ᠲᠠᠷᠢᠶᠠᠨ ᠡᠮ ᠤᠨ ᠪᠠᠭᠯᠠᠭ᠎ᠠ ᠪᠣᠭᠤᠳᠠᠯ ᠤᠨ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ  ᠲᠦᠴᠢᠤᠸᠠᠨi ᠰᠢᠶᠠᠨ ᠤ ᠵᠠᠰᠠᠭ ᠤᠨ ᠤᠷᠳᠦᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/5/14
             ᠲᠦᠴᠢᠤᠸᠠᠨ ᠵᠠᠰᠠᠭ ᠠᠯᠪᠠᠨ ᠲᠠᠷᠬᠠᠭᠠᠭᠰᠠᠨ 202129 ᠳ᠋ᠦ᠋ᠭᠡᠷ ᠲᠤᠭᠠᠲᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠄    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠮᠠᠨ ᠤ ᠰᠢᠶᠠᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠤᠨ᠎ᠠ᠂ 《 ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠬᠠᠮᠢᠶᠠᠷᠤᠯᠲᠠ ᠶᠢᠨ ᠠᠷᠭ᠎ᠠ 》 ( ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠵᠠᠷᠯᠢᠭ 20206 ᠳ᠋ᠤᠭᠠᠷ ᠲᠣᠭᠠᠲᠤ ᠶᠢᠨ ᠱᠠᠭᠠᠷᠳᠠᠯᠭ᠎ᠠ᠂ ᠮᠠᠨ ᠤ ᠰᠢᠶᠠᠨ ᠤ ᠪᠣᠳᠠᠲᠤ ᠪᠠᠶᠳᠠᠯ ᠲᠠᠢ ᠤᠶᠠᠯᠳᠤᠭᠤᠯᠤᠨ᠂ ᠣᠨᠴᠣᠭᠤᠶᠢᠯᠠᠨ ᠲᠤᠰ ᠠᠵᠢᠯ ᠣᠨ ᠲᠥᠰᠦᠯ ᠢ ᠲᠣᠭᠲᠠᠭᠠᠪᠠ᠂ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠵᠤ᠂ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ  ᠃   ᠨᠢᠭᠡ᠂ ᠠᠵᠢᠯ ᠤᠨ ᠬᠠᠷᠠᠯᠲᠠ   ᠲᠠᠷᠢᠶᠠᠨ ᠡᠮ ᠤᠨ ᠪᠠᠭᠯᠠᠭ᠎ᠠ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠨ ᠡᠮ ᠤᠨ ᠪᠠᠭᠯᠠᠭ᠎ᠠ ᠪᠣᠭᠤᠳᠠᠯ ᠤᠨ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ ᠪᠦᠲᠦᠮᠵᠢᠲᠡᠢ ᠪᠠᠷ ᠬᠤᠷᠢᠶᠠᠨ ᠠᠪᠴᠤ ᠰᠢᠢᠳᠪᠦᠷᠢᠯᠡᠨ᠂ ᠠᠮᠢ ᠠᠬᠤᠢ ᠶᠢᠨ ᠣᠷᠴᠢᠨ ᠨᠥᠬᠦᠴᠡᠯ ᠪᠠ ᠠᠷᠠᠳ ᠤᠯᠠᠨ ᠤ ᠡᠷᠡᠭᠦᠯ ᠮᠡᠨᠳᠦ ᠳᠤ ᠤᠴᠠᠷᠠᠭᠤᠯᠬᠤ ᠬᠤᠣᠷ ᠬᠥᠨᠥᠭᠡᠯ ᠢ ᠪᠠᠭᠤᠷᠠᠭᠤᠯᠤᠨ᠎ᠠ  ᠃ 2021 ᠣᠨ ᠳᠤ ᠪᠦᠲᠦᠮᠵᠢᠲᠡᠶ ᠪᠤᠴᠠᠭᠠᠨ ᠬᠤᠷᠢᠶᠠᠬᠤ ᠨᠣᠷᠮ᠎ᠠ ᠶᠢ 85 % ᠳᠤ ᠬᠦᠷᠦᠭᠦᠯᠵᠦ᠂ 2025 ᠣᠨ ᠪᠣᠯᠬᠤ ᠳᠤ᠂ ᠪᠥᠬᠦ ᠰᠢᠶᠠᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠡᠳ᠋ ᠢ ᠪᠤᠴᠠᠭᠠᠨ ᠬᠤᠷᠢᠶᠠᠵᠤ ᠰᠢᠶᠳᠪᠦᠷᠢᠯᠡᠬᠦ ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ  ᠃   ᠬᠤᠶᠠᠷ᠂ ᠠᠵᠢᠯᠯᠠᠭᠠᠨ ᠤ ᠵᠠᠭᠪᠤᠷ   ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠠᠵᠢᠯ ᠲᠥᠷᠥᠯ ᠤᠨ  ᠬᠢᠨ ᠬᠢᠨᠠᠨ ᠬᠠᠮᠢᠶᠠᠷᠬᠤ᠂ ᠪᠦᠬᠦ ᠠᠵᠢᠯᠲᠠᠨ ᠢᠶᠠᠨ ᠣᠷᠣᠯᠴᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠲᠥᠪᠯᠡᠷᠡᠭᠦᠯᠦᠨ ᠰᠢᠶᠳᠪᠦᠷᠢᠯᠡᠬᠦ ᠵᠠᠷᠴᠢᠮ ᠢ ᠪᠠᠷᠢᠮᠲᠠᠯᠠᠨ᠎ᠠ  ᠃ ᠰᠢᠶᠠᠨ ᠤ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠪᠠᠷ ᠲᠦᠷᠦᠭᠦᠯᠡᠭᠦᠯᠦᠨ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠨᠢ ᠬᠠᠷᠢᠶ᠎ᠠ ᠪᠦᠬᠦᠢ ᠲᠣᠰᠬᠤᠨ ᠵᠢᠴᠢ ᠲᠠᠷᠢᠶᠠᠨ ᠡᠮ ᠡᠵᠡᠩᠨᠡᠬᠦ ᠭᠤᠣᠯ ᠴᠣᠭᠴᠠ ᠶᠢ ᠵᠣᠬᠢᠶᠠᠨ ᠪᠠᠶᠢᠭᠤᠯᠤᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠬᠤ ᠪᠠ ᠰᠢᠶᠳᠪᠦᠷᠢᠯᠡᠬᠦ ᠠᠵᠢᠯ ᠢ ᠬᠠᠷᠢᠭᠤᠴᠠᠵᠤ᠂ ᠲᠠᠷᠢᠶᠠᠴᠢᠳ ᠣᠷᠣᠯᠴᠠᠬᠤ᠂ ᠣᠯᠠᠨ ᠡᠰᠢᠵᠢᠬᠦᠯᠦᠨ ᠡᠭᠡᠭᠦᠯᠦᠨ ᠬᠤᠷᠢᠶᠠᠬᠤ᠂ ᠲᠤᠰᠬᠠᠶ ᠮᠡᠷᠭᠡᠵᠢᠯ  ᠤᠨ ᠬᠢᠨ ᠴᠤᠭᠯᠠᠭᠤᠯᠬᠤ᠂ ᠲᠤᠰᠬᠠᠶ ᠮᠡᠷᠭᠡᠵᠢᠯ ᠤᠨ ᠬᠢᠨ ᠰᠢᠶᠳᠪᠦᠷᠢᠯᠡᠬᠦ ᠠᠵᠢᠯᠯᠠᠭᠠᠨ ᠤ ᠵᠠᠭᠪᠤᠷ ᠢ ᠬᠡᠷᠡᠭᠵᠢᠭᠦᠯᠬᠦ ᠬᠡᠷᠡᠭᠲᠡᠶ  ᠃    ᠭᠤᠷᠪᠠ᠂ ᠴᠤᠭᠯᠠᠭᠤᠯᠬᠤ ᠠᠷᠭ᠎ᠠ    ᠨᠢᠭᠡ ᠳᠤ᠂ ᠡᠯ᠎ᠡ ᠭᠠᠴᠠᠭᠠᠨ ᠤ ᠴᠡᠪᠡᠷᠯᠡᠭᠴᠢ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠲᠤ ᠪᠤᠳᠠᠷᠠᠨ ᠲᠠᠷᠬᠠᠭᠰᠠᠨ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ᠂ ᠡᠯ᠎ᠡ ᠭᠠᠴᠠᠭᠠᠨ  ᠤ ᠲᠣᠭᠲᠠᠭᠰᠠᠨ ᠬᠠᠳᠠᠭᠠᠯᠠᠬᠤ ᠭᠠᠵᠠᠷ ᠲᠤ ᠬᠦᠷᠭᠡᠵᠦ ᠲᠥᠪᠯᠡᠷᠡᠭᠦᠯᠦᠨ ᠲᠦᠷ ᠴᠠᠭ ᠬᠠᠳᠠᠭᠠᠯᠠᠨ᠎ᠠ  ᠃ ᠴᠡᠪᠡᠷᠯᠡᠭᠴᠢ  ᠶᠢᠨ ᠴᠤᠭᠯᠠᠭᠤᠯᠤᠭᠰᠠᠨ ᠲᠠᠷᠢᠶᠠᠨ ᠡᠮ ᠤᠨ ᠯᠣᠩᠬᠤ ᠵᠡᠷᠭᠡ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠭᠠᠴᠠᠭᠠᠨ ᠤ ᠠᠷᠠᠳ ᠤᠨ ᠵᠥᠪᠯᠡᠯ ᠠᠴᠠ ᠬᠤᠲᠠ ᠪᠦᠷᠢ ᠳᠤ 1 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ  ᠃    ᠬᠤᠶᠠᠷ ᠲᠤ ᠲᠠᠷᠢᠶᠠᠴᠢᠨ ᠡᠷᠦᠬᠡ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠥᠪᠡᠰᠦᠪᠡᠨ ᠴᠤᠭᠯᠠᠭᠤᠯᠵᠤ᠂ ᠭᠠᠴᠠᠭᠠᠨ ᠤ ᠲᠣᠭᠲᠠᠭᠠᠭᠰᠠᠨ ᠭᠠᠵᠠᠷ ᠲᠤ ᠬᠦᠷᠭᠡᠵᠦ ᠲᠥᠪᠯᠡᠷᠡᠭᠦᠯᠦᠨ ᠲᠦᠷ ᠴᠠᠭ ᠬᠠᠳᠠᠭᠠᠯᠠᠨ᠎ᠠ  ᠃ ᠲᠣᠰᠬᠤᠨ ᠤ ᠳᠣᠲᠣᠷᠠᠬᠢ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠺᠢᠯᠣᠭ᠍ᠷᠠᠮ ᠪᠦᠷᠢ 1 ᠲᠥᠭᠦᠷᠢᠭ ᠤᠨ ᠪᠠᠷᠢᠮᠵᠢᠶ᠎ᠠ ᠪᠠᠷ ᠬᠠᠷᠠᠭᠠᠯᠵᠠᠭᠰᠠᠨ ᠠᠮᠢᠳᠤᠷᠠᠯ ᠤᠨ ᠬᠡᠷᠡᠭᠰᠡᠯ ᠢ ᠰᠣᠯᠢᠨ᠎ᠠ  ᠃   ᠭᠤᠷᠪᠠ ᠳᠤ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ( ᠰᠢᠶᠠᠩ ᠪᠠᠯᠭᠠᠰᠤ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ) ᠨᠢ ᠨᠠᠪᠴᠢᠨ ᠤ ᠪᠣᠷᠳᠣᠭᠤᠷ ᠪᠤᠶᠤ ᠪᠤᠰᠤᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠣᠯᠢᠬᠤ ᠠᠷᠭ᠎ᠠ ᠮᠠᠶ ᠢᠭ ᠢᠶᠠᠷ ᠴᠤᠭᠯᠠᠭᠤᠯᠬᠤ ᠶᠢᠨ ᠬᠠᠮᠲᠤ ᠵᠢᠭᠠᠨ ᠲᠣᠭᠲᠠᠭᠠᠭᠰᠠᠨ ᠭᠠᠵᠠᠷ ᠲᠤ ᠲᠦᠷ ᠴᠠᠭ ᠲᠥᠪᠯᠡᠷᠡᠭᠦᠯᠦᠨ ᠬᠠᠳᠠᠭᠠᠯᠠᠬᠤ ᠬᠡᠷᠡᠭᠲᠡᠶ  ᠃    ᠳᠥᠷᠪᠡ ᠳᠤ᠂ ᠡᠯ᠎ᠡ ᠭᠠᠴᠠᠭᠠᠨ ᠤ ᠠᠷᠠᠳ ᠤᠨ ᠵᠥᠪᠯᠡᠯ ᠬᠠᠷᠢᠭᠤᠴᠠᠵᠤ᠂ ᠰᠠᠷ᠎ᠠ ᠪᠦᠷᠢ ᠶᠢᠨ 28 ᠤ ᠡᠳᠦᠷ  ᠠᠴᠠ ᠡᠮᠦᠨ᠎ᠡ ᠴᠤᠭᠯᠠᠭᠤᠯᠤᠭᠰᠠᠨ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠣᠶᠢᠷ᠎ᠠ ᠬᠠᠪᠢ ᠶᠢᠨ ᠬᠤᠭ ᠨᠣᠪᠰᠢ ᠶᠢᠨ ᠰᠣᠷᠢᠨᠵᠢᠨ ᠵᠠᠳᠠᠷᠠᠯᠲᠠ ᠶᠢ ᠠᠷᠢᠯᠭᠠᠬᠤ ᠥᠷᠲᠡᠭᠡ ᠳᠤ ᠨᠢᠭᠡᠳᠦᠯᠲᠡᠶ ᠪᠠᠷ ᠲᠥᠪᠯᠡᠷᠡᠭᠦᠯᠦᠨ ᠲᠦᠷ ᠴᠠᠭ ᠬᠠᠳᠠᠭᠠᠯᠠᠵᠤ ᠲᠠᠯᠪᠢᠨ᠎ᠠ  ᠃ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ( ᠰᠢᠶᠠᠩ ᠪᠠᠯᠭᠠᠰᠤ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ) ᠤ ᠴᠤᠭᠯᠠᠭᠤᠯᠤᠭᠰᠠᠨ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠡᠳ᠋ ᠨᠢ ᠨᠡᠪᠴᠢᠬᠦ ᠶᠢ ᠰᠡᠷᠭᠡᠶᠢᠯᠡᠬᠦ᠂ ᠰᠡᠷᠭᠡᠶᠢᠯᠡᠨ ᠬᠠᠮᠠᠭᠠᠯᠠᠬᠤ ᠶᠢ ᠲᠦᠷ ᠴᠠᠭ ᠬᠠᠳᠠᠭᠠᠯᠠᠬᠤ ᠶᠢ ᠥᠪᠡᠰᠦᠪᠡᠨ ᠰᠠᠶᠢᠲᠤᠷ ᠬᠢᠵᠦ᠂ ᠲᠤᠰᠬᠠᠶ ᠰᠢᠶᠳᠪᠦᠷᠢᠯᠡᠬᠦ ᠺᠣᠮᠫᠠᠨᠢ ᠠᠴᠠ ᠲᠣᠭᠲᠠᠮᠠᠯ ᠬᠤᠭᠤᠴᠠᠭ᠎ᠠ  ᠲᠠᠢ ᠪᠠᠷ ᠬᠡᠷ ᠲᠤᠨᠢ ᠬᠦᠷᠴᠦ ᠬᠤᠷᠢᠶᠠᠨ ᠠᠪᠤᠨ᠎ᠠ  ᠃ ᠬᠤᠭ ᠨᠣᠪᠰᠢ ᠶᠢ ᠰᠣᠷᠢᠨᠵᠢᠭᠤᠯᠤᠨ ᠵᠠᠳᠠᠷᠠᠭᠤᠯᠬᠤ ᠥᠷᠳᠡᠭᠡ ᠪᠠᠶᠢᠭᠤᠯᠤᠭᠰᠠᠨ ᠥᠭᠡᠢ ᠰᠢᠶᠠᠩ ᠪᠠᠯᠭᠠᠰᠤ ᠨᠢ ᠰᠢᠶᠠᠩ ᠪᠠᠯᠭᠠᠰᠤ ᠶᠢᠨ ᠵᠠᠰᠠᠭ ᠣᠨ ᠣᠷᠳᠣᠨ ᠠᠴᠠ ᠨᠢᠭᠡᠨ ᠲᠥᠷ ᠴᠠᠭ ᠲᠥᠪᠯᠡᠷᠡᠭᠦᠯᠦᠨ ᠬᠠᠳᠠᠭᠠᠯᠠᠬᠤ ᠴᠢᠬ ᠢ ᠵᠢᠭᠠᠨ ᠲᠣᠭᠲᠠᠭᠠᠵᠤ᠂ ᠡᠯ᠎ᠡ ᠲᠣᠰᠬᠤᠨ ᠤ ᠠᠷᠠᠳ ᠣᠨ ᠵᠥᠪᠯᠡᠯ  ᠨᠢ ᠲᠠᠷᠢᠶᠠᠨ ᠡᠮ ᠢ ᠲᠥᠪᠯᠡᠷᠡᠭᠦᠯᠦᠨ ᠬᠡᠷᠡᠭᠯᠡᠬᠦ ᠴᠠᠭ ᠣᠨ ᠵᠠᠩᠭᠢᠯᠠᠭ᠎ᠠ ᠴᠢᠬ ᠢ ᠦᠨᠳᠦᠰᠦᠯᠡᠨ᠂ ᠴᠤᠭᠯᠠᠭᠤᠯᠤᠭᠰᠠᠨ ᠲᠠᠷᠢᠶᠠᠨ ᠡᠮ ᠣᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠰᠠᠷ᠎ᠠ ᠪᠦᠷᠢ ᠶᠢᠨ ᠰᠡᠭᠦᠯᠴᠢ ᠠᠴᠠ ᠡᠮᠦᠨ᠎ᠡ ᠵᠢᠭᠠᠨ ᠲᠣᠭᠲᠠᠭᠠᠭᠰᠠᠨ ᠭᠠᠵᠠᠷ ᠲᠤ ᠲᠥᠪᠯᠡᠷᠡᠭᠦᠯᠦᠨ ᠨᠢᠭᠡᠳᠦᠯᠲᠡᠢ ᠲᠥᠷ ᠴᠠᠭ ᠬᠠᠳᠠᠭᠠᠯᠠᠬᠤ ᠬᠡᠷᠡᠭᠲᠡᠢ  ᠃   ᠲᠠᠪᠤ ᠳᠤ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠪᠦᠬᠦ ᠰᠢᠶᠠᠨ ᠤ ᠴᠤᠭᠯᠠᠭᠤᠯᠤᠭᠰᠠᠨ ᠬᠡᠮᠵᠢᠶ᠎ᠡ᠂ ᠰᠢᠯᠵᠢᠭᠦᠯᠦᠨ ᠲᠣᠬᠢᠷᠠᠭᠤᠯᠤᠭᠰᠠᠨ ᠲᠤᠰᠬᠠᠶ ᠠᠵᠢᠯ ᠤᠨ ᠺᠣᠮᠫᠠᠨᠢ ᠶᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠡᠭᠡᠭᠦᠯᠦᠨ ᠬᠤᠷᠢᠶᠠᠵᠤ᠂ ᠣᠷᠴᠢᠨ ᠲᠣᠭᠤᠷᠢᠨ ᠢ ᠬᠠᠮᠠᠭᠠᠯᠠᠬᠤ ᠲᠤᠰᠬᠠᠶ ᠬᠡᠷᠡᠭᠯᠡᠬᠦ ᠲᠡᠷᠭᠡ ᠬᠥᠰᠬᠡ ᠪᠠᠷ ᠲᠥᠪᠯᠡᠷᠡᠭᠦᠯᠦᠨ ᠣᠪᠣᠭᠠᠯᠠᠬᠤ ᠭᠠᠵᠠᠷ ( ᠬᠤᠭ ᠨᠣᠪᠰᠢ ᠶᠢ ᠰᠣᠷᠢᠨᠵᠢᠨᠵᠢᠭᠤᠯᠤᠨ ᠵᠠᠳᠠᠷᠠᠭᠤᠯᠬᠤ ᠥᠷᠲᠡᠭᠡ ) ᠤᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋ ᠢ ᠨᠢᠭᠡᠳᠦᠯᠲᠡᠶ ᠵᠥᠭᠡᠭᠡᠪᠦᠷᠢᠯᠡᠨ ᠠᠪᠠᠴᠢᠬᠤ ᠶᠢᠨ ᠬᠠᠮᠲᠤ ᠬᠤᠣᠷ ᠬᠥᠨᠥᠭᠡᠯ ᠦᠭᠡᠶ ᠪᠣᠯᠭᠠᠨ ᠰᠢᠶᠳᠪᠦᠷᠢᠯᠡᠨ᠎ᠡ  ᠃   ᠳᠥᠷᠪᠡ᠂ ᠪᠣᠳᠠᠲᠠᠶ ᠱᠠᠭᠠᠷᠳᠠᠯᠭ᠎ᠠ   ᠨᠢᠭᠡ ᠳᠤ᠂ ᠡᠯ᠎ᠡ ᠰᠢᠶᠠᠩ ᠪᠠᠯᠭᠠᠰᠤ᠂ ᠡᠯ᠎ᠡ ᠲᠣᠰᠬᠤᠨ ᠤ ᠪᠠᠶᠢᠷᠢᠯᠠᠭᠤᠯᠤᠭᠰᠠᠨ ᠲᠠᠷᠢᠶᠠᠨ ᠡᠮ ᠤᠨ ᠪᠣᠭᠤᠳᠠᠯ  ᠤᠨ ᠬᠠᠶᠠᠭᠳᠠᠮᠠᠯ ᠡᠳ᠋ ᠢ ᠲᠥᠪᠯᠡᠷᠡᠭᠦᠯᠦᠨ ᠲᠦᠷ ᠴᠠᠭ ᠣᠪᠣᠭᠠᠯᠠᠬᠤ ᠴᠢᠭ ᠢ ᠪᠣᠯ ᠲᠠᠯᠠᠪᠠᠶ ᠶᠢ ᠨᠢ ᠲᠣᠬᠢᠷᠠᠮᠵᠢᠲᠠᠶ ᠪᠠᠶᠢᠯᠭᠠᠵᠤ᠂ ᠲᠦᠷ ᠴᠠᠭ ᠲᠥᠪᠯᠡᠷᠡᠭᠦᠯᠦᠨ ᠴᠤᠭᠯᠠᠭᠤᠯᠵᠤ ᠣᠪᠣᠭᠠᠯᠠᠬᠤ ᠶᠢ ᠬᠠᠩᠭᠠᠵᠤ ᠳᠡᠶᠢᠯᠬᠦ ᠪᠣᠯᠭᠠᠵᠤ᠂ ᠠᠮᠢᠳᠤᠷᠠᠯ ᠤᠨ ᠲᠣᠭᠤᠷᠢᠭ᠂ ᠤᠰᠤᠨ ᠤ ᠰᠤᠷᠪᠤᠯᠵᠢ ᠶᠢᠨ ᠭᠠᠵᠠᠷ ᠪᠣᠯᠤᠨ ᠢᠳᠡᠭᠡᠨ ᠦᠶᠯᠡᠳᠪᠦᠷᠢᠯᠡᠵᠦ ᠡᠳ᠋ᠰᠢᠭᠦᠯᠬᠦ ᠲᠣᠭᠤᠷᠢᠭ ᠠᠴᠠ ᠬᠤᠯᠠᠳᠠᠭᠤᠯᠬᠤ ᠶᠢᠨ ᠬᠠᠮᠲᠤ᠂ ᠢᠯᠡᠷᠬᠡᠶ ᠭᠠᠵᠠᠷ ᠲᠤ ᠰᠡᠷᠡᠮᠵᠢ ᠶᠢᠨ ᠲᠡᠮᠳᠡᠭ ᠲᠠᠯᠪᠢᠬᠤ ᠬᠡᠷᠡᠭᠲᠡᠶ︔ ᠲᠦᠷ ᠴᠠᠭ ᠲᠥᠪᠯᠡᠷᠡᠭᠦᠯᠦᠨ ᠣᠪᠣᠭᠠᠯᠠᠵᠤ ᠲᠠᠯᠪᠢᠬᠤ ᠴᠢᠭ ᠨᠢ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠴᠢᠳᠠᠮᠵᠢ  ᠲᠠᠢ ᠪᠠᠶᠢᠵᠤ᠂ ᠬᠤᠶᠠᠳᠠᠬᠢ ᠤᠳᠠᠭ᠎ᠠ ᠪᠣᠬᠢᠷᠲᠤᠬᠤ ᠠᠴᠠ ᠰᠡᠷᠭᠡᠶᠢᠯᠡᠬᠦ ᠬᠡᠷᠡᠭᠲᠡᠶ︔ ᠡᠭᠦᠨ ᠤ ᠳᠤ ᠳᠠᠭᠠᠤ ᠭᠠᠯ ᠠᠴᠠ ᠰᠡᠷᠭᠡᠢᠯᠡᠬᠦ ᠴᠢᠳᠠᠮᠵᠢ ᠲᠠᠢ ᠪᠠᠶᠬᠤ ᠬᠡᠷᠡᠭᠲᠡᠶ  ᠃ ᠬᠠᠳᠠᠭᠠᠯᠠᠵᠤ ᠪᠠᠶᠢᠭ᠎ᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠷᠬᠡᠪᠰᠢ ᠲᠤᠰᠬᠠᠢ ᠪᠤᠴᠠᠭᠠᠨ ᠬᠤᠷᠢᠶᠠᠬᠤ ᠤᠭᠤᠲᠠ ᠪᠠᠷ ᠪᠢᠲᠡᠭᠦᠮᠵᠢᠯᠡᠨ ᠬᠠᠳᠠᠭᠠᠯᠠᠬᠤ ᠶᠢᠨ ᠬᠠᠮᠲᠤ ᠪᠤᠴᠠᠭᠠᠨ ᠬᠤᠷᠢᠶᠠᠬᠤ ᠤᠭᠤᠲᠠ ᠶᠢᠨ ᠭᠠᠳᠠᠨ᠎ᠠ ᠰᠡᠷᠡᠮᠵᠢ ᠶᠢᠨ ᠲᠡᠮᠳᠡᠭ ᠨᠠᠭᠠᠬᠤ ᠬᠡᠷᠡᠭᠲᠡᠢ  ᠃   ᠬᠤᠶᠠᠷ ᠲᠤ᠂ ᠪᠣᠳᠠᠲᠠᠶ ᠬᠡᠷᠡᠭᠵᠢᠭᠦᠯᠬᠦ ᠶᠠᠪᠤᠴᠠ ᠳᠤ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠤᠰᠬᠠᠶ ᠠᠵᠢᠯ ᠳᠤ ᠲᠤᠰᠬᠠᠶ ᠬᠥᠮᠦᠨ ᠲᠠᠢ ᠂ ᠲᠤᠰᠬᠠᠶ ᠬᠥᠮᠦᠨ ᠳᠤ ᠲᠤᠰᠬᠠᠶ ᠬᠠᠷᠢᠭᠤᠴᠠᠯᠭ᠎ᠠ ᠲᠠᠢ ᠪᠠᠶᠢᠬᠤ ᠶᠢ ᠪᠡᠶᠡᠯᠡᠭᠦᠯᠵᠦ᠂ ᠬᠤᠷᠢᠶᠠᠨ ᠠᠪᠬᠤ ᠪᠠ ᠰᠢᠶᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠬᠤᠷᠢᠶᠠᠨ ᠠᠪᠴᠤ ᠰᠢᠶᠳᠪᠦᠷᠢᠯᠡᠬᠦ ᠠᠵᠢᠯ ᠢ ᠡᠮᠬᠢ ᠵᠢᠷᠤᠮ  ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠶ  ᠃   ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ  ᠃ ᠰᠢᠶᠠᠨ ᠤ ᠲᠠᠷᠢᠶᠠᠨ ᠡᠮ  ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠤᠳᠤᠷᠢᠳᠬᠤ ᠳᠤᠭᠤᠢᠯᠠᠩ ᠢ ᠪᠠᠶᠢᠭᠤᠯᠤᠨ᠎ᠠ  ᠃ ᠤᠳᠤᠷᠢᠳᠬᠤ ᠳᠤᠭᠤᠶᠢᠯᠠᠩ ᠣᠨ ᠳᠣᠣᠷ᠎ᠠ ᠠᠯᠪᠠᠨ ᠭᠡᠷ ᠭᠠᠷᠭᠠᠵᠤ᠂ ᠲᠦᠷᠦᠭᠦᠯᠡᠬᠦ᠂ ᠵᠣᠬᠢᠴᠠᠭᠤᠯᠬᠤ᠂ ᠲᠥᠰᠦᠯ ᠲᠣᠭᠲᠠᠭᠠᠬᠤ᠂ ᠠᠵᠢᠯ ᠪᠠᠶᠢᠷᠢᠯᠠᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠶᠢ ᠪᠣᠳᠠᠲᠠᠢ ᠡᠭᠦᠷᠭᠡᠯᠡᠨ᠎ᠡ  ᠃ ᠡᠯ᠎ᠡ ᠰᠢᠶᠠᠩ ᠪᠠᠯᠭᠠᠰᠤ ᠴᠤ ᠭᠡᠳ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠣᠳᠠᠲᠠᠶ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢ ᠬᠠᠷᠢᠭᠤᠴᠠᠭᠤᠯᠬᠤ ᠬᠡᠷᠡᠭᠲᠡᠶ  ᠃   ( ᠬᠤᠶᠠᠷ ) ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠷᠠᠭᠤᠯᠤᠨ᠎ᠠ  ᠃ ᠲᠠᠷᠢᠶᠠᠨ ᠡᠮ ᠬᠡᠷᠡᠭᠯᠡᠬᠦ ᠲᠥᠪᠯᠡᠷᠡᠭᠰᠡᠨ ᠴᠠᠭ ᠬᠤᠭᠤᠴᠠᠭ᠎ᠠ ᠶᠢᠨ ᠵᠠᠩᠭᠢᠶᠠᠰᠤ ᠶᠢ ᠦᠨᠳᠦᠰᠦᠯᠡᠨ᠂ ᠰᠢᠶᠠᠨ ᠤ ᠵᠠᠰᠠᠭ ᠤᠨ ᠶᠠᠪᠤᠳᠠᠯ ᠤᠨ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠰᠠᠯᠠᠭ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠠᠴᠠ ᠬᠠᠮᠲᠤᠷᠠᠭᠰᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠰᠢᠶᠠᠩ ᠪᠠᠯᠭᠠᠰᠤᠨ ᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠠᠵᠢᠯ ᠢ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠵᠤ᠂ ᠦᠷ᠎ᠡ ᠳ᠋ᠦᠩ ᠢ ᠨᠢ ᠪᠦᠬᠦ ᠰᠢᠶᠠᠨ ᠳᠤ ᠨᠡᠪᠲᠡᠷᠡᠭᠦᠯᠬᠦ ᠬᠡᠷᠡᠭᠲᠡᠶ  ᠃   ( ᠭᠤᠷᠪᠠ ) ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ  ᠃ ᠲᠠᠷᠢᠶᠠᠨ ᠡᠮ ᠪᠣᠷᠣᠯᠠᠭᠤᠯᠤᠭᠴᠢ ᠪᠠ ᠬᠡᠷᠡᠭᠯᠡᠭᠴᠢ ᠶᠢᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠡᠭᠦᠷᠭᠡ ᠶᠢ ᠲᠣᠳᠣᠷᠬᠠᠶᠢᠯᠠᠨ᠎ᠠ  ᠃ 《 ᠲᠠᠷᠢᠶᠠᠨ ᠡᠮ ᠤᠨ ᠬᠠᠮᠢᠶᠠᠷᠤᠯᠲᠠ ᠶᠢᠨ ᠲᠦᠷᠢᠮ 》 《 ᠲᠠᠷᠢᠶᠠᠨ ᠡᠮ  ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠬᠠᠮᠢᠶᠠᠷᠤᠯᠲᠠ ᠶᠢᠨ ᠠᠷᠭ᠎ᠠ 》  ᠶᠢᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠠᠷᠢᠶᠠᠨ ᠡᠮ ᠡᠵᠡᠩᠨᠡᠭᠴᠢ ᠬᠤᠳᠠᠯᠳᠤᠨ ᠠᠪᠤᠭᠰᠠᠨ ᠡᠬᠡ ᠲᠠᠩᠰᠠ᠂ ᠪᠣᠷᠣᠯᠠᠭᠤᠯᠤᠭᠰᠠᠨ ᠡᠬᠡ ᠲᠠᠩᠰᠠ ᠪᠠᠶᠢᠭᠤᠯᠵᠤ᠂ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ᠂ ᠲᠠᠷᠢᠶᠠᠨ ᠡᠮ ᠤᠨ ᠣᠷᠴᠢᠨ ᠲᠣᠭᠤᠷᠢᠨ ᠢ ᠪᠣᠬᠢᠷᠲᠤᠭᠤᠯᠬᠤ ᠪᠠ ᠲᠠᠷᠢᠶᠠᠨ ᠡᠮ  ᠳᠤ ᠬᠤᠤᠷᠳᠠᠭᠳᠠᠬᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ  ᠃ ᠲᠠᠷᠢᠶᠠᠨ ᠡᠮ ᠬᠤᠳᠠᠯᠳᠤᠨ ᠠᠪᠬᠤ᠂ ᠪᠣᠷᠣᠯᠠᠭᠤᠯᠬᠤ ᠡᠬᠡ ᠳᠠᠩᠰᠠ ᠶᠢᠨ ᠳᠦᠷᠢᠮ ᠢ ᠬᠡᠷᠡᠭᠵᠢᠭᠦᠯᠬᠦ ᠦᠭᠡᠢ᠂ ᠲᠠᠷᠢᠶᠠᠨ ᠡᠮ ᠤᠨ ᠪᠠᠭᠯᠠᠭ᠎ᠠ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠡᠭᠦᠷᠭᠡ ᠪᠠᠨ ᠭᠦᠢᠴᠡᠳᠬᠡᠬᠦ ᠦᠭᠡᠢ ᠲᠠᠷᠢᠶᠠᠨ ᠡᠮ ᠡᠵᠡᠩᠨᠡᠭᠴᠢ ᠶᠢ ᠠᠵᠢᠯ ᠲᠥᠷᠥᠯ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠰᠢᠢᠳᠬᠡᠬᠦ ᠬᠡᠷᠡᠭᠲᠡᠢ  ᠃   ( ᠳᠥᠷᠪᠡ ) ᠤᠬᠠᠭᠤᠯᠭ᠎ᠠ ᠬᠥᠮᠦᠵᠢᠯ ᠢ ᠴᠢᠩᠭᠠᠷᠠᠭᠤᠯᠬᠤ ᠬᠡᠷᠡᠭᠲᠡᠶ  ᠃ ᠨᠢᠭᠡ ᠳᠤ᠂ ᠲᠣᠰᠬᠤᠨ ᠤ ᠱᠠᠲᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠬᠤᠮ ᠠᠯᠬᠤᠮ ᠢᠶᠠᠷ ᠬᠦᠳᠦᠯᠦᠨ ᠵᠢᠯᠣᠭᠤᠳᠴᠤ ᠪᠠᠶᠢᠭᠠᠳ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠲᠣᠰᠬᠤᠨ ᠤ ᠲᠦᠷᠢᠮ ᠠᠷᠠᠳ ᠤᠨ ᠭᠡᠷ᠎ᠡ ᠶᠢᠨ ᠬᠡᠪᠴᠢᠶᠡᠨ ᠳᠤ ᠣᠷᠣᠭᠤᠯᠵᠤ᠂ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ ᠥᠷᠭᠡᠨ ᠤᠯᠠᠨ ᠲᠠᠷᠢᠶᠠᠴᠢᠳ ᠲᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ᠂ ᠲᠠᠷᠢᠶᠠᠯᠠᠩ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ ᠪᠣᠯ ᠬᠥᠮᠦᠨ ᠪᠦᠷᠢ ᠶᠢᠨ ᠬᠠᠷᠢᠭᠤᠴᠠᠯᠭ᠎ᠠ ᠪᠠ ᠡᠭᠦᠷᠭᠡ ᠪᠣᠯᠬᠤ ᠶᠢ ᠭᠦᠢᠴᠡᠳ ᠲᠠᠨᠢᠭᠤᠯᠬᠤ ᠬᠡᠷᠡᠭᠲᠡᠢ︔ ᠬᠤᠶᠠᠷ ᠲᠤ 《 ᠵᠢᠷᠭᠤᠭ᠎ᠠ ᠶᠢ ᠠᠶᠢᠯ ᠡᠷᠦᠬᠡ ᠳᠤ ᠬᠦᠷᠭᠡᠬᠦ 》 ᠠᠵᠢᠯᠯᠠᠭ᠎ᠠ ᠳᠤ ᠲᠦᠰᠢᠭᠯᠡᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ ᠤᠨ ᠴᠤᠭᠯᠠᠷᠠᠯ᠂ ᠴᠤᠤᠷᠢᠶ᠎ᠠ᠂ ᠪᠤᠰᠢᠭᠤ ᠭᠠᠷ᠂ ᠤᠷᠢᠶ᠎ᠠ ᠯᠣᠽᠦ᠋ᠩ ᠵᠡᠷᠭᠡ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ᠂ ᠤᠬᠠᠭᠤᠯᠭ᠎ᠠ ᠶᠢ ᠥᠷᠭᠡᠨ ᠳᠡᠯᠭᠡᠷ ᠭᠦᠨᠵᠡᠭᠡᠶ ᠥᠷᠨᠢᠭᠦᠯᠵᠦ᠂ ᠤᠬᠠᠭᠤᠯᠵᠤ ᠬᠥᠲᠥᠯᠥᠨ ᠵᠢᠯᠣᠭᠤᠳᠬᠤ ᠪᠠ ᠬᠠᠤᠯᠢ ᠲᠦᠭᠡᠮᠡᠯᠵᠢᠭᠦᠯᠬᠦ ᠬᠥᠮᠦᠵᠢᠯ ᠢ ᠴᠢᠩᠭᠠᠳᠬᠠᠨ᠂ ᠲᠠᠷᠢᠶᠠᠨ ᠡᠮ ᠪᠣᠷᠣᠯᠠᠭᠤᠯᠤᠭᠴᠢ ᠪᠠ ᠬᠡᠷᠡᠭᠯᠡᠭᠴᠢ ᠶᠢᠨ ᠠᠮᠢ ᠠᠬᠤᠶ  ᠶᠢᠨ ᠪᠣᠯᠪᠠᠰᠤᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠡᠳ᠋ ᠢ ᠳᠤᠷ᠎ᠠ ᠪᠠᠷ ᠢᠶᠠᠨ ᠬᠠᠶᠠᠬᠤ ᠳᠤᠷ᠎ᠠ ᠪᠠᠷ ᠢᠶᠠᠨ ᠬᠠᠶᠠᠬᠤ ᠶᠢᠨ ᠬᠤᠤᠷ ᠬᠥᠨᠥᠭᠡᠯᠲᠦ ᠴᠢᠨᠠᠷ ᠪᠠ ᠠᠮᠤᠷ ᠲᠦᠪᠰᠢᠨ ᠢᠶᠠᠷ ᠰᠢᠶᠳᠪᠦᠷᠢᠯᠡᠬᠦ ᠶᠢᠨ ᠴᠢᠬᠤᠯᠠ ᠴᠢᠨᠠᠷ ᠤᠨ ᠤᠬᠠᠭᠤᠯᠭ᠎ᠠ ᠶᠢ ᠴᠢᠩᠭᠠᠳᠬᠠᠨ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠡᠳ᠋ ᠤᠨ ᠬᠤᠤᠷ ᠬᠥᠨᠥᠭᠡᠯᠲᠦ ᠴᠢᠨᠠᠷ ᠤᠨ ᠲᠤᠬᠠᠶ ᠪᠥᠬᠦ ᠠᠷᠠᠳ ᠤᠨ ᠲᠠᠨᠢᠯᠲᠠ ᠶᠢ ᠦᠨᠡᠨᠬᠦ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ᠂ ᠣᠷᠣᠯᠴᠠᠬᠤ ᠪᠠ ᠬᠢᠨᠠᠯᠲᠠ ᠲᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ  ᠃   ᠳᠠᠭᠠᠯᠳᠤᠭᠤᠯᠤᠯ᠄ 1 ᠲᠦᠴᠢᠦᠸᠠᠨ ᠰᠢᠶᠠᠨ ᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ   2 . ᠲᠥᠪᠯᠡᠷᠡᠭᠦᠯᠦᠨ ᠴᠤᠭᠯᠠᠭᠤᠯᠬᠤ ᠭᠠᠵᠠᠷ ᠤᠨ ᠬᠥᠮᠥᠷᠭᠡ ᠳᠤ ᠲᠡᠮᠳᠡᠭ ᠨᠠᠭᠠᠬᠤ ᠵᠢᠴᠢ ᠡᠭᠡᠭᠦᠯᠦᠨ ᠬᠤᠷᠢᠶᠠᠬᠤ ᠤᠭᠤᠲᠠᠨ ᠳᠤ ᠲᠡᠮᠳᠡᠭ ᠨᠠᠭᠠᠬᠤ ᠬᠡᠷᠡᠭᠲᠡᠶ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号