤᠯᠭ᠎ᠠ ᠭᠠᠷᠭᠠᠬᠤ ᠴᠢᠳᠠᠪᠤᠷᠢ᠂ ᠦᠭᠡᠷᠡᠴᠢᠯᠡᠯᠳᠡ ᠬᠢᠵᠦ ᠪᠤᠭᠤᠮᠳᠠ ᠰᠢᠪᠳᠤᠯᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠤᠯᠠᠨ ᠲᠦᠮᠡᠨᠴᠢ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠳᠠ ᠶᠢ ᠠᠳᠬᠤᠬᠤ ᠴᠢᠳᠠᠪᠤᠷᠢ ᠪᠠᠨ ᠬᠦᠴᠦᠯᠡᠨ ᠲᠡᠭᠡᠭᠰᠢᠯᠡᠬᠦᠯᠵᠦ᠂ ᠤᠭ ᠰᠠᠨᠠᠭ᠎ᠠ ᠪᠠᠨ ᠦᠢᠯᠡᠳᠦᠯᠭᠡᠵᠢᠬᠦᠯᠵᠦ᠂ ᠪᠤᠳᠠᠳᠠᠢ ᠶᠢ ᠡᠷᠬᠢᠮᠯᠡᠨ ᠠᠵᠢᠯᠯᠠᠵᠦ᠂ ᠰᠢᠨ᠎ᠡ ᠪᠠᠶᠢᠳᠠᠯ ᠲᠠᠢ ᠨᠡᠩ ᠰᠠᠶᠢᠳᠤᠷ ᠵᠤᠬᠢᠴᠠᠵᠦ᠂ ᠰᠢᠨ᠎ᠡ ᠡᠬᠦᠷᠭᠡ ᠶᠢ ᠨᠠᠶᠢᠳᠠᠪᠤᠷᠢᠵᠢᠭᠤᠯᠤᠨ᠂ ᠰᠢᠨ᠎ᠡ ᠬᠦᠭᠵᠢᠯᠳᠡ ᠶᠢ ᠠᠬᠢᠭᠤᠯᠬᠤ ᠬᠡᠷᠡᠭᠳᠡᠢ᠃ ᠠᠵᠠ ᠲᠤᠬᠢᠶᠠᠯ ᠢ ᠨᠠᠨᠳᠢᠩᠨᠠᠵᠤ᠂ ᠣᠪᠣᠷ ᠢᠶᠠᠨ ᠲᠥᠪ ᠪᠣᠯᠭᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠤᠷᠤᠯᠭ᠎ᠠ ᠶᠢᠨ ᠲᠠᠯ᠎ᠠ ᠪᠠᠷ ᠬᠢ ᠠᠮᠵᠢᠯᠲᠠ ᠶᠢ ᠪᠠᠲᠤᠯᠠᠬᠤ ᠬᠡᠷᠡᠭᠲᠡᠢ ᠭᠡᠵᠡᠢ     ᠰᠤᠷᠭᠠᠭᠤᠯᠢ ᠡᠬᠢᠯᠡᠬᠦ ᠶᠣᠰᠣᠯᠠᠯ ᠳᠤ ᠪᠠᠰᠠ 2021 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠨᠢᠭᠡᠳᠦᠭᠡᠷ ᠡᠭᠡᠯᠵᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠶᠢ ᠨᠠᠷᠢᠨ ᠲᠤᠬᠢᠷᠠᠭᠤᠯᠪᠠ᠃ ᠤᠢᠢᠯᠠᠭᠠᠯᠳᠠ ᠪᠠᠷ᠂ ᠲᠤᠰ ᠤᠳᠠᠭᠠᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠪᠦᠬᠦ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠰᠢᠶᠠᠨ ᠭᠠᠵᠠᠷ ᠤᠨ ᠲᠡᠰ ᠤᠨ ᠺᠠᠳ᠋ᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠳᠦ ᠪᠤᠯᠪᠠᠰᠤᠷᠠᠯ ᠤᠨ ᠠᠩᠬᠢ᠂ ᠪᠦᠬᠦ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠤᠯᠤᠰ ᠲᠦᠷᠦ ᠶᠢᠨ ᠴᠢᠳᠠᠪᠤᠷᠢ ᠶᠢ ᠲᠡᠭᠡᠭᠰᠢᠯᠡᠬᠦᠯᠬᠦ ᠲᠤᠰᠬᠠᠢ ᠰᠡᠳᠦᠪᠳᠦ ᠪᠤᠯᠪᠠᠰᠤᠷᠠᠯ ᠤᠨ ᠠᠩᠬᠢ᠂ ᠪᠦᠬᠦ ᠠᠶᠢᠮᠠᠭ ᠤᠨ 2020 ᠤᠨ ᠤ ᠤᠶᠤᠳᠠᠨ ᠢ ᠰᠤᠩᠭᠤᠨ ᠲᠤᠬᠢᠷᠠᠭᠤᠯᠬᠤ ᠪᠤᠯᠪᠠᠰᠤᠷᠠᠯ ᠤᠨ ᠠᠩᠬᠢ ᠵᠡᠷᠭᠡ ᠶᠢ ᠡᠬᠢᠯᠡᠬᠦᠯᠬᠦ ᠪᠤᠯᠤᠨ᠎ᠠ᠃ ︵ᠰᠤᠷᠪᠤᠯᠵᠢᠯᠠᠭᠴᠢ ᠲᠤᠯᠭᠠᠭᠤᠷᠢ ︶
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号