ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/29
  3 ᠰᠠᠷ᠎ᠠ ᠶᠢᠨ 26 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠠᠵᠢᠯ ᠤᠨ ᠬᠤᠷᠠᠯ ᠬᠤᠷᠠᠯᠳᠤᠪᠠ᠃
   ᠬᠤᠷᠠᠯ ᠳᠡᠭᠡᠷ᠎ᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ  ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ  ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠯᠠᠮᠵᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠵᠢᠯᠣᠭᠤᠳᠬᠤ ᠳᠤᠭᠤᠶᠢᠯᠠᠩ ᠤᠨ ᠭᠤᠤᠯ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠩᠰᠢᠨ ᠨᠡᠶᠢᠲᠡᠯᠡᠪᠡ᠃     ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯ ᠪᠦᠬᠦ ᠵᠢᠯ ᠳᠤ ᠲᠤᠤᠱᠯᠠᠭᠳᠠᠵᠤ ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ᠃ ᠬᠤᠶᠠᠷ ᠲᠤ ᠠᠬᠢᠴᠠ ᠶᠢᠨ ᠲᠣᠬᠢᠷᠠᠭᠤᠯᠤᠯᠲᠠ ᠶᠢ ᠡᠵᠡᠮᠳᠡᠬᠦ ᠬᠡᠷᠡᠭᠲᠡᠶ᠃ ᠲᠣᠭᠲᠠᠭᠠᠭᠰᠠᠨ ᠵᠣᠬᠢᠶᠠᠯ ᠢ ᠰᠠᠶᠢᠨ ᠰᠤᠷᠤᠯᠴᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠲᠣᠭᠲᠠᠭᠠᠭᠰᠠᠨ ᠠᠷᠪᠠᠨ ᠲᠠᠯ᠎ᠠ ᠶᠢᠨ ᠵᠠᠪᠠᠯ ᠰᠤᠷᠬᠤ ᠠᠭᠤᠯᠭ᠎ᠠ ᠶᠢ ᠪᠦᠯᠦᠭ ᠳᠠᠷᠠᠭᠠᠯᠠᠨ ᠨᠡᠪᠲᠡᠷᠬᠡᠶ ᠤᠩᠰᠢᠵᠤ᠂ ᠨᠠᠷᠢᠨ ᠤᠩᠰᠢᠵᠤ ᠰᠤᠳᠤᠯᠤᠨ ᠤᠩᠰᠢᠨ᠎ᠠ᠃ ᠲᠣᠭᠲᠠᠭᠰᠠᠨ ᠬᠥᠳᠡᠯᠭᠡᠭᠡᠨ ᠢ ᠰᠠᠶᠢᠨ ᠲᠣᠬᠢᠷᠠᠭᠤᠯᠬᠤ ᠬᠡᠷᠡᠭᠲᠡᠶ᠃ ᠴᠠᠭ ᠬᠤᠭᠤᠴᠠᠭ᠎ᠠ ᠶᠣᠰᠣᠭᠠᠷ᠂ ᠡᠯ᠎ᠡ ᠵᠦᠶᠯ ᠤᠨ ᠠᠵᠢᠯᠯᠠᠭ᠎ᠠ ᠶᠢ ᠦᠨᠡᠨᠬᠦ ᠰᠠᠶᠢᠲᠤᠷ ᠥᠷᠨᠢᠭᠦᠯᠬᠦ ᠬᠡᠷᠡᠭᠲᠡᠶ᠃ ᠦᠶᠯᠡᠳᠦᠯᠭᠡ ᠶᠢᠨ ᠠᠵᠢᠯᠯᠠᠭ᠎ᠠ ᠶᠢ ᠢᠮᠠᠭᠲᠠ ᠲᠤᠭᠤᠰᠢᠯᠠᠭᠤᠯᠬᠤ ᠬᠡᠷᠡᠭᠲᠡᠶ᠃ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 《 〈 ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ 〉 ᠦᠢᠯᠡᠳᠦᠯᠭᠡ ᠶᠢᠨ ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ 》 ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠠᠷᠭ᠎ᠠ ᠮᠠᠶ᠋ᠢᠭ ᠢ ᠴᠢᠬᠤᠯᠠᠴᠢᠯᠠᠬᠤ ᠬᠡᠷᠡᠭᠲᠡᠶ᠃ ᠭᠤᠷᠪᠠ ᠶᠢ ᠰᠢᠪᠠᠳᠠᠬᠤ᠂ ᠭᠤᠷᠪᠠ ᠶᠢ ᠦᠵᠡᠬᠦ᠂ ᠨᠢᠭᠡ ᠶᠢ ᠵᠢᠯᠣᠭᠤᠳᠬᠤ ᠠᠵᠢᠯ ᠢ ᠰᠠᠶᠢᠲᠤᠷ ᠬᠢᠵᠦ᠂ ᠰᠤᠷᠤᠯᠴᠠᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠨ᠎ᠠ᠃ ᠳᠥᠷᠪᠡ ᠳᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠶ᠃ ᠡᠯ᠎ᠡ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠢᠨ ᠡᠯ᠎ᠡ ᠰᠠᠯᠠᠭ᠎ᠠ ᠮᠥᠴᠢᠷ ᠨᠢᠭᠡᠴᠢ ᠶᠢ ᠵᠢᠭᠠᠨ ᠵᠢᠯᠣᠭᠤᠳᠴᠤ ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠤᠬᠠᠭᠤᠯᠭ᠎ᠠ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠪᠡᠶᠡᠯᠡᠭᠦᠯᠵᠦ᠂ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷᠭᠦᠯᠵᠢᠯᠡᠨ ᠭᠦᠨᠵᠡᠭᠡᠶᠢᠷᠡᠵᠦ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号