ᠭᠧᠩ ᠲᠢᠶᠠᠨ ᠯᠢᠶᠠᠩ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/25
  3 ᠳ᠋ᠤᠭᠠᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠨᠤᠲᠤᠭ ᠪᠡᠯᠴᠢᠭᠡᠷ ᠣᠶ ᠰᠢᠭᠤᠶ ᠶᠢᠨ ᠭᠠᠵᠠᠷ ᠢ ᠡᠪᠳᠡᠵᠦ ᠬᠠᠤᠯᠢ ᠲᠣᠭᠲᠠᠭᠠᠯ  ᠠᠴᠠ ᠵᠥᠷᠢᠴᠡᠭᠰᠡᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠂ ᠴᠢᠬᠤᠯᠠ ᠶᠡᠭᠡ ᠲᠥᠷᠥᠯ ᠵᠦᠶᠯ ᠤᠨ ᠠᠵᠢᠯ  ᠢᠶᠠᠨ ᠡᠬᠢᠯᠡᠭᠦᠯᠵᠦ ᠰᠡᠷᠭᠦᠭᠡᠭᠰᠡᠨ ᠵᠡᠷᠭᠡ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠪᠦ᠋ᠦ ᠬᠥᠭᠵᠢᠯᠲᠦ᠂ ᠯᠢᠦ ᡁᠢ ᠹᠧᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠴᠢᠬᠤᠯᠠ ᠶᠡᠭᠡ ᠲᠦᠷᠦᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠠᠵᠢᠯ ᠤᠨ ᠲᠤᠬᠠᠢ᠂ ᠭᠧᠩ ᠲᠢᠶᠠᠨ ᠯᠢᠶᠠᠩ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠴᠢᠨᠠᠷᠲᠠᠢ ᠠᠵᠢᠯ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠦᠷᠦᠯ ᠵᠦᠢᠯ  ᠤᠨ ᠤᠬᠠᠮᠰᠠᠷ ᠢᠶᠠᠨ ᠴᠢᠩᠭᠠᠳᠬᠠᠵᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠲᠦᠷᠭᠡᠨ ᠠᠬᠢᠭᠤᠯᠵᠤ᠂ ᠪᠦᠬᠦ ᠲᠠᠯ᠎ᠠ ᠪᠠᠷ ᠦᠢᠯᠡᠴᠢᠯᠡᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠨ ᠤ ᠰᠢᠶᠠᠨ ᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ ᠪᠠᠰᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号