ᠲᠦᠴᠢᠤᠸᠠᠨ ᠰᠢᠶᠠᠨ ᠤ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2021/3/25
    ᠲᠦᠴᠢᠦᠸᠠᠨ ᠰᠢᠶᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠠᠷᠢᠶ᠎ᠠ ᠬᠤᠰᠢᠭᠤ ᠰᠢᠶᠠᠨ ᠤ ᠨᠢᠭᠡ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠳᠤᠮᠳᠠ ᠡᠮᠦᠨᠡᠲᠦ ᠬᠡᠰᠡᠭ ᠲᠤ ᠪᠠᠶᠢᠷᠢᠯᠠᠵᠤ᠂ ᠶᠡᠭᠡ ᠬᠢᠩᠭᠠᠨ ᠳᠠᠪᠠᠭ᠎ᠠ ᠶᠢᠨ ᠰᠤᠩᠭᠠᠷᠢ ᠮᠥᠷᠡᠨ ᠨᠤᠨ ᠮᠥᠷᠡᠨ ᠤ ᠲᠠᠯ᠎ᠠ ᠭᠠᠵᠠᠷ ᠪᠠ ᠬᠤᠷᠴᠢᠨ ᠤ ᠲᠠᠯ᠎ᠠ ᠨᠤᠲᠤᠭ ᠤᠨ ᠰᠢᠯᠵᠢᠯᠲᠡ ᠶᠢᠨ ᠣᠷᠣᠨ ᠪᠦᠰᠡ ᠳᠤ ᠪᠠᠶᠢᠷᠢᠯᠠᠨ᠎ᠠ᠃ ᠵᠡᠭᠦᠨ ᠪᠡᠶ᠎ᠡ ᠪᠠᠷ ᠢᠶᠠᠨ ᠭᠢᠷᠢᠨ ᠮᠤᠵᠢ ᠶᠢᠨ ᠲᠤᠤ ᠨᠠᠨ ᠬᠤᠲᠠ ᠲᠠᠢ ᠵᠠᠬ᠎ᠠ ᠨᠡᠶᠢᠯᠡᠵᠦ᠂ ᠬᠤᠶᠢᠲᠤ ᠪᠡᠶ᠎ᠡ ᠪᠠᠷ ᠢᠶᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠬᠥᠷᠰᠢᠯᠡᠵᠦ᠂ ᠡᠮᠦᠨ᠎ᠡ ᠪᠡᠶ᠎ᠡ ᠪᠠᠷ ᠢᠶᠠᠨ ᠪᠠᠷᠠᠭᠤᠨ ᠪᠡᠶ᠎ᠡ ᠪᠠᠷ ᠢᠶᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠢ ᠵᠠᠬ᠎ᠠ ᠨᠡᠶᠢᠯᠡᠵᠦ ᠪᠠᠶᠢᠨ᠎ᠠ᠃    ᠲᠦᠴᠢᠦᠸᠠᠨ ᠰᠢᠶᠠᠨ ᠤ ᠶᠡᠷᠦᠩᠬᠡᠶ ᠲᠠᠯᠠᠪᠠᠶ ᠨᠢ 4889.5 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 6 ᠪᠠᠯᠭᠠᠰᠤ᠂ 3 ᠰᠢᠶᠠᠩ᠂ 188 ᠵᠠᠰᠠᠭ ᠵᠠᠬᠢᠷᠭᠠᠨ ᠤ ᠲᠣᠰᠬᠤᠨ᠂ 464 ᠪᠠᠶᠢᠭᠠᠯᠢ ᠶᠢᠨ ᠲᠣᠰᠬᠤᠨ ᠬᠠᠷᠢᠶᠠᠯᠠᠭᠳᠠᠵᠤ ᠪᠠᠶᠢᠨ᠎ᠠ᠃ ᠶᠡᠷᠦᠩᠬᠡᠶ ᠬᠥᠮᠦᠨ ᠠᠮᠠ ᠨᠢ 31.5 ᠲᠦᠮᠡᠨ ᠬᠥᠮᠦᠨ᠂ ᠲᠠᠷᠢᠶᠠᠯᠠᠩ ᠤᠨ ᠬᠥᠮᠦᠨ ᠠᠮᠠ ᠨᠢ 25.4 ᠲᠦᠮᠡᠨ ᠬᠥᠮᠦᠨ ᠪᠠᠶᠢᠵᠤ᠂ ᠬᠢᠲᠠᠳ᠂ ᠮᠣᠩᠭᠤᠯ᠂ ᠮᠠᠨᠵᠤ ᠵᠡᠷᠭᠡ 17 ᠦᠨᠳᠦᠰᠦᠲᠡᠨ ᠰᠠᠭᠤᠷᠢᠰᠢᠵᠤ᠂ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠨᠢ 9.43 ᠲᠦᠮᠡᠨ ᠬᠥᠮᠦᠨ ᠪᠠᠶᠢᠵᠤ᠂ ᠪᠦᠬᠦ ᠰᠢᠶᠠᠨ ᠤ ᠶᠡᠷᠦᠩᠬᠡᠶ ᠬᠥᠮᠦᠨ ᠠᠮᠠ ᠶᠢᠨ 30% ᠶᠢ ᠡᠵᠡᠯᠡᠵᠦ ᠪᠠᠶᠢᠨ᠎ᠠ᠃ ᠪᠥᠬᠦ ᠤᠯᠤᠰ ᠤᠨ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ᠂ ᠪᠥᠬᠦ ᠤᠯᠤᠰ ᠤᠨ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠰᠢᠶᠠᠨ᠂ ᠤᠯᠤᠰ ᠤᠨ ᠮᠠᠯ ᠠᠵᠤ ᠠᠬᠤᠶ ᠲᠡᠵᠢᠭᠡᠨ ᠦᠷᠡᠵᠢᠭᠦᠯᠬᠦ ᠲᠣᠮᠣ ᠰᠢᠶᠠᠨ ᠤ ᠳᠠᠷᠢᠵᠤ ᠲᠡᠵᠢᠭᠡᠬᠦ ᠶᠢ ᠤᠶᠠᠯᠳᠤᠭᠤᠯᠤᠨ ᠪᠥᠬᠦ ᠰᠢᠶᠠᠨ ᠢᠶᠠᠷ ᠢᠶᠠᠨ ᠳᠥᠯᠭᠢᠨ ᠠᠬᠢᠭᠤᠯᠬᠤ ᠲᠤᠷᠰᠢᠯᠲᠠ ᠶᠢᠨ ᠰᠢᠶᠠᠨ᠂ ᠤᠯᠤᠰ ᠤᠨ ᠲᠠᠰ ᠤᠨ ᠭᠠᠳᠠᠭᠠᠳᠤ ᠳᠤ ᠭᠠᠷᠭᠠᠬᠤ ᠢᠳᠡᠭᠡᠨ ᠤ ᠵᠦᠶᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠵᠢᠱᠢᠶ᠎ᠡ ᠦᠵᠡᠭᠦᠯᠬᠦ ᠣᠷᠣᠨ᠂ ᠳᠤᠮᠳᠠᠳᠤ ᠤᠯᠤᠰ ᠤᠨ ᠪᠠᠶ ᠢᠦᠶ ᠢᠳᠡᠰᠢᠨ ᠲᠠᠬᠢᠶ᠎ᠠ ᠶᠢᠨ ᠨᠤᠲᠤᠭ᠂ ᠳᠤᠮᠳᠠᠳᠤ ᠤᠯᠤᠰ ᠤᠨ ᠭᠤᠸᠠ ᠨᠣᠭᠤᠭ᠎ᠠ ᠶᠢᠨ ᠨᠤᠲᠤᠭ ᠪᠣᠯᠤᠨ᠎ᠠ᠃ 2020 ᠣᠨ ᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠩᠨᠠᠯ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠱᠠᠩᠨᠠᠯ ᠢ ᠬᠦᠷᠲᠡᠪᠡ᠃     2019 ᠣᠨ ᠳᠤ᠂ ᠲᠦᠴᠢᠦᠸᠠᠨ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 67.4 ᠳ᠋ᠦᠩᠰᠢᠭᠤᠷ ᠲᠥᠭᠦᠷᠢᠭ ᠲᠤ ᠬᠦᠷᠴᠦ᠂ 2018 ᠣᠨ ᠤ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠵᠡᠢ᠃ ᠬᠢᠲᠠᠳ ᠨᠡᠷ᠎ᠡ᠄ ᠲᠦᠴᠢᠦᠸᠠᠨ ᠰᠢᠶᠠᠨ ᠭᠠᠳᠠᠭᠠᠳᠤ ᠬᠡᠯᠡᠨ ᠤ ᠨᠡᠷ᠎ᠡ᠄ TuquanCounty ᠥᠭᠡᠷ᠎ᠡ ᠨᠡᠷ᠎ᠡ᠄ ᠯᠢ ᠴᠢᠤᠸᠠᠨ ᠰᠢᠶᠠᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠺᠣᠳ᠋᠄ 152224 ᠵᠠᠰᠠᠭ ᠵᠠᠬᠢᠷᠭᠠᠨ ᠤ ᠣᠷᠣᠨ ᠤ ᠲᠦᠷᠦᠯ ᠵᠦᠢᠯ᠄ ᠰᠢᠶᠠᠨ ᠬᠠᠷᠢᠶ᠎ᠠ ᠭᠠᠵᠠᠷ ᠣᠷᠣᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ · ᠬᠢᠩᠭᠠᠨ ᠠᠶᠢᠮᠠᠭ ᠭᠠᠵᠠᠷ ᠵᠦᠶ ᠶᠢᠨ ᠪᠠᠶᠢᠷᠢᠯᠠᠯ᠄ ᠬᠢᠩᠭᠠᠨ ᠠᠶᠢᠮᠠᠭ ᠤᠨ ᠳᠤᠮᠳᠠ ᠡᠮᠦᠨᠡᠲᠦ ᠬᠡᠰᠡᠭ ᠲᠠᠯᠠᠪᠠᠶ᠄ 4889.5 km ᠬᠠᠷᠢᠶ᠎ᠠ ᠭᠠᠵᠠᠷ ᠣᠷᠣᠨ᠄ 6 ᠪᠠᠯᠭᠠᠰᠤ᠂ 3 ᠰᠢᠶᠠᠩ  ᠵᠠᠰᠠᠭ ᠤᠨ ᠣᠷᠳᠣᠨ ᠤ ᠰᠠᠭᠤᠭ᠎ᠠ ᠭᠠᠵᠠᠷ᠄ ᠲᠦᠴᠢᠦᠸᠠᠨ ᠪᠠᠯᠭᠠᠰᠤ ᠤᠲᠠᠰᠤᠨ ᠤ ᠣᠷᠣᠨ ᠤ ᠨᠣᠮᠧᠷ᠄ 0482 ᠰᠢᠦᠳᠠᠨ ᠳ᠋ᠤᠭᠠᠷ᠄ 137500 ᠠᠭᠤᠷ ᠠᠮᠢᠰᠬᠤᠯ ᠤᠨ ᠨᠥᠬᠦᠴᠡᠯ᠄ ᠰᠡᠷᠢᠭᠦᠨ ᠪᠦᠰᠡ ᠶᠢᠨ ᠡᠬᠡ ᠬᠠᠭᠤᠷᠠᠶ ᠶᠢᠨ ᠤᠯᠠᠷᠢᠯ ᠤᠨ ᠰᠠᠯᠬᠢᠨ ᠤ ᠴᠢᠨᠠᠷᠲᠠᠶ ᠠᠭᠤᠷ ᠠᠮᠢᠰᠬᠤᠯ ᠬᠥᠮᠦᠨ ᠠᠮᠠ ᠶᠢᠨ ᠲᠤᠭ᠎ᠠ᠄ 31.5 ᠲᠦᠮᠡᠨ ᠬᠥᠮᠦᠨ ᠲᠡᠷᠭᠡᠨ ᠫᠠᠶᠢᠰᠠ ᠶᠢᠨ ᠺᠣᠳ᠋᠄ ᠮᠧᠩ F ᠨᠤᠲᠤᠭ ᠤᠨ ᠠᠶᠠᠯᠭᠤ᠄ ᠵᠡᠭᠦᠨ ᠬᠤᠶᠢᠲᠤ ᠶᠢᠨ ᠨᠤᠲᠤᠭ ᠤᠨ ᠠᠶᠠᠯᠭᠤ᠂ ᠮᠣᠩᠭᠤᠯ ᠬᠡᠯᠡ   ᠭᠠᠵᠠᠷ ᠵᠦᠢ ᠶᠢᠨ ᠣᠷᠴᠢᠨ ᠲᠣᠭᠤᠷᠢᠨ   ᠪᠠᠶᠢᠷᠢ ᠶᠢᠨ ᠣᠷᠣᠨ ᠬᠡᠪᠴᠢᠶ᠎ᠡ᠄   ᠲᠦᠴᠢᠦᠸᠠᠨ ᠰᠢᠶᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠳᠤᠮᠳᠠ ᠡᠮᠦᠨᠡᠲᠦ ᠬᠡᠰᠡᠭ ᠲᠤ ᠪᠠᠶᠢᠷᠢᠯᠠᠵᠤ ᠪᠠᠶᠢᠳᠠᠭ᠃ ᠶᠡᠭᠡ ᠬᠢᠩᠭᠠᠨ ᠳᠠᠪᠠᠭ᠎ᠠ ᠠᠴᠠ ᠰᠤᠩᠭᠠᠷᠢ ᠮᠥᠷᠡᠨ ᠨᠤᠨ ᠮᠥᠷᠡᠨ ᠤ ᠲᠠᠯ᠎ᠠ ᠭᠠᠵᠠᠷ ᠪᠣᠯᠤᠨ ᠬᠤᠷᠴᠢᠨ ᠤ ᠲᠠᠯ᠎ᠠ ᠨᠤᠲᠤᠭ ᠲᠡᠶᠢᠰᠢ ᠰᠢᠯᠵᠢᠬᠦ ᠰᠢᠯᠵᠢᠯᠲᠡ ᠶᠢᠨ ᠣᠷᠣᠨ ᠪᠦᠰᠡ ᠳᠤ ᠪᠠᠶᠢᠷᠢᠯᠠᠵᠤ᠂ ᠵᠡᠭᠦᠨ ᠬᠡᠰᠡᠭ ᠨᠢ ᠬᠢᠷᠢᠨ ᠮᠤᠵᠢ ᠶᠢᠨ ᠲᠤᠤᠨᠠᠨ ᠬᠤᠳᠠ ᠲᠠᠢ ᠵᠠᠬ᠎ᠠ ᠨᠡᠶᠢᠯᠡᠵᠦ ᠪᠠᠶᠢᠨ᠎ᠠ᠃ ᠤᠮᠠᠷᠠᠲᠤ ᠬᠡᠰᠡᠭ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠬᠥᠷᠰᠢᠯᠡᠵᠦ᠂ ᠡᠮᠦᠨᠡᠲᠦ ᠬᠡᠰᠡᠭ᠂ ᠪᠠᠷᠠᠭᠤᠨ ᠬᠡᠰᠡᠭ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠢ ᠵᠠᠬ᠎ᠠ ᠨᠡᠶᠢᠯᠡᠵᠦ᠂ ᠶᠡᠷᠦᠩᠬᠡᠶ ᠲᠠᠯᠠᠪᠠᠶ  ᠨᠢ 4889.5 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃    ᠠᠭᠤᠷ ᠠᠮᠢᠰᠬᠤᠯ᠄    ᠲᠦᠴᠢᠦᠸᠠᠨ ᠰᠢᠶᠠᠨ ᠪᠣᠯ ᠰᠡᠷᠢᠭᠦᠨ ᠪᠦᠰᠡᠨ ᠤ ᠡᠬᠡ ᠬᠠᠭᠤᠷᠠᠶ ᠶᠢᠨ ᠤᠯᠠᠷᠢᠯ ᠤᠨ ᠰᠠᠯᠬᠢᠨ ᠤ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠵᠤ᠂ ᠬᠢᠷᠠᠭᠤ ᠥᠬᠡᠶ ᠬᠤᠭᠤᠴᠠᠭ᠎ᠠ ᠨᠢ 130 ᠡᠳᠦᠷ ᠣᠷᠴᠢᠮ ᠪᠠᠶᠢᠵᠤ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 5.7℃ ᠪᠠᠶᠢᠵᠤ᠂ ᠵᠢᠯ ᠤᠨ ᠠᠰᠢᠭᠲᠤ ᠬᠤᠷᠠᠮᠳᠤᠭᠰᠠᠨ ᠳᠤᠯᠠᠭᠠᠨ  ᠨᠢ 2700-2900℃ ᠪᠠᠶᠢᠵᠤ᠂ ᠬᠡᠷᠡᠯ ᠤᠨ ᠲᠤᠰᠤᠯᠲᠠ ᠶᠢᠨ ᠡᠬᠢ ᠪᠠᠶᠠᠯᠢᠭ ᠡᠯᠪᠡᠭ᠂ ᠪᠣᠷᠣᠭᠠᠨ ᠬᠠᠯᠠᠭᠤᠨ ᠠᠳᠠᠯᠢ ᠤᠯᠠᠷᠢᠯ ᠳᠤ ᠪᠠᠶᠢᠳᠠᠭ᠃ ᠳᠤᠮᠳᠠᠴᠢ ᠲᠤᠨᠳᠠᠰᠤᠨ ᠤ ᠬᠡᠮᠵᠢᠶ᠎ᠡ ᠨᠢ 393.1 ᠮᠢᠯᠢᠮᠧᠲᠷ ᠣᠷᠴᠢᠮ ᠪᠠᠶᠢᠳᠠᠭ᠃   ᠬᠥᠮᠦᠨ ᠠᠮᠠ ᠦᠨᠳᠦᠰᠦᠲᠡᠨ᠄   2019 ᠣᠨ ᠳᠤ᠂ ᠲᠦᠴᠢᠦᠸᠠᠨ ᠰᠢᠶᠠᠨ ᠤ ᠶᠡᠷᠦᠩᠬᠡᠢ ᠬᠥᠮᠦᠨ ᠠᠮᠠ 31.5 ᠲᠦᠮᠡ ᠳᠤ ᠬᠦᠷᠴᠦ᠂ ᠡᠭᠦᠨ ᠤ ᠳᠣᠲᠣᠷ᠎ᠠ ᠲᠠᠷᠢᠶᠠᠯᠠᠩ ᠤᠨ ᠬᠥᠮᠦᠨ ᠠᠮᠠ 25.4 ᠲᠦᠮᠡ ᠳᠤ ᠬᠦᠷᠴᠦ᠂ ᠬᠢᠯᠢ ᠶᠢᠨ ᠳᠣᠲᠣᠷ᠎ᠠ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ 17 ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ 9.43 ᠲᠦᠮᠡ ᠳᠤ ᠬᠦᠷᠴᠦ᠂ ᠪᠦᠬᠦ ᠰᠢᠶᠠᠨ ᠤ ᠶᠡᠷᠦᠩᠬᠡᠢ ᠬᠥᠮᠦᠨ ᠠᠮᠠ ᠶᠢᠨ 30% ᠢ ᠡᠵᠡᠯᠡᠪᠡ᠃   ᠪᠠᠶᠢᠭᠠᠯᠢ ᠶᠢᠨ ᠡᠬᠢ ᠪᠠᠶᠠᠯᠢᠭ   ᠠᠭᠤᠷᠬᠠᠶ ᠶᠢᠨ ᠡᠬᠢ ᠪᠠᠶᠠᠯᠢᠭ᠄   2020 ᠣᠨ ᠪᠣᠯᠲᠠᠯ᠎ᠠ᠂ ᠲᠦᠴᠢᠦᠸᠠᠨ ᠰᠢᠶᠠᠨ ᠤ ᠨᠢᠭᠡᠨᠲᠡ ᠬᠠᠶᠢᠨ ᠳᠣᠲᠣᠯᠠᠭᠰᠠᠨ ᠬᠠᠳᠠᠭᠠᠯᠠᠭᠳᠠᠴᠠ ᠶᠢᠨ ᠬᠡᠮᠵᠢᠶ᠎ᠡ ᠭᠡᠪᠡᠯ᠄ ᠮᠣᠭᠠᠶ ᠶᠢᠨ ᠡᠷᠢᠶᠡᠨ ᠴᠢᠯᠠᠭᠤᠯᠢᠭ 14 ᠳ᠋ᠦᠩᠰᠢᠭᠤᠷ ᠲᠣᠨ᠂ ᠨᠡᠭᠦᠷᠡᠰᠦ 0.3478 ᠳ᠋ᠦᠩᠰᠢᠭᠤᠷ ᠲᠣᠨ᠂ ᠵᠡᠰ 290.43 ᠲᠦᠮᠡᠨ ᠲᠣᠨ᠂ ᠮᠥᠩᠭᠦ 124.48 ᠲᠣᠨ᠂ ᠠᠯᠲᠠ 303.526 ᠲᠣᠨ ᠂ ᠬᠠᠷ᠎ᠠ ᠲᠤᠭᠤᠯᠭ᠎ᠠ 6.36 ᠲᠦᠮᠡᠨ ᠲᠣᠨ᠂ ᠴᠠᠶᠢᠷ 11.2 ᠲᠦᠮᠡᠨ ᠲᠣᠨ᠂ ᠭᠤᠣᠯᠢᠩ ᠰᠢᠷᠣᠶ 560 ᠲᠦᠮᠡᠨ ᠲᠣᠨ᠂ ᠴᠠᠬᠢᠯᠠᠭᠤᠷ ᠴᠢᠯᠠᠭᠤ 19.27 ᠲᠦᠮᠡᠨ ᠲᠣᠨ᠂ ᠭᠤᠯᠭᠤᠭᠤᠷ ᠴᠢᠯᠠᠭᠤ 20 ᠲᠦᠮᠡᠨ ᠲᠣᠨ ᠪᠠᠶᠢᠵᠤ᠂ ᠡᠭᠦᠨ ᠠᠴᠠ ᠭᠠᠳᠠᠨ᠎ᠠ᠂ ᠡᠯᠡᠰᠦ᠂ ᠴᠢᠯᠠᠭᠤ᠂ ᠨᠠᠩᠭᠢ ᠰᠢᠷᠣᠶ ᠶᠢᠨ ᠡᠬᠢ ᠪᠠᠶᠠᠯᠢᠭ ᠲᠦᠴᠢᠦᠸᠠᠨ ᠰᠢᠶᠠᠨ ᠳᠤ ᠨᠡᠶᠢᠳᠡᠮ ᠲᠠᠷᠬᠠᠵᠤ ᠪᠠᠶᠢᠨ᠎ᠠ᠃ ᠠᠭᠤᠷᠬᠠᠶ ᠶᠢᠨ ᠦᠶᠯᠡᠰ ᠤᠨ ᠡᠷᠬᠡ ᠨᠡᠶᠢᠲᠡ 33 ᠪᠣᠶ᠂ ᠡᠭᠦᠨ ᠳᠤ᠄ ᠠᠭᠤᠷᠬᠠᠶ ᠬᠠᠶᠢᠬᠤ ᠡᠷᠬᠡ 8᠂ ᠬᠠᠶᠢᠨ ᠪᠠᠶᠢᠴᠠᠭᠠᠬᠤ ᠣᠷᠣᠨ ᠤ ᠲᠠᠯᠠᠪᠠᠶ 148.51 ᠲᠡᠭᠰᠢ ᠳᠥᠷᠪᠡᠯᠵᠢᠨ ᠺᠢᠯᠣᠮᠧᠲᠷ ︔ ᠠᠭᠤᠷᠬᠠᠶ ᠮᠠᠯᠲᠠᠬᠤ ᠡᠷᠬᠡ 25 ᠪᠠᠶᠢᠵᠤ᠂ ᠠᠭᠤᠷᠬᠠᠶ ᠶᠢᠨ ᠣᠷᠣᠨ ᠤ ᠲᠠᠯᠠᠪᠠᠶ ᠨᠢ 15.1478 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃   ᠤᠰᠤᠨ ᠤ ᠡᠬᠢ ᠪᠠᠶᠠᠯᠢᠭ᠄   ᠲᠦᠴᠢᠦᠸᠠᠨ ᠰᠢᠶᠠᠨ ᠤ ᠬᠢᠯᠢ ᠶᠢᠨ ᠳᠣᠲᠣᠷ᠎ᠠ ᠭᠤᠸ᠋ᠯ ᠪᠣᠯᠬᠤ  ᠤᠰᠤᠨ ᠤᠷᠤᠰᠬᠠᠯ 7᠂ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ 8 ᠪᠠᠶᠢᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠨᠢ 3.48 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠡᠭᠦᠨ ᠳᠤ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠨᠢ 2.39 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠭᠠᠵᠠᠷ ᠳᠣᠸ᠋ᠷᠠᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠨᠢ 1.68 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠭᠠᠵᠠᠷ ᠳᠡᠭᠡᠷᠡᠬᠢ ᠤᠰᠤ ᠬᠢᠭᠡᠳ ᠭᠠᠵᠠᠷ ᠳᠣᠸ᠋ᠷᠠᠬᠢ ᠤᠰᠤ ᠶᠢ ᠳᠠᠪᠬᠤᠷᠳᠠᠭᠤᠯᠤᠨ ᠪᠤᠳᠤᠭᠰᠠᠨ ᠬᠡᠮᠵᠢᠶ᠎ᠡ ᠨᠢ 0.59 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠪᠠ ︔ ᠤᠰᠤᠨ ᠤ ᠡᠬᠢ ᠪᠠᠶᠠᠯᠢᠭ ᠤᠨ ᠠᠰᠢᠭᠯᠠᠵᠤ ᠪᠣᠯᠬᠤ ᠶᠡᠷᠦᠩᠬᠡᠶ ᠬᠡᠮᠵᠢᠶ᠎ᠡ 3.06 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠡᠭᠦᠨ ᠳᠤ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠠᠰᠢᠭᠯᠠᠵᠤ ᠪᠣᠯᠬᠤ ᠬᠡᠮᠵᠢᠶ᠎ᠡ 1.62 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠭᠠᠵᠠᠷ ᠳᠣᠸ᠋ᠷᠠᠬᠢ ᠤᠰᠤᠨ ᠤ ᠠᠰᠢᠭᠯᠠᠵᠤ ᠪᠣᠯᠬᠤ ᠬᠡᠮᠵᠢᠶ᠎ᠡ 1.54 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠳᠠᠪᠬᠤᠷᠳᠠᠭᠤᠯᠤᠨ ᠪᠤᠳᠤᠭᠰᠠᠨ ᠬᠡᠮᠵᠢᠶ᠎ᠡ 0.10 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ᠃   ᠰᠠᠯᠬᠢᠨ ᠬᠦᠴᠦᠨ ᠪᠠ ᠬᠡᠷᠡᠯ ᠴᠡᠨᠡᠭ ᠤᠨ ᠴᠠᠬᠢᠯᠭᠠᠨ ᠬᠦᠴᠦᠨ ᠤ ᠡᠬᠢ ᠪᠠᠶᠠᠯᠢᠭ᠄    ᠲᠦᠴᠢᠦᠸᠠᠨ ᠰᠢᠶᠠᠨ ᠤ ᠲᠦᠢᠯ ᠤᠨ ᠶᠡᠭᠡ ᠰᠠᠯᠬᠢᠨ ᠤ ᠬᠤᠷᠳᠤᠴᠠ ᠨᠢ 27.6 ᠮᠧᠲᠷ \ ᠰᠧᠺᠦ᠋ᠨ᠋ᠳ᠋ ᠲᠤ ᠬᠦᠷᠴᠦ᠂ ᠰᠠᠯᠬᠢᠨ ᠤ ᠴᠢᠭᠯᠡᠯ ᠨᠢ ᠪᠠᠷᠠᠭᠤᠨ ᠬᠤᠶᠢᠲᠤ ᠶᠢᠨ ᠰᠠᠯᠬᠢ ᠪᠣᠯᠤᠨ᠎ᠠ᠃ ᠣᠳᠣᠬᠠᠨ ᠳᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠠᠯᠠᠪᠠᠢ 4 ᠪᠠᠶᠢᠵᠤ᠂ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠬᠡᠮᠵᠢᠶ᠎ᠡ ᠶᠢ ᠨᠢᠭᠡᠨᠲᠡ 25 ᠲᠦᠮᠡᠨ ᠺᠢᠯᠣᠸᠠᠲ ᠲᠤ ᠬᠦᠷᠭᠡᠵᠦ᠂ ᠪᠠᠶᠢᠭᠤᠯᠵᠤ ᠪᠠᠶᠢᠭ᠎ᠠ ᠨᠢ 5 ᠲᠦᠮᠡᠨ ᠺᠢᠯᠣᠸᠠᠲ ᠲᠤ ᠬᠦᠷᠴᠡᠶ︔ 8 ᠬᠡᠷᠡᠯ ᠴᠡᠨᠡᠭ ᠤᠨ ᠴᠠᠬᠢᠯᠭᠠᠨ ᠥᠷᠲᠡᠭᠡ ᠪᠠᠶᠢᠵᠤ᠂ ᠨᠢᠭᠡᠨᠲᠡ 12.5 ᠲᠦᠮᠡᠨ ᠺᠢᠯᠣᠸᠠᠲ ᠤᠨ ᠴᠠᠬᠢᠯᠭᠠᠨ ᠲᠣᠸ᠋ᠷ ᠲᠤ ᠨᠡᠶᠢᠯᠡᠭᠦᠯᠦᠨ ᠭᠠᠷᠭᠠᠪᠠ᠃ ᠰᠢᠶᠠᠨ ᠤ ᠳᠣᠲᠣᠷ᠎ᠠ 15 ᠬᠦᠴᠦᠳᠡᠯ ᠥᠭᠡᠷᠡᠴᠢᠯᠡᠬᠦ ᠤᠢᠷᠳᠡᠭᠡ ᠪᠤᠢ᠂ ᠡᠭᠦᠨ ᠳᠤ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠤᠢᠷᠳᠡᠭᠡ 1᠂ 66 ᠺᠢᠯᠣᠸᠠᠲ ᠤᠨ ᠬᠦᠴᠦᠳᠡᠯ ᠥᠭᠡᠷᠡᠴᠢᠯᠡᠬᠦ ᠤᠢᠷᠳᠡᠭᠡ 14 ᠪᠠᠶᠢᠵᠤ᠂ ᠴᠠᠬᠢᠯᠭᠠᠨ ᠬᠠᠩᠭᠠᠬᠤ ᠬᠡᠮᠵᠢᠶ᠎ᠡ ᠨᠢ 2 8 ᠳ᠋ᠦᠩᠰᠢᠭᠤᠷ ᠭᠷᠠᠳᠦ᠋ᠰ ᠲᠤ ᠬᠦᠷᠳᠡᠭ᠃    ᠵᠠᠮ ᠬᠠᠷᠢᠯᠴᠠᠭ᠎ᠠ ᠲᠡᠭᠡᠭᠡᠪᠦᠷᠢ᠄    ᠲᠦᠴᠢᠦᠸᠠᠨ ᠰᠢᠶᠠᠨ ᠵᠡᠭᠦᠨ ᠬᠤᠶᠢᠲᠤ ᠶᠢᠨ ᠭᠤᠷᠪᠠᠨ ᠮᠤᠵᠢ ᠲᠠᠢ ᠬᠠᠪᠢᠳᠠᠵᠤ᠂ ᠪᠡᠭᠡᠵᠢᠩ ᠲᠢᠶᠠᠨᠵᠢᠨ ᠡᡁᠧᠪᠸᠢ ᠲᠠᠢ ᠬᠠᠪᠢᠳᠠᠵᠤ᠂ ᠪᠡᠭᠡᠵᠢᠩ ︱ ᠬᠥᠯᠥᠨ ᠪᠤᠶᠢᠷ ᠤᠨ ᠭᠠᠭᠳᠠᠴᠢ ᠶᠢᠨ 111 ᠤᠯᠤᠰ ᠤᠨ ᠵᠠᠮ᠂ ᠭᠤᠸᠠᠩᠰᠢ ᠶᠢᠨ ᠪᠸᠢᠢᠬᠠᠢ ︱ ᠬᠥᠯᠥᠨ ᠪᠤᠶᠢᠷ ᠤᠨ ᠠᠷᠤᠨ ᠬᠤᠰᠢᠭᠤᠨ ᠤ ᠮᠤᠵᠢ ᠶᠢᠨ ᠬᠤᠭᠤᠷᠣᠨᠳᠣᠬᠢ ᠶᠡᠭᠡ ᠵᠠᠮ ᠂ ᠲᠦᠴᠢᠦᠸᠠᠨ ︱ ᠲᠤᠤᠨᠠᠨ ᠮᠤᠵᠢ ᠶᠢᠨ ᠬᠤᠭᠤᠷᠣᠨᠳᠣᠬᠢ ᠬᠤᠶᠠᠳᠤᠭᠠᠷ ᠳᠡᠰ ᠤᠨ ᠵᠠᠮ ᠢᠶᠠᠷ ᠭᠤᠣᠯ ᠪᠣᠯᠭᠠᠭᠰᠠᠨ ᠵᠠᠰᠠᠮᠠᠯ ᠵᠠᠮ ᠤᠨ ᠵᠠᠮ ᠬᠠᠷᠢᠯᠴᠠᠭ᠎ᠠ ᠲᠦᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠬᠥᠬᠡᠬᠤᠲᠠ ᠬᠠᠶᠢᠯᠠᠷ᠂  ᠪᠡᠭᠡᠵᠢᠭ ᠴᠢᠴᠢᠬᠠᠷ᠂  ᠱᠧᠨᠶᠠᠩ ᠵᠢᠶᠠᠮᠦ᠋ᠰ᠂ ᠴᠠᠩᠴᠦ᠋ᠨ ᠪᠠᠢ ᠴᠧᠩ᠂  ᠲᠦᠩᠯᠢᠶᠤᠤ ᠬᠤᠤᠯᠢᠨᠩᠭᠤᠯ᠂ ᠵᠠᠰᠠᠮᠠᠯ ᠵᠠᠮ ᠤᠨ ᠲᠣᠣᠷ ᠲᠤ ᠰᠢᠭᠤᠳ ᠨᠡᠪᠲᠡᠷᠡᠵᠦ ᠪᠤᠢ᠃ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠳᠤ ᠰᠢᠶᠠᠩ ᠪᠣᠯᠭᠠᠨ ᠳᠤ ᠳᠤᠰᠤ ︵ᠱᠦᠢᠨᠢ︶ ᠵᠠᠮ ᠨᠡᠪᠲᠡᠷᠡᠭᠦᠯᠬᠦ᠂ ᠭᠠᠴᠠᠭ᠎ᠠ ᠪᠣᠯᠭᠠᠨ ᠳᠤ ᠵᠠᠰᠠᠮᠠᠯ ᠵᠠᠮ ᠨᠡᠪᠲᠡᠷᠡᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠬᠦ ᠤᠷᠳᠤ 1629 ᠺᠢᠯᠣᠮᠧᠲᠷ ᠪᠠᠶᠢᠭᠰᠠᠨ ᠠᠴᠠ ᠪᠠᠨ 2072 ᠺᠢᠯᠣᠮᠧᠲᠷ ᠪᠣᠯᠤᠨ ᠨᠡᠮᠡᠭᠳᠡᠵᠦ᠂ ᠬᠠᠲᠠᠭᠤᠷᠠᠭᠤᠯᠤᠭᠰᠠᠨ ᠤᠷᠳᠤ 462 ᠺᠢᠯᠣᠮᠧᠲᠷ ᠪᠠᠶᠢᠭᠰᠠᠨ ᠠᠴᠠ ᠪᠠᠨ 1487 ᠺᠢᠯᠣᠮᠧᠲᠷ ᠪᠣᠯᠤᠨ ᠨᠡᠮᠡᠭᠳᠡᠪᠡ᠃    ᠤᠨᠴᠠᠯᠢᠭᠳᠤ ᠢᠳᠡᠭᠡᠨ    ᠸᠠᠩ ᠰᠢᠶᠤᠤ ᠡᠯ ᠤᠨ ᠶᠡᠭᠡ ᠪᠣᠣᠪᠤ   ᠲᠣᠮᠣ ᠪᠣᠣᠪᠤ ᠨᠢ ᠵᠢᠵᠢᠭ ᠬᠤᠲᠠ ᠳᠤ ᠨᠢᠭᠡᠨᠲᠡ ᠵᠠᠭᠤᠨ ᠵᠢᠯ ᠤᠨ ᠲᠡᠦᠬᠡ ᠲᠠᠢ ᠪᠣᠯᠵᠤ᠂ ᠪᠡᠭᠡᠵᠢᠩ ᠳᠤ ᠣᠷᠣᠵᠤ ᠂ ᠵᠸᠦ ᠡᠸ᠋ᠨ ᠯᠠᠢ ᠶᠡᠷᠦᠩᠬᠡᠶ ᠰᠠᠶᠢᠳ ᠤᠨ ᠰᠠᠶᠢᠨ ᠦᠨᠡᠯᠡᠯᠲᠡ ᠶᠢ ᠣᠯᠵᠤ᠂ ᠲᠥᠷᠥ ᠶᠢᠨ ᠳᠠᠶᠢᠯᠠᠯᠭ᠎ᠠ ᠳᠤ ᠣᠷᠣᠯᠴᠠᠵᠤ᠂ ᠭᠠᠳᠠᠭᠠᠳᠤ ᠶᠢᠨ ᠵᠣᠴᠢᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ 2014 ᠣᠨ ᠳᠤ ᠪᠠᠰᠠ ᠥᠪᠡᠷᠲᠡᠭᠡᠨ ᠵᠠᠰᠠᠬᠤ ᠣᠷᠣᠨ ᠤ ᠳᠡᠰ ᠤᠨ ︽ᠪᠣᠳᠠᠰ ᠤᠨ ᠪᠤᠰᠤ ᠰᠣᠶᠣᠯ ᠤᠨ ᠥᠪ︾ ᠢᠶᠠᠷ ᠨᠤᠲᠠᠯᠠᠭᠳᠠᠵᠤ᠂ ᠲᠣᠮᠣ ᠪᠣᠣᠪᠤ ᠨᠢ ᠵᠥᠪᠬᠡᠨ ᠠᠮᠲᠠᠲᠤ ᠢᠳᠡᠭᠡᠨ ᠲᠡᠳᠦᠶ ᠪᠢᠰᠢ᠂ ᠬᠠᠷᠢᠨ ᠵᠢᠵᠢᠭ ᠬᠤᠲᠠ ᠶᠢᠨ ᠬᠥᠮᠦᠰ ᠤᠨ ᠣᠮᠣᠭᠰᠢᠯ ᠢ ᠲᠠᠲᠠᠭᠰᠠᠨ ᠰᠣᠶᠣᠯ ᠪᠣᠯᠵᠠᠶ — ᠦᠵᠡᠬᠦ ᠳᠤ ᠳᠥᠭᠦᠮ ᠪᠣᠯᠪᠠᠴᠤ ᠨᠢᠭᠲᠠ ᠠᠴᠠ ᠨᠢᠭᠲᠠ᠂ ᠦᠵᠡᠬᠦ ᠳᠤ ᠡᠩ ᠤᠨ ᠪᠣᠯᠪᠠᠴᠤ ᠥᠪᠡᠷᠮᠢᠴᠡ ᠬᠡᠪ ᠨᠠᠮᠪᠠ ᠲᠠᠢ᠂ ᠲᠦᠢᠯ ᠤᠨ ᠲᠦᠴᠢᠦᠸᠠᠨ ᠤ ᠬᠥᠮᠦᠰ ᠤᠨ ᠪᠣᠷᠣᠭᠵᠢᠭᠤᠨ ᠰᠢᠯᠤᠭᠤᠨ ᠵᠠᠩ ᠠᠷᠠᠨᠰᠢᠨ ᠲᠠᠢ ᠠᠳᠠᠯᠢ ᠪᠣᠯᠵᠠᠶ᠃
   ᠡᠷᠳᠡᠨᠢ ᠰᠢᠰᠢ ᠶᠢᠨ ᠭᠤᠯᠢᠷ ᠤᠨ ᠮᠢᠨᠲᠤᠤᠷ   ᠡᠭᠦᠨ ᠢ ᠲᠤᠰᠬᠠᠶᠢᠯᠠᠨ ᠡᠷᠳᠡᠨᠢ ᠰᠢᠰᠢ ᠶᠢᠨ ᠭᠤᠯᠢᠷ ᠢᠶᠠᠷ ᠬᠢᠬᠦ ᠪᠠ ᠵᠠᠩᠭᠢᠳᠬᠤ ᠪᠣᠯ ᠬᠠᠮᠤᠭ ᠤᠨ ᠴᠢᠬᠤᠯᠠ ᠠᠷᠭ᠎ᠠ ᠪᠣᠯᠤᠨ᠎ᠠ᠂ ᠬᠤᠷᠤᠭᠤᠨ ᠳᠠᠭᠠᠨ ᠥᠪᠡᠷ ᠤᠨ ᠬᠢᠭᠰᠡᠨ ᠱᠥᠯᠥᠨ ᠤ ᠳᠤᠭᠲᠤᠢ ᠪᠠᠨ ᠵᠡᠭᠦᠭᠰᠡᠨ ᠤ ᠳᠠᠷᠠᠭ᠎ᠠ᠂ ᠭᠤᠯᠢᠷ ᠢᠶᠠᠨ ᠭᠠᠷ ᠲᠠᠭᠠᠨ ᠬᠢᠵᠦ᠂ ᠬᠦᠴᠦᠲᠡᠶ ᠰᠢᠬᠠᠨ ᠳᠠᠷᠤᠵᠤ᠂ ᠱᠥᠯᠥᠨ ᠤ ᠳᠤᠭᠲᠤᠢ ᠳᠤ ᠣᠷᠣᠭᠤᠯᠤᠭᠠᠳ᠂ ᠬᠠᠮᠤᠭ ᠰᠡᠭᠦᠯ ᠳᠤᠨᠢ ᠮᠢᠨᠲᠤᠤᠷ ᠪᠣᠯᠭᠠᠨ ᠬᠤᠪᠢᠷᠠᠭᠠᠵᠤ᠂ ᠲᠣᠭᠤᠭᠠᠨ ᠳᠤ ᠤᠰᠤ ᠪᠤᠴᠠᠯᠭᠠᠨ᠂ ᠮᠢᠨᠲᠤᠤᠷ ᠢ ᠲᠣᠭᠤᠭᠠᠨ ᠳᠤ ᠬᠢᠵᠦ ᠴᠢᠨᠠᠵᠤ ᠪᠤᠯᠭᠤᠪᠠᠯ ᠳᠠᠷᠤᠶ ᠢᠳᠡᠵᠦ ᠪᠣᠯᠤᠨ᠎ᠠ᠃ ᠡᠷᠳᠡᠨᠢ ᠰᠢᠰᠢ ᠶᠢᠨ ᠭᠤᠯᠢᠷ ᠤᠨ ᠮᠢᠨᠲᠤᠤᠷ‌ᠨᠢ ᠨᠢᠭᠡᠨᠲᠡ ᠲᠦᠴᠢᠦᠸᠠᠨ ᠰᠢᠶᠠᠨ ᠤ ᠬᠥᠮᠦᠰ ᠤᠨ ᠬᠤᠭᠤᠯᠠᠨ ᠰᠢᠷᠡᠭᠡᠨ ᠳᠡᠭᠡᠷᠡᠬᠢ ᠳᠤᠲᠠᠭᠳᠠᠵᠤ ᠪᠣᠯᠤᠰᠢ ᠥᠬᠡᠶ ᠠᠮᠲᠠᠲᠤ ᠢᠳᠡᠭᠡᠨ ᠪᠣᠯᠵᠣ᠂ ᠲᠦᠴᠢᠦᠸᠠᠨ ᠤ ᠢᠳᠡᠭᠡᠨ ᠤᠮᠳᠠᠭᠠᠨ ᠤ ᠰᠣᠶᠣᠯ ᠪᠠ ᠨᠤᠲᠤᠭ ᠤᠰᠤᠨ ᠤ ᠵᠠᠩ ᠠᠭᠠᠯᠢ ᠶᠢ ᠬᠠᠷᠠᠭᠤᠯᠤᠭᠰᠠᠨ ᠣᠨᠴᠠᠭᠠᠶ ᠨᠡᠷ᠎ᠡ ᠶᠢᠨ ᠬᠠᠭᠤᠳᠠᠰᠤ ᠪᠣᠯᠤᠭᠰᠠᠨ ᠪᠥᠭᠡᠳ ᠨᠠᠩ ᠴᠤ ᠡᠷᠳᠡᠨᠢ ᠰᠢᠰᠢ ᠶᠢ ᠪᠦᠳᠦᠭᠦᠯᠢᠭ ᠠᠴᠠ ᠨᠠᠷᠢᠯᠢᠭ ᠬᠥᠭᠵᠢᠯᠲᠡ ᠶᠢᠨ ᠵᠠᠮ ᠳᠤ ᠣᠷᠣᠭᠤᠯᠤᠭᠰᠠᠨ ᠤ ᠢᠯᠡᠷᠡᠯ ᠪᠣᠯᠤᠭᠰᠠᠨ ᠪᠠᠶᠢᠨ᠎ᠠ᠃
  ᠰᠢ ᠯᠢᠦ ᠤ ᠪᠣᠷᠣ ᠰᠠᠷᠢᠮᠰᠠᠭ   ᠭᠠᠳᠠᠷ ᠳᠠᠪᠬᠤᠷᠭ᠎ᠠ ᠶᠢᠨ ᠴᠠᠭᠠᠨ ᠥᠩᠭᠡ ᠲᠠᠢ ᠰᠠᠷᠢᠮᠰᠠᠭ ᠤᠨ ᠬᠠᠯᠢᠰᠤ ᠨᠢ ᠴᠠᠶᠢᠪᠤᠷ ᠪᠣᠷᠣ ᠥᠩᠭᠡ ᠲᠠᠢ᠂ ᠳᠣᠲᠣᠷ᠎ᠠ ᠳᠠᠪᠬᠤᠷᠭ᠎ᠠ ᠶᠢᠨ ᠰᠠᠷᠢᠮᠰᠠᠭ ᠤᠨ ᠬᠤᠪᠴᠠᠰᠤ ᠨᠢ ᠪᠦᠷᠢᠮᠦᠰᠦᠨ ᠭᠦᠨ ᠪᠣᠷᠣ ᠥᠩᠭᠡ ᠲᠠᠢ ᠪᠣᠯᠬᠤᠷ ︽ᠪᠣᠷᠣ ᠬᠠᠯᠢᠰᠤᠲᠤ ᠰᠠᠷᠢᠮᠰᠠᠭ︾ ᠭᠡᠳᠡᠭ᠃ ︽ᠰᠢ ᠯᠢᠦ ᠰᠢᠶᠠᠨ︾ ᠤ ᠨᠡᠷ᠎ᠡ ᠨᠢ ᠲᠤᠬᠠᠶ ᠶᠢᠨ ᠦᠶ᠎ᠡ ᠶᠢᠨ ᠵᠠᠰᠠᠭ ᠵᠠᠬᠢᠷᠭᠠᠨ ᠤ ᠰᠠᠭᠤᠭ᠎ᠠ ᠭᠠᠵᠠᠷ ᠤᠨ ᠰᠢ ᠯᠢᠦ ᠰᠢᠶᠠᠩ ᠠᠴᠠ ᠢᠷᠡᠯᠳᠡ ᠲᠠᠢ᠂ ᠰᠡᠭᠦᠯᠡᠷ ᠨᠢ ᠪᠠᠶᠢᠭᠤᠯᠤᠮᠵᠢ ᠶᠢ ᠨᠢ ᠬᠠᠰᠤᠵᠤ ᠨᠡᠶᠢᠯᠡᠭᠦᠯᠦᠭᠡᠳ᠂ ᠰᠢ ᠯᠢᠦ ᠰᠢᠶᠠᠩ ᠢ ᠲᠦᠴᠢᠦᠸᠠᠨ ᠪᠠᠯᠭᠠᠰᠤᠨ ᠳᠤ ᠬᠦᠷᠲᠡᠯ᠎ᠡ ᠨᠡᠶᠢᠯᠡᠭᠦᠯᠵᠡᠶ᠃ ᠰᠢ ᠯᠢᠦ ᠤ ᠪᠣᠷᠣ ᠬᠠᠯᠢᠰᠤᠲᠤ ᠰᠠᠷᠢᠮᠰᠠᠭ ᠤᠨ ᠨᠡᠷ᠎ᠡ ᠠᠯᠳᠠᠷ ᠨᠢ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠬᠦᠴᠦᠨ ᠦᠭᠡᠶ ᠪᠣᠯᠭᠠᠭᠰᠠᠨ ᠨᠥᠯᠥᠭᠡ ᠶᠢ ᠭᠥᠷᠳᠡᠭᠰᠡᠨ ᠦᠭᠡᠶ ᠪᠥᠭᠡᠳ ᠬᠡᠷᠡᠭᠯᠡᠭᠴᠢᠳ ᠪᠣᠬᠢᠷᠲᠤᠯ ᠦᠭᠡᠶ ᠡᠷᠡᠭᠦᠯ ᠮᠡᠨᠳᠦ ᠶᠢᠨ ᠢᠳᠡᠭᠡᠨ ᠤ ᠵᠦᠢᠯ ᠢ ᠡᠷᠬᠢᠮᠨᠡᠨ ᠳᠡᠭᠡᠳᠦᠯᠡᠵᠦ ᠪᠠᠶᠢᠭᠰᠠᠨ ᠠᠴᠠ ᠪᠣᠯᠵᠤ ᠤᠯᠠᠮ ᠢᠯᠡᠭᠦᠦ ᠬᠠᠩᠭᠢᠨᠠᠵᠤ ᠪᠠᠶᠢᠨ᠎ᠠ᠃ ᠪᠣᠷᠣ ᠬᠠᠯᠢᠰᠤᠲᠤ ᠰᠠᠷᠢᠮᠰᠠᠭ ᠲᠤ ᠳᠡᠭᠳᠡᠮᠡᠬᠡᠶ ᠴᠢᠨᠠᠷᠲᠠᠶ ︽ᠰᠠᠷᠢᠮᠰᠠᠭ ᠤᠨ ᠡᠳ᠋︾ ᠠᠭᠤᠯᠤᠭᠳᠠᠵᠤ᠂ ᠢᠳᠡᠭᠡᠨ ᠤ ᠳᠤᠷᠠᠰᠢᠯ ᠢ ᠠᠬᠢᠭᠤᠯᠬᠤ᠂ ᠪᠠᠺᠲ᠋ᠧᠷᠢ ᠠᠯᠠᠬᠤ ᠵᠡᠷᠭᠡ ᠦᠢᠯᠡᠳᠦᠯ ᠲᠠᠢ᠃ ᠲᠤᠷᠰᠢᠯᠲᠠ ᠶᠢ ᠦᠨᠳᠦᠰᠦᠯᠡᠪᠡᠯ᠂ ᠲᠡᠷᠡ ᠨᠢ ᠬᠡᠯᠬᠢᠶ᠎ᠡ ᠪᠥᠮᠪᠥᠭᠡᠨ ᠪᠠᠺᠲ᠋ᠧᠷᠢ᠂ ᠦᠵᠦᠮᠯᠢᠭ ᠪᠥᠮᠪᠥᠭᠡᠨ ᠪᠠᠺᠲ᠋ᠧᠷᠢ᠂ ᠶᠣᠯᠬᠤᠳᠠᠰᠤ ᠶᠢᠨ ᠰᠠᠪᠬᠠᠨᠴᠢᠷ ᠪᠠᠺᠲ᠋ᠧᠷᠢ ᠵᠢᠴᠢ ᠬᠤᠯᠢᠷ᠎ᠠ ᠶᠢᠨ ᠨᠣᠮᠣᠨ ᠪᠠᠺᠲ᠋ᠧᠷᠢ ᠶᠢᠨ ᠥᠰᠥᠯᠲᠡ ᠶᠢ ᠮᠠᠰᠢ ᠴᠢᠩᠭ᠎ᠠ ᠬᠤᠷᠢᠭᠯᠠᠬᠤ ᠪᠠ ᠠᠯᠠᠵᠤ ᠤᠰᠠᠳᠬᠠᠬᠤ ᠴᠢᠳᠠᠪᠤᠷᠢ ᠲᠠᠢ᠃ ᠠᠮᠧᠷᠢᠺᠠ ᠶᠢᠨ ᠠᠨᠠᠭᠠᠬᠤ ᠤᠬᠠᠭᠠᠨᠲᠠᠳ ᠤᠨ ᠰᠤᠳᠤᠯᠤᠭᠰᠠᠨ ᠢᠶᠠᠷ᠂ ᠲᠡᠷᠡ ᠨᠢ ᠪᠠᠰᠠ ᠴᠢᠰᠤᠨ ᠳᠣᠲᠣᠷᠠᠬᠢ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠶᠢ ᠪᠠᠭᠤᠷᠠᠭᠤᠯᠵᠤ᠂ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠶᠢ ᠰᠡᠷᠭᠡᠶᠢᠯᠡᠵᠦ᠂ ᠵᠢᠷᠦᠬᠡᠨ ᠡᠪᠡᠳᠴᠢᠨ ᠪᠠ ᠴᠢᠰᠤᠨ ᠳᠠᠷᠤᠯᠲᠠ ᠥᠨᠳᠥᠷᠵᠢᠬᠦ ᠶᠢ ᠰᠡᠷᠭᠡᠶᠢᠯᠡᠬᠦ ᠰᠠᠶᠢᠨ ᠡᠮ ᠪᠣᠯᠤᠨ᠎ᠠ᠃ ᠨᠡᠩ ᠴᠢᠬᠤᠯᠠ ᠨᠢ ᠲᠡᠷᠡ ᠨᠢ ᠪᠠᠰᠠ ᠬᠥᠮᠦᠨ ᠤ ᠪᠡᠶ᠎ᠡ ᠶᠢᠨ ᠳᠤᠲᠠᠭᠤ ᠠᠽᠣᠲ ᠠᠮᠢᠨ ᠤ ᠥᠮᠡᠨ ᠡᠭᠦᠰᠭᠡᠬᠦ ᠪᠣᠳᠠᠰ ᠢ ᠨᠡᠶᠢᠯᠡᠭᠦᠯᠬᠦ ᠪᠠ ᠰᠢᠩᠭᠡᠭᠡᠬᠦ ᠶᠢ ᠤᠯᠠᠨ ᠲᠠᠯ᠎ᠠ ᠠᠴᠠ ᠲᠠᠰᠤᠯᠵᠤ᠂ ᠬᠥᠮᠦᠨ ᠤ ᠪᠡᠶ᠎ᠡ ᠶᠢᠨ ᠥᠮᠡᠨ ᠢ ᠡᠰᠡᠷᠭᠦᠴᠡᠬᠦ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠳᠡᠭ᠃
   ᠯᠢᠦ ᠬᠤ᠋ ᠪᠠᠯᠭᠠᠰᠦᠨ ᠤ ᠬᠠᠲᠠᠭᠠᠭᠰᠠᠨ ᠳ᠋ᠧᠦᠹᠦ᠋   ︽ᠬᠠᠭᠤᠷᠠᠶ᠂ ᠨᠢᠮᠭᠡᠨ᠂ ᠨᠢᠮᠭᠡᠨ᠂ ᠵᠥᠭᠡᠯᠡᠨ︾ ᠢᠶᠠᠷ ᠠᠯᠳᠠᠷᠰᠢᠭᠰᠠᠨ ᠳ᠋ᠧᠦᠹᠦ᠋ ᠶᠢ ᠳᠠᠷᠤᠬᠤ ᠳᠤ ᠦᠨᠡᠨ ᠪᠣᠳᠠᠲᠠᠶ᠂ ᠲᠠᠭᠠᠲᠠᠶ ᠪᠠᠶᠢᠬᠤ ᠶᠢ ᠵᠢᠭᠠᠵᠤ ᠪᠠᠶᠢᠨ᠎ᠠ︔ ︽ᠨᠢᠮᠭᠡᠨ︾ ᠭᠡᠳᠡᠭ ᠨᠢ ᠨᠢᠭᠡ ᠬᠠᠭᠤᠳᠠᠰᠤ ᠳ᠋ᠧᠦᠹᠦ᠋ ᠨᠢ ᠴᠠᠭᠠᠰᠤ ᠰᠢᠭ᠋ ᠵᠤᠵᠠᠭᠠᠨ ᠨᠢᠮᠭᠡᠨ᠂ ᠨᠡᠷᠡᠨ ᠤ ᠳᠣᠣᠷ᠎ᠠ ᠭᠡᠷᠡᠯ ᠨᠡᠪᠲᠡᠷᠡᠬᠦ ᠶᠢ ᠵᠢᠭᠠᠵᠤ ᠪᠠᠶᠢᠨ᠎ᠠ︔ ︽ᠨᠠᠷᠢᠨ︾ ᠭᠡᠳᠡᠭ ᠨᠢ ᠳ᠋ᠧᠦᠹᠦ᠋ ᠶᠢᠨ ᠳᠣᠲᠣᠷ᠎ᠠ ᠪᠤᠷᠴᠠᠭ ᠤᠨ ᠰᠢᠭᠠᠷᠤ ᠶᠢ ᠠᠭᠤᠯᠬᠤ ᠦᠭᠡᠢ᠂ ᠠᠮᠲᠠ ᠨᠢ ᠵᠥᠭᠡᠯᠡᠨ ᠪᠠᠶᠢᠬᠤ ᠶᠢ ᠵᠢᠭᠠᠵᠤ ᠪᠠᠶᠢᠨ᠎ᠠ︔ ︽ᠵᠥᠭᠡᠯᠡᠨ ︾ᠭᠡᠳᠡᠭ ᠨᠢ ᠪᠤᠯᠪᠠᠷᠠᠶ ᠵᠥᠭᠡᠯᠡᠨ᠂ ᠦᠲᠡᠯᠦᠭᠰᠡᠨ ᠵᠠᠯᠠᠭᠤ ᠪᠦᠷ ᠢᠳᠡᠬᠦ ᠳᠤ ᠲᠣᠬᠢᠷᠠᠮᠵᠢᠲᠠᠶ᠂ ᠬᠤᠳᠣᠭᠤᠳᠣ ᠭᠡᠳᠡᠰᠦᠨ ᠤ ᠰᠢᠩᠭᠡᠭᠡᠯᠲᠡ ᠳᠤ ᠬᠢᠯᠪᠠᠷ ᠪᠠᠶᠢᠬᠤ ᠶᠢ ᠵᠢᠭᠠᠵᠤ ᠪᠠᠶᠢᠨ᠎ᠠ᠃ ︽ᠬᠠᠭᠤᠷᠠᠶ᠂ ᠨᠢᠮᠭᠡᠨ᠂ ᠨᠠᠷᠢᠯᠢᠭ᠂ ᠵᠥᠭᠡᠯᠡᠨ ︾ ᠪᠣᠯ ᠯᠢᠦ ᠬᠤ᠋ ᠪᠠᠯᠭᠠᠰᠦᠨ ᠤ ᠬᠠᠲᠠᠭᠠᠭᠰᠠᠨ ᠳ᠋ᠧᠦᠹᠦ᠋  ᠶᠢᠨ ᠳᠥᠷᠪᠡᠨ ᠶᠡᠭᠡ ᠣᠨᠴᠠᠯᠢᠭ ᠪᠠᠶᠢᠵᠤ᠂ ᠲᠦᠴᠢᠦᠸᠠᠨ ᠤ ᠬᠥᠮᠦᠰ ᠲᠤ ᠣᠮᠣᠭᠰᠢᠳᠠᠭ᠃ᠯᠢᠦ ᠬᠤ᠋ ᠪᠠᠯᠭᠠᠰᠦᠨ ᠤ ᠬᠠᠲᠠᠭᠠᠭᠰᠠᠨ ᠳ᠋ᠧᠦᠹᠦ᠋ ᠶᠢ ᠬᠠᠭᠤᠷᠴᠤ ᠪᠣᠯᠤᠨ᠎ᠠ᠂ ᠴᠢᠨᠠᠵᠤ ᠪᠣᠯᠤᠨ᠎ᠠ᠂ ᠤᠳᠠᠭᠠᠨ ᠴᠢᠨᠠᠪᠠᠯ ᠦᠡᠭᠭᠡ ᠨᠢ ᠬᠤᠪᠢᠷᠠᠬᠤ ᠦᠭᠡᠢ ᠪᠠᠶᠢᠳᠠᠭ᠃ ᠬᠠᠳᠠᠭᠠᠭᠰᠠᠨ ᠳ᠋ᠧᠦᠹᠦ᠋ ᠪᠠᠷ ᠰᠣᠩᠭᠢᠨ᠎ᠠ ᠶᠢ ᠣᠷᠢᠶᠠᠵᠤ᠂ ᠳᠠᠬᠢᠨ ᠥᠪᠡᠷ ᠢᠶᠠᠨ ᠬᠢᠭᠰᠡᠨ ᠰᠢᠷ᠎ᠠ ᠵᠢᠶᠠᠩ ᠳᠤ ᠳᠦᠷᠦᠵᠦ ᠢᠳᠡᠪᠡᠯ᠂ ᠬᠤᠳᠣᠭᠤᠳᠣ ᠶᠢ ᠰᠠᠶᠢᠵᠢᠷᠠᠭᠤᠯᠬᠤ ᠮᠥᠷᠲᠡᠭᠡᠨ ᠰᠢᠩᠭᠡᠭᠡᠬᠦ ᠳᠤ ᠠᠮᠠᠷᠬᠠᠨ᠂ ᠵᠠᠭᠤᠨᠲᠠ ᠢᠳᠡᠪᠡᠯ ᠬᠠᠰᠢᠷᠠᠬᠤ ᠥᠬᠡᠶ ᠪᠠᠶᠢᠳᠠᠭ᠃  
  ᠲᠦᠴᠢᠦᠸᠠᠨ ᠤ ᠨᠠᠷᠢᠮᠤ  ᠲᠦᠴᠢᠦᠸᠠᠨ ᠤ ᠨᠠᠷᠢᠮᠤ ᠨᠢ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠢ ᠭᠥᠷᠳᠡᠪᠡ᠃ ᠲᠠᠢ ᠾᠧ ᠨᠠᠷᠢᠮᠤ ᠪᠣᠯ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠮᠥᠨ᠂  ᠲᠠᠢ ᠾᠧ ᠪᠣᠯ ᠭᠦᠶᠦᠭᠡᠨ ᠠᠭᠤᠯᠠ ᠳᠣᠪᠣᠷᠬᠠᠭ ᠣᠷᠣᠨ ᠳᠤ ᠬᠠᠷᠢᠶᠠᠯᠠᠭᠳᠠᠵᠤ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 3℃ ᠪᠠᠶᠢᠵᠤ᠂ ᠬᠢᠷᠠᠭᠤ ᠥᠬᠡᠶ ᠡᠳᠦᠷ 125 ᠡᠳᠦᠷ ᠪᠠᠶᠢᠳᠠᠭ᠃ ᠬᠤᠷ᠎ᠠ ᠲᠤᠨᠳᠠᠰᠤ ᠡᠯᠪᠡᠭ᠂ ᠨᠠᠷᠢᠮᠤ ᠶᠢᠨ ᠤᠷᠭᠤᠯᠲᠠ ᠶᠢᠨ ᠬᠤᠭᠤᠴᠠᠭᠠᠨ ᠳᠤ᠂ ᠲᠠᠢ ᠾᠧ ᠨᠠᠷᠢᠮᠤ ᠶᠢᠨ ᠰᠢᠮ᠎ᠡ ᠲᠡᠵᠢᠭᠡᠯ ᠡᠯᠪᠡᠭ᠂ ᠠᠮᠲᠠᠲᠠᠶᠢᠬᠠᠨ ᠮᠥᠷᠲᠡᠭᠡᠨ ᠭᠥᠯᠢᠭᠡᠷ ᠪᠠᠶᠢᠳᠠᠭ᠃ ᠲᠠᠢ ᠾᠧ ᠨᠠᠷᠢᠮᠤ ᠶᠢᠨ ᠮᠥᠬᠦᠯᠢᠭ ᠨᠢ ᠶᠡᠭᠡ ᠳᠦᠭᠦᠷᠡᠩ᠂ ᠥᠩᠭᠡ ᠨᠢ ᠠᠯᠲᠠᠨ ᠰᠢᠷᠭᠠᠯ᠂ ᠦᠨᠦᠷ ᠨᠢ ᠠᠩᠬᠢᠯᠤᠮ᠎ᠠ ᠰᠠᠶᠢᠬᠠᠨ ᠵᠡᠷᠭᠡ ᠣᠨᠴᠠᠯᠢᠭ ᠲᠠᠢ᠂ ᠲᠤᠲᠤᠷᠭ᠎ᠠ ᠶᠢᠨ ᠳᠣᠲᠣᠷᠠᠬᠢ ᠣᠬᠢ ᠰᠠᠶᠢᠨ ᠢᠳᠡᠭᠡᠨ ᠪᠣᠯᠤᠨ᠎ᠠ᠃ ᠲᠠᠢ ᠾᠧ ᠨᠠᠷᠢᠮᠤ ᠶᠢᠨ ᠮᠥᠬᠦᠯᠢᠭ ᠨᠢ ᠶᠡᠭᠡ ᠳᠦᠭᠦᠷᠡᠩ᠂ ᠥᠩᠭᠡ ᠨᠢ ᠠᠯᠲᠠᠨ ᠰᠢᠷᠭᠠᠯ᠂ ᠦᠨᠦᠷ ᠠᠮᠲᠠ ᠨᠢ ᠠᠩᠬᠢᠯᠤᠮ᠎ᠠ ᠰᠠᠶᠢᠬᠠᠨ ᠵᠡᠷᠭᠡ ᠣᠨᠴᠠᠯᠢᠭ ᠲᠠᠢ᠂ ᠡᠨᠡ ᠪᠣᠯ ᠲᠤᠲᠤᠷᠭ᠎ᠠ ᠶᠢᠨ ᠳᠣᠲᠣᠷᠠᠬᠢ ᠣᠬᠢ ᠰᠠᠶᠢᠨ ᠢᠳᠡᠭᠡᠨ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号