ᠭᠧᠩ ᠲᠢᠶᠠᠨ ᠯᠢᠶᠠᠩ ᠪᠦᠬᠦ ᠰᠢᠶᠠᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠠᠵᠢᠯ ᠢ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/26
    3 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠪᠥᠬᠦ ᠰᠢᠶᠠᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠠᠵᠢᠯ ᠤᠨ ᠲᠣᠬᠢᠷᠠᠭᠤᠯᠤᠯᠲᠠ  ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᡁᠢ ᠹᠧᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠤᠩ ᠰᠢᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
    ᠬᠤᠷᠠᠯ ᠠᠴᠠ ᠪᠦᠬᠦ ᠰᠢᠶᠠᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠤᠯᠪᠣᠭᠳᠠᠯ ᠪᠦᠬᠦᠢ ᠪᠠᠶᠢᠳᠠᠯ  ᠢ ᠰᠣᠨᠣᠰᠴᠤ᠂ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠳᠤᠯᠤᠨ ᠶᠠᠷᠢᠯᠴᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠃ᠬᠤᠷᠠᠯ ᠠᠴᠠ᠂ ᠬᠤᠲᠠ ᠬᠥᠳᠡᠭᠡ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠪᠣᠯ ᠰᠢᠨ᠎ᠡ ᠬᠥᠭᠵᠢᠯᠲᠡ ᠶᠢᠨ ᠤᠢᠢᠯᠠᠭᠠᠭᠲᠠᠬᠤᠨ ᠢ ᠨᠠᠶᠢᠳᠠᠪᠤᠷᠢᠵᠢᠭᠤᠯᠬᠤ ᠶᠢᠨ ᠳᠣᠲᠣᠭᠠᠳᠤ ᠬᠡᠷᠡᠭᠴᠡᠭᠡ ᠮᠥᠨ᠂ ᠣᠷᠣᠨ ᠵᠠᠢ ᠶᠢ ᠵᠣᠬᠢᠰᠲᠠᠢ ᠠᠰᠢᠭᠯᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠬᠤᠯᠪᠣᠭᠳᠠᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠠᠵᠢᠯ ᠤᠨ ᠴᠢᠬᠤᠯᠠ ᠴᠢᠨᠠᠷ ᠢ ᠭᠦᠶᠴᠡᠳ ᠲᠠᠨᠢᠵᠤ᠂ ᠠᠯᠤᠰ ᠬᠡᠲᠦ ᠶᠢ ᠪᠣᠳᠣᠯᠬᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠥᠯᠥᠪᠵᠢᠭᠦᠯᠭᠡ ᠶᠢᠨ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠲᠥᠯᠥᠪᠵᠢᠭᠦᠯᠭᠡ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠷᠠᠭᠤᠯᠵᠤ᠂ ᠬᠢᠨᠠᠨ ᠪᠠᠶᠢᠴᠠᠭᠠᠵᠤ ᠰᠤᠷᠤᠯᠴᠠᠬᠤ ᠪᠠᠨ ᠴᠢᠩᠭᠠᠳᠬᠠᠨ᠂ ᠬᠥᠭᠵᠢᠭᠰᠡᠨ ᠭᠠᠵᠠᠷ ᠣᠷᠣᠨ ᠤ ᠲᠡᠷᠢᠭᠦᠨ ᠤ ᠣᠨᠣᠯᠵᠢᠬᠤᠨ ᠢᠶᠠᠷ ᠭᠦᠢᠴᠡᠳ ᠲᠣᠯᠢ ᠪᠣᠯᠭᠠᠵᠤ᠂ ᠲᠥᠯᠥᠪᠵᠢᠭᠦᠯᠭᠡ ᠶᠢᠨ ᠤᠷᠢᠳᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠣᠯᠤᠨ ᠬᠡᠷᠡᠭᠯᠡᠭᠡᠨ ᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠪᠣᠳᠠᠲᠠᠢ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠲᠥᠯᠥᠪᠵᠢᠭᠦᠯᠭᠡ ᠶᠢ ᠬᠢᠬᠦ ᠬᠡᠷᠡᠭᠲᠡᠢ᠃ ᠬᠤᠳᠠ ᠬᠥᠳᠡᠭᠡ ᠶᠢ ᠨᠢᠭᠡ ᠴᠤᠬᠴᠠᠵᠢᠭᠤᠯᠬᠤ ᠲᠥᠯᠥᠪᠵᠢᠭᠦᠯᠭᠡ ᠶᠢ ᠪᠠᠷᠢᠮᠲᠠᠯᠠᠵᠤ᠂ ᠬᠤᠳᠠ ᠶᠢᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡ ᠪᠠᠷ ᠶᠠᠪᠤᠭᠳᠠᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ  ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号