ᠪᠥᠬᠦ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/15
   3 ᠰᠠᠷ᠎ᠠ ᠶᠢᠨ 10 ᠤ ᠦᠳᠡ ᠶᠢᠨ ᠡᠮᠦᠨ᠎ᠡ᠂ ᠪᠥᠬᠦ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠧᠨ ᠬᠤᠶ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠢᠤᠢ ᡁᠢ ᠮᠢᠩ᠂ ᠳᠤᠭᠤᠶᠢᠯᠠᠩ ᠤᠨ ᠳᠡᠳ᠋ ᠳᠠᠷᠤᠭ᠎ᠠ ᠵᠣᠣ ᠰᠢᠶᠤᠤ ᠴᠢᠶᠠᠩ ᠵᠢᠴᠢ ᠪᠥᠬᠦ ᠵᠢᠯᠣᠭᠤᠳᠬᠤ ᠳᠤᠭᠤᠶᠢᠯᠠᠩ ᠤᠨ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠮᠠ ᠬᠤᠸᠠᠨ ᠯᠦᠩ ᠬᠤᠷᠠᠯ ᠢ ᠡᠷᠭᠢᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ᠂ ᠠᠶᠢᠮᠠᠭ ᠤᠨ ᠰᠢᠭᠦᠬᠦ ᠬᠤᠷᠢᠶ᠎ᠠ ᠶᠢᠨ ᠳᠠᠷᠤᠭ᠎ᠠ ᠴᠧᠨ ᠰᠢᠨ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠣᠣ ᠭᠦᠸᠧ ᠬᠤᠸᠠ ᠬᠤᠷᠠᠯ ᠳᠤ ᠣᠷᠣᠯᠴᠠᠵᠠᠶ᠃    ᠵᠠᠩ ᠧᠨ ᠬᠤᠢ ᠵᠢᠭᠠᠵᠦ ᠭᠠᠷᠭᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠶᠢᠨ ᠬᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ᠎ᠠ ᠴᠢᠨᠠᠷ ᠢ ᠤᠯᠤᠰ ᠲᠥᠷᠥ ᠶᠢᠨ ᠲᠠᠯ᠎ᠠ ᠪᠠᠷ ᠭᠦᠨᠵᠡᠭᠡᠶ ᠲᠠᠨᠢᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ᠂ ᠪᠦᠬᠦ ᠤᠯᠤᠰ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠢ ᠴᠡᠭᠴᠡᠯᠡᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠨ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠦᠨ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠬᠤ ᠵᠣᠷᠢᠭ ᠰᠥᠰᠥ ᠪᠠᠷ ᠪᠦᠬᠦ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠵᠦ᠂ ᠨᠠᠮ ᠪᠠ ᠠᠷᠠᠳ ᠲᠦᠮᠡᠨ ᠳᠤ ᠢᠳᠡᠭᠡᠯᠲᠠᠢ᠂ ᠨᠠᠶᠢᠳᠠᠪᠤᠷᠢᠲᠠᠶ᠂ ᠰᠠᠨᠠᠭ᠎ᠠ ᠠᠮᠤᠷ ᠤᠯᠤᠰ ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ ᠢ ᠪᠤᠢ ᠪᠤᠯᠭᠠᠵᠦ᠂ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃     ᠵᠠᠩ ᠧᠨ ᠬᠤᠢ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠡᠯ᠎ᠡ ᠵᠦᠢᠯ ᠤᠨ ᠠᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠤᠯᠤᠰ ᠲᠦᠷᠦᠴᠢ ᠴᠢᠨᠠᠷ᠂ ᠰᠡᠷᠡᠮᠵᠢᠯᠡᠭᠦᠯᠬᠦ ᠴᠢᠨᠠᠷ᠂ ᠦᠷᠭᠦᠯᠵᠢᠯᠡᠬᠦ ᠴᠢᠨᠠᠷ ᠢ ᠲᠤᠪᠤᠶᠢᠯᠭᠠᠨ᠂ ᠤᠯᠤᠰ ᠲᠦᠷᠦ ᠶᠢᠨ ᠵᠢᠯᠣᠭᠤᠳᠤᠮᠵᠢ ᠶᠢ ᠦᠨᠡᠨ ᠬᠦ ᠴᠢᠩᠭᠠᠳᠬᠠᠵᠤ᠂ ᠦᠨᠡᠨᠴᠢ ᠰᠢᠳᠤᠷᠭᠤ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠪᠠᠶᠢᠴᠠᠭᠠᠨ ᠵᠠᠯᠠᠷᠠᠭᠤᠯᠵᠦ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠬᠥᠳᠡᠯᠭᠡᠬᠦ ᠬᠦᠴᠦᠨ ᠢ ᠪᠦᠲᠦᠮᠵᠢᠲᠡᠶ ᠬᠥᠭᠵᠢᠭᠡᠵᠦ᠂ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠰᠢᠢᠳᠪᠦᠷᠢᠯᠡᠬᠦ ᠰᠦᠷ ᠬᠦᠴᠦᠨ ᠢ ᠭᠦᠢᠴᠡᠳ ᠪᠠᠳᠠᠷᠠᠭᠤᠯᠤᠨ᠂ ᠲᠤᠰᠬᠠᠶ ᠴᠡᠭᠴᠡᠯᠡᠨ ᠵᠠᠰᠠᠬᠤ ᠦᠢᠯᠡᠳᠦᠯ ᠢ ᠶᠡᠭᠡ ᠪᠠᠷ ᠳᠡᠭᠡᠭᠰᠢᠯᠡᠭᠦᠯᠵᠦ᠂ ᠣᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠠᠷᠬᠠᠭ ᠬᠡᠮ ᠢ ᠴᠡᠭᠴᠡᠯᠡᠨ ᠵᠠᠰᠠᠬᠤ ᠬᠡᠷᠡᠭᠲᠡᠶ᠃ ᠳ᠋ᠦᠩᠨᠡᠨ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠤᠨ᠂ ᠲᠦᠷᠢᠮ ᠲᠣᠭᠲᠠᠭᠠᠯ ᠲᠣᠭᠲᠠᠭᠠᠬᠤ ᠶᠢ ᠬᠦᠴᠦᠯᠡᠨ ᠠᠬᠢᠭᠤᠯᠵᠤ᠂ ᠳ᠋ᠦᠩᠨᠡᠨ ᠦᠨᠡᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠬᠦ ᠬᠡᠷᠡᠭᠲᠡᠶ᠃ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠂ ᠰᠢᠭᠤᠳ ᠬᠠᠷᠢᠭᠤᠴᠠᠯᠭ᠎ᠠ ᠪᠠ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠠᠷᠭ᠎ᠠ ᠪᠣᠳᠣᠯᠭ᠎ᠠ ᠶᠢ ᠣᠨᠣᠪᠴᠢᠲᠠᠶ ᠡᠵᠡᠮᠰᠢᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠨ᠂ ᠵᠢᠯᠣᠭᠤᠳᠬᠤ ᠲᠤᠭᠤᠶᠢᠯᠠᠩ ᠤᠨ ᠱᠠᠭᠠᠷᠳᠠᠯᠭ᠎ᠠ ᠶᠤᠰᠤᠭᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠤᠰᠬᠠᠶ ᠬᠥᠮᠦᠨ ᠲᠤᠰᠬᠠᠶ ᠠᠩᠭᠢ ᠲᠣᠬᠢᠷᠠᠭᠤᠯᠵᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠭᠤᠯᠤᠨ᠂ ᠵᠢᠯᠣᠭᠤᠳᠬᠤ ᠲᠤᠭᠤᠶᠢᠯᠠᠩ ᠤᠨ ᠬᠤᠷᠠᠯ ᠳᠤ ᠰᠤᠯᠠ ᠤᠷᠤᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠰᠬᠠᠶ ᠶᠠᠷᠢᠯᠴᠠᠭ᠎ᠠ ᠵᠡᠷᠭᠡ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠬᠠᠮᠵᠢᠨ᠂ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠵᠦ᠂ ᠰᠢᠮᠳᠠᠭᠤᠯᠤᠨ ᠵᠢᠯᠣᠭᠤᠳᠤᠭᠰᠠᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠡᠷᠡᠭᠯᠡᠨ᠂ ᠬᠤᠪᠢᠷᠠᠭᠤᠯᠤᠨ᠂ ᠪᠠᠬᠢᠵᠢᠭᠦᠯᠦᠨ᠂ ᠬᠥᠮᠦᠵᠢᠯ ᠴᠡᠭᠴᠡᠯᠡᠯᠲᠡ ᠶᠢᠨ ᠰᠢᠨ᠎ᠡ ᠦᠷ᠎ᠡ ᠪᠦᠲᠦᠮᠵᠢ ᠪᠠᠷ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠳᠦᠷᠰᠦ ᠪᠠᠶᠢᠳᠠᠯ ᠢᠶᠠᠷ᠂ ᠨᠠᠮ ᠪᠣᠯᠤᠨ ᠠᠷᠠᠳ ᠲᠦᠮᠡᠨ ᠳᠤ ᠲᠠᠭᠠᠰᠢᠶᠠᠭᠳᠠᠭᠰᠠᠨ ᠰᠢᠨ᠎ᠡ ᠠᠮᠵᠢᠯᠲᠠ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠪᠡ᠃    ᠰᠢᠤᠢ ᡁᠢ ᠮᠢᠩ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠ ᠴᠡᠭ ᠲᠤ ᠰᠠᠭᠤᠵᠤ ᠵᠢᠯᠣᠭᠤᠳᠬᠤ ᠠᠵᠢᠯ ᠢ ᠥᠷᠨᠢᠭᠦᠯᠬᠦ ᠲᠤᠬᠠᠢ ᠪᠣᠳᠠᠲᠠᠢ ᠰᠠᠨᠠᠯ ᠳᠤᠷᠠᠳᠴᠤ᠂ ᠬᠥᠮᠦᠵᠢᠯ ᠴᠡᠭᠴᠡᠯᠡᠯᠲᠡ ᠶᠢ ᠦᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠦ᠂ ᠠᠶᠢᠮᠠᠭ ᠬᠤᠰᠢᠭᠤ ᠬᠤᠶᠠᠷ ᠱᠠᠲᠤᠨ ᠤ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠵᠢᠯᠣᠭᠤᠳᠤᠨ ᠱᠠᠯᠠᠪᠳᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠠᠶᠢᠮᠠᠭ ᠬᠤᠰᠢᠭᠤ ᠬᠤᠶᠠᠷ ᠱᠠᠲᠤᠨ ᠤ ᠨᠠᠮ ᠤᠨ ᠬᠤᠷᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ᠂ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ ︶ ᠰᠢᠭᠤᠳ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠵᠢᠯᠴᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠶᠢᠮᠠᠭ ᠬᠤᠰᠢᠭᠤ ᠬᠤᠶᠠᠷ ᠱᠠᠲᠤᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠵᠢᠯᠣᠭᠤᠳᠴᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠥᠷᠨᠢᠭᠦᠯᠬᠦ ᠶᠢ ᠠᠬᠢᠭᠤᠯᠤᠨ᠎ᠠ᠃ ᠤᠯᠤᠰ ᠲᠦᠷᠦ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭᠠᠲᠤᠷ ᠵᠢᠱᠢᠶᠡᠴᠢ ᠶᠢᠨ ᠬᠥᠮᠦᠵᠢᠯ ᠢ ᠵᠢᠯᠣᠭᠤᠳᠤᠨ ᠥᠷᠨᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠯᠤᠰ ᠲᠦᠷᠦ ᠶᠢᠨ ᠤᠬᠠᠮᠰᠠᠷ ᠪᠠ ᠤᠯᠤᠰ ᠲᠦᠷᠦ ᠶᠢᠨ ᠴᠢᠳᠠᠪᠤᠷᠢ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠪᠠ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠥᠷᠨᠢᠭᠦᠯᠵᠦ᠂ ︽ᠥᠪᠡᠷ ᠢ ᠪᠠᠨ ᠪᠠᠶᠢᠴᠠᠭᠠᠭᠰᠠᠨ ᠢ ᠠᠭᠤᠴᠢᠯᠠᠨ ᠰᠢᠳᠬᠡᠬᠦ᠂ ᠪᠠᠶᠢᠴᠠᠭᠠᠭᠳᠠᠪᠠᠯ ᠴᠢᠩᠭ᠎ᠠ ᠰᠢᠳᠬᠡᠬᠦ ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠨᠠᠮ ᠪᠣᠯᠤᠨ ᠠᠷᠠᠳ ᠲᠦᠮᠡᠨ ᠤ ᠢᠲᠡᠭᠡᠮᠵᠢᠲᠡᠢ᠂ ᠨᠠᠶᠢᠳᠠᠪᠤᠷᠢᠲᠠᠢ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠦ ᠴᠢᠩᠭᠠᠳᠬᠠᠪᠠ᠃     ᠮᠠ ᠬᠤᠸᠠᠨ ᠯᠦᠩ ᠬᠤᠷᠠᠯ ᠢ ᠡᠷᠬᠢᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠳᠠ ᠤᠳᠤᠷᠢᠳᠤᠯᠭ᠎ᠠ ᠪᠠᠨ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠣᠰᠣᠭᠠᠷ᠂ ᠬᠥᠮᠦᠵᠢᠯ ᠴᠡᠭᠴᠡᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠥᠷᠨᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠳᠡᠭᠡᠷ᠎ᠡ ︽ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠢ ᠴᠡᠭᠴᠡᠯᠡᠬᠦ ᠲᠤᠷᠰᠢᠯᠲᠠ ᠶᠢᠨ ᠴᠡᠭ ︾ ᠤᠨ ᠲᠤᠰᠬᠠᠢ ᠰᠡᠳᠦᠪᠲᠦ ᠹᠢᠯᠢᠮ ᠢ ᠦᠵᠡᠪᠡ᠃     ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号