ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/30
  3 ᠳ᠋ᠤᠭᠠᠷ ᠰᠠᠷ᠎ᠠ ᠶᠢᠨ 11 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠦ ᠴᠧᠩ ᠬᠤᠷᠠᠯ ᠢ ᠡᠷᠭᠢᠯᠡᠭᠰᠡᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠬᠦᠴᠦᠨ᠂ ᠳᠡᠳ᠋ ᠲᠡᠷᠢᠭᠦᠯᠡᠭᠴᠢ ᠸᠠᠩ ᠰᠢ ᠯᠢᠨ᠂ ᠴᠧᠨ ᠳ᠋ᠦᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢᠦ ᠴᠦᠨ ᠶᠤᠸᠠᠨ᠂ ᠳᠡᠳ᠋ ᠲᠡᠷᠢᠭᠦᠯᠡᠭᠴᠢ ᠶᠠᠩ ᠶᠦᠩ ᠭᠠᠩ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃    ᠯᠢᠦ ᠱᠦ ᠴᠧᠩ ᠵᠢᠭᠠᠵᠤ ᠭᠠᠷᠭᠠᠭᠰᠠᠨ ᠨᠢ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠦ ᠤᠶᠢᠯᠠᠭᠠᠨ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠱᠠᠭᠠᠷᠳᠠᠯᠭ᠎ᠠ ᠪᠠ ᠬᠠᠷᠠᠯᠲᠠ ᠡᠭᠦᠷᠭᠡ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ᠂ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ ᠪᠠᠳᠤᠯᠠᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠢᠯᠡᠰ ᠢ ᠠᠬᠢᠭᠤᠯᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠶᠡᠭᠡ ᠲᠠᠯ᠎ᠠ ᠶᠢ ᠳᠡᠭᠡᠳᠦ ᠬᠡᠮᠵᠢᠶ᠎ᠡ ᠪᠠᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠲᠠᠨᠢᠬᠤ ᠪᠠ ᠥᠷᠨᠢᠭᠦᠯᠵᠦ᠂ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠪᠣᠳᠠᠲᠤ ᠠᠵᠢᠯᠯᠠᠭ᠎ᠠ ᠳᠤᠮᠳᠠ ᠪᠠᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶᠢᠨ ᠤᠬᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢᠶᠠᠨ ᠳᠡᠭᠡᠭᠰᠢᠯᠡᠭᠦᠯᠵᠦ᠂ ᠬᠡᠵᠢᠶᠡᠳᠡ ᠨᠠᠮ ᠤᠨ ᠵᠢᠭᠠᠪᠤᠷᠢ ᠶᠢ ᠰᠤᠨᠤᠰᠴᠤ᠂ ᠨᠠᠮ ᠳᠠᠭᠠᠨ ᠲᠠᠯᠠᠷᠬᠠᠵᠦ᠂ ᠨᠠᠮ ᠢᠶᠠᠨ ᠳᠠᠭᠠᠵᠤ ᠶᠠᠪᠤᠬᠤ ᠬᠡᠷᠡᠭᠲᠡᠢ ᠭᠡᠪᠡ᠃      ᠯᠢᠦ ᠱᠦ ᠴᠧᠩ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠤᠳᠤᠷᠢᠳᠬᠤ ᠳᠤᠭᠤᠶᠢᠯᠠᠩ ᠠᠴᠠ ᠵᠣᠬᠢᠶᠠᠨ ᠪᠠᠶᠢᠭᠤᠯᠵᠤ ᠬᠦᠳᠦᠯᠦᠨ ᠳᠠᠭᠠᠭᠤᠯᠬᠤ᠂ ᠰᠢᠰᠲ᠋ᠧᠮ ᠲᠠᠢ ᠲᠥᠯᠥᠪᠵᠢᠭᠦᠯᠦᠭᠰᠡᠨ᠂ ᠬᠤᠶᠠᠷ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ᠂ ᠪᠠᠶᠢᠭᠤᠯᠭ᠎ᠠ ᠶᠢᠨ ᠺᠠᠳ᠋ᠷ ᠠᠵᠢᠯᠳᠠᠨ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ︽ᠬᠤᠶᠠᠷ ᠡᠩᠨᠡᠭᠡ ︾ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠢ ᠦᠢᠯᠡᠳᠦᠯᠭᠡᠵᠢᠭᠦᠯᠤᠭ᠍ᠰᠡᠨ ᠱᠠᠳᠤ ᠱᠠᠳᠤ ᠪᠠᠷ ᠲᠠᠶᠢᠴᠢᠯᠠᠨ ᠳᠠᠭᠠᠭᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠦᠬᠦ ᠶᠠᠪᠤᠴᠠ ᠪᠣᠯᠤᠨ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠦᠯᠢᠭᠡᠷ ᠳᠠᠭᠤᠷᠢᠶᠠᠯ ᠪᠤᠯᠵᠤ ᠬᠦᠳᠦᠯᠦᠨ ᠳᠠᠭᠠᠭᠤᠯᠬᠤ ᠦᠢᠯᠡᠳᠦᠯ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠪᠦᠬᠦ ᠨᠠᠮ ᠤᠨ ᠭᠡᠰᠢᠭᠦᠨ ᠪᠠ ᠺᠠᠳ᠋ᠷᠴᠤᠳ ᠢ ᠳᠠᠭᠠᠭᠤᠯᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ ᠰᠤᠷᠬᠤᠢ ᠳᠤᠷ ᠪᠤᠳᠤᠯᠭ᠎ᠠ ᠲᠠᠢ ᠪᠠᠶᠢᠬᠤ᠂ ᠰᠤᠷᠤᠯᠴᠠᠬᠤ ᠳᠤᠷ ᠣᠯᠤᠯᠲᠠ ᠲᠠᠢ ᠪᠠᠶᠢᠬᠤ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠭᠡᠰᠢᠭᠦᠳ ᠤᠨ ᠳᠤᠮᠳᠠ ᠨᠠᠮ ᠤᠨ ᠲᠡᠤᠬᠡ ᠪᠠᠷ ᠭᠤᠤᠯᠳᠠᠯᠭ᠎ᠠ ᠪᠣᠯᠭᠠᠭᠰᠠᠨ ︽ᠳᠥᠷᠪᠡᠨ ᠲᠡᠦᠬᠡ ︾ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠣᠭ ᠵᠣᠬᠢᠶᠠᠯ ᠢ ᠤᠩᠰᠢᠵᠤ ᠣᠭ ᠵᠣᠬᠢᠶᠠᠯ ᠢ ᠰᠤᠷᠤᠯᠴᠠᠬᠤ ᠳᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ︽ᠴᠢᠳᠠᠬᠤ ︾᠂ ᠮᠠᠷᠺᠰ ᠤᠨ ᠦᠵᠡᠯ ᠶᠠᠭᠠᠬᠢᠭᠠᠳ ︽ᠪᠣᠯᠬᠤ ︾ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ︽ᠰᠠᠶᠢᠨ ︾ ᠪᠠᠶᠢᠬᠤ ᠶᠢ ᠭᠦᠨᠵᠡᠭᠡᠶ ᠣᠶᠢᠯᠠᠭᠠᠬᠤ ᠬᠡᠷᠡᠭᠲᠡᠶ᠃ ᠮᠠᠨ ᠤ ᠠᠶᠢᠮᠠᠭ ᠤᠨ ᠬᠤᠪᠢᠰᠬᠠᠯᠳᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠭᠡᠰᠢᠭᠦᠳ ᠢ ᠳᠠᠭᠠᠭᠤᠯᠤᠨ ᠬᠤᠪᠢᠰᠬᠠᠯ ᠤᠨ ᠲᠡᠦᠬᠡ ᠶᠢ ᠭᠦᠨᠵᠡᠭᠡᠢ ᠰᠤᠷᠤᠯᠴᠠᠵᠤ᠂ ᠬᠤᠪᠢᠰᠬᠠᠯᠳᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠬᠢᠩᠭᠠᠨ ᠤ ᠡᠬᠡ ᠭᠠᠵᠠᠷ ᠲᠤ ᠡᠭᠦᠰᠦᠭᠰᠡᠨ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ ᠤᠶᠢᠯᠠᠭᠠᠨ ᠲᠦᠷᠦᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤ ᠴᠣᠭᠴᠠᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠪᠦᠬᠦ ᠠᠶᠢᠮᠠᠭ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠲᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号