ᠭᠧᠩ ᠲᠢᠶᠠᠨ ᠯᠢᠶᠠᠩ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/30
3 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ  ᠤ ᠲᠠᠷᠢᠯᠭ᠎ᠠ ᠶᠢᠨ ᠠᠵᠢᠯ ᠪᠠ ᠰᠢᠶᠠᠨ ᠤ ᠣᠷᠣᠰᠢᠭᠤᠯᠭ᠎ᠠ ᠶᠢᠨ ᠭᠠᠵᠠᠷ ᠤᠨ ᠨᠣᠭᠤᠭᠠᠷᠠᠭᠤᠯᠤᠯᠲᠠ ᠶᠢᠨ ᠲᠥᠷᠥᠯ ᠵᠦᠶᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠵᠦᠶᠯ ᠤᠨ ᠠᠵᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠵᠤ᠂ ᠲᠠᠷᠠᠭᠠᠴᠢ  ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠠᠨ ᠪᠥᠸᠧ᠂ ᠯᠢᠦ ᡁᠢ ᠹᠧᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
  ᠭᠧᠩ ᠲᠢᠶᠠᠨ ᠯᠢᠶᠠᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ  ᠲᠠᠢ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠲᠠᠢ ᠬᠤᠯᠪᠣᠭᠳᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠃ ᠪᠥᠬᠦ ᠰᠢᠶᠠᠨ ᠳᠠᠶᠠᠭᠠᠷ ᠸᠠᠺᠼᠢᠨ ᠤ ᠲᠠᠷᠢᠯᠭ᠎ᠠ ᠶᠢᠨ ᠲᠥᠪ ᠴᠢᠩᠭ᠎ᠠ ᠴᠢᠨᠠᠷ ᠪᠠ ᠲᠤᠯᠭᠠᠮ ᠴᠢᠨᠠᠷ ᠢ ᠭᠦᠶᠴᠡᠳ ᠲᠣᠳᠣᠷᠬᠠᠶ ᠲᠠᠨᠢᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠡᠯ᠎ᠡ ᠲᠥᠷᠥᠯ ᠤᠨ ᠬᠥᠮᠦᠰ ᠤᠨ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ。
  ᠭᠧᠩ ᠲᠢᠶᠠᠨ ᠯᠢᠶᠠᠩ ᠱᠠᠭᠠᠷᠳᠠᠭᠰᠠᠨ ᠨᠢ᠂ ᠰᠢᠶᠠᠨ ᠤ ᠣᠷᠣᠰᠢᠭᠤᠯᠭ᠎ᠠ ᠶᠢᠨ ᠭᠠᠵᠠᠷ ᠤᠨ ᠨᠣᠭᠤᠭᠠᠷᠠᠭᠤᠯᠤᠯᠲᠠ  ᠶᠢᠨ ᠵᠦᠶᠯᠡᠰ ᠪᠣᠯ ᠨᠢᠭᠡᠨ ᠴᠢᠬᠤᠯᠠ ᠢᠨᠵᠧᠨᠧᠷᠢᠩ ᠮᠥᠨ᠂ ᠡᠯ᠎ᠡ ᠵᠦᠶᠯ ᠤᠨ ᠨᠠᠷᠢᠨ ᠵᠦᠶᠯᠡᠰ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠵᠠᠮ᠂ ᠲᠡᠷᠭᠡᠨ ᠵᠣᠭᠰᠣᠭᠠᠯ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ ᠣᠷᠣᠨ ᠵᠠᠶ ᠶᠢᠨ ᠠᠰᠢᠭᠯᠠᠯᠲᠠ ᠶᠢᠨ ᠬᠠᠮᠤᠭ ᠤᠨ ᠶᠡᠭᠡ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠲᠥᠯᠥᠪᠵᠢᠭᠦᠯᠭᠡ ᠶᠣᠰᠣᠭᠠᠷ ᠪᠠᠷᠢᠯᠭ᠎ᠠ ᠪᠠᠷᠢᠬᠤ ᠶᠢ ᠴᠢᠩᠭ᠎ᠠ ᠵᠢᠷᠤᠮᠯᠠᠨ᠂ ᠪᠠᠷᠢᠯᠭ᠎ᠠ ᠪᠠᠷᠢᠬᠤ ᠠᠬᠢᠴᠠ ᠶᠢ ᠲᠦᠷᠭᠡᠳᠬᠡᠵᠦ᠂ ᠪᠠᠷᠢᠯᠭ᠎ᠠ ᠪᠠᠷᠢᠬᠤ ᠶᠠᠰᠤ ᠴᠢᠨᠠᠷ ᠢ ᠪᠠᠲᠤᠯᠠᠨ᠂ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号