︽ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/5/14
  ᠨᠢᠭᠡ᠂ ᠲᠦᠷᠦ ᠶᠢᠨ ᠪᠤᠳᠤᠯᠭ᠎ᠠ ᠶᠢᠨ ᠦᠨᠳᠦᠰᠦᠯᠡᠯ 《 ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ 》 ( ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠵᠠᠷᠯᠢᠭ 20206 ᠳ᠋ᠤᠭᠠᠷ ᠲᠣᠭᠠᠲᠤ ) ᠬᠤᠶᠠᠷ᠂ ᠠᠷᠤ ᠦᠵᠡᠭᠳᠡᠯ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ  ᠪᠠᠷ ᠴᠢᠩᠭᠠᠳᠬᠠᠨ᠂ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠨ ᠤ ᠰᠢᠶᠠᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ  ᠢ ᠬᠤᠷᠢᠶᠠᠨ ᠠᠪᠴᠤ ᠰᠢᠶᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ  ᠃ ᠭᠤᠷᠪᠠ᠂ ᠭᠤᠣᠯ ᠠᠭᠤᠯᠭ᠎ᠠ    ᠨᠢᠭᠡ ᠳᠤ᠂ ᠡᠯ᠎ᠡ ᠭᠠᠴᠠᠭᠠᠨ ᠤ ᠴᠡᠪᠡᠷᠯᠡᠭᠴᠢ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠲᠤ ᠪᠤᠳᠠᠷᠠᠨ ᠲᠠᠷᠬᠠᠭᠰᠠᠨ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ᠂ ᠡᠯ᠎ᠡ ᠭᠠᠴᠠᠭᠠᠨ  ᠤ ᠲᠣᠭᠲᠠᠭᠰᠠᠨ ᠬᠠᠳᠠᠭᠠᠯᠠᠬᠤ ᠭᠠᠵᠠᠷ ᠲᠤ ᠬᠦᠷᠭᠡᠵᠦ ᠲᠥᠪᠯᠡᠷᠡᠭᠦᠯᠦᠨ ᠲᠦᠷ ᠴᠠᠭ ᠬᠠᠳᠠᠭᠠᠯᠠᠨ᠎ᠠ  ᠃ ᠴᠡᠪᠡᠷᠯᠡᠭᠴᠢ  ᠶᠢᠨ ᠴᠤᠭᠯᠠᠭᠤᠯᠤᠭᠰᠠᠨ ᠲᠠᠷᠢᠶᠠᠨ ᠡᠮ ᠤᠨ ᠯᠣᠩᠬᠤ ᠵᠡᠷᠭᠡ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠭᠠᠴᠠᠭᠠᠨ ᠤ ᠠᠷᠠᠳ ᠤᠨ ᠵᠥᠪᠯᠡᠯ ᠠᠴᠠ ᠬᠤᠲᠠ ᠪᠦᠷᠢ ᠳᠤ 1 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ  ᠃    ᠬᠤᠶᠠᠷ ᠲᠤ ᠲᠠᠷᠢᠶᠠᠴᠢᠨ ᠡᠷᠦᠬᠡ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠥᠪᠡᠰᠦᠪᠡᠨ ᠴᠤᠭᠯᠠᠭᠤᠯᠵᠤ᠂ ᠭᠠᠴᠠᠭᠠᠨ ᠤ ᠲᠣᠭᠲᠠᠭᠠᠭᠰᠠᠨ ᠭᠠᠵᠠᠷ ᠲᠤ ᠬᠦᠷᠭᠡᠵᠦ ᠲᠥᠪᠯᠡᠷᠡᠭᠦᠯᠦᠨ ᠲᠦᠷ ᠴᠠᠭ ᠬᠠᠳᠠᠭᠠᠯᠠᠨ᠎ᠠ  ᠃ ᠲᠣᠰᠬᠤᠨ ᠤ ᠳᠣᠲᠣᠷᠠᠬᠢ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠺᠢᠯᠣᠭ᠍ᠷᠠᠮ ᠪᠦᠷᠢ 1 ᠲᠥᠭᠦᠷᠢᠭ ᠤᠨ ᠪᠠᠷᠢᠮᠵᠢᠶ᠎ᠠ ᠪᠠᠷ ᠬᠠᠷᠠᠭᠠᠯᠵᠠᠭᠰᠠᠨ ᠠᠮᠢᠳᠤᠷᠠᠯ ᠤᠨ ᠬᠡᠷᠡᠭᠰᠡᠯ ᠢ ᠰᠣᠯᠢᠨ᠎ᠠ  ᠃   ᠭᠤᠷᠪᠠ ᠳᠤ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ( ᠰᠢᠶᠠᠩ ᠪᠠᠯᠭᠠᠰᠤ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ) ᠨᠢ ᠨᠠᠪᠴᠢᠨ ᠤ ᠪᠣᠷᠳᠣᠭᠤᠷ ᠪᠤᠶᠤ ᠪᠤᠰᠤᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠣᠯᠢᠬᠤ ᠠᠷᠭ᠎ᠠ ᠮᠠᠶ ᠢᠭ ᠢᠶᠠᠷ ᠴᠤᠭᠯᠠᠭᠤᠯᠬᠤ ᠶᠢᠨ ᠬᠠᠮᠲᠤ ᠵᠢᠭᠠᠨ ᠲᠣᠭᠲᠠᠭᠠᠭᠰᠠᠨ ᠭᠠᠵᠠᠷ ᠲᠤ ᠲᠦᠷ ᠴᠠᠭ ᠲᠥᠪᠯᠡᠷᠡᠭᠦᠯᠦᠨ ᠬᠠᠳᠠᠭᠠᠯᠠᠬᠤ ᠬᠡᠷᠡᠭᠲᠡᠶ  ᠃   ᠳᠥᠷᠪᠡ ᠳᠤ᠂ ᠡᠯ᠎ᠡ ᠭᠠᠴᠠᠭᠠᠨ ᠤ ᠠᠷᠠᠳ ᠤᠨ ᠵᠥᠪᠯᠡᠯ ᠬᠠᠷᠢᠭᠤᠴᠠᠵᠤ᠂ ᠰᠠᠷ᠎ᠠ ᠪᠦᠷᠢ ᠶᠢᠨ 28 ᠤ ᠡᠳᠦᠷ  ᠠᠴᠠ ᠡᠮᠦᠨ᠎ᠡ ᠴᠤᠭᠯᠠᠭᠤᠯᠤᠭᠰᠠᠨ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠣᠶᠢᠷ᠎ᠠ ᠬᠠᠪᠢ ᠶᠢᠨ ᠬᠤᠭ ᠨᠣᠪᠰᠢ ᠶᠢᠨ ᠰᠣᠷᠢᠨᠵᠢᠨ ᠵᠠᠳᠠᠷᠠᠯᠲᠠ ᠶᠢ ᠠᠷᠢᠯᠭᠠᠬᠤ ᠥᠷᠲᠡᠭᠡ ᠳᠤ ᠨᠢᠭᠡᠳᠦᠯᠲᠡᠶ ᠪᠠᠷ ᠲᠥᠪᠯᠡᠷᠡᠭᠦᠯᠦᠨ ᠲᠦᠷ ᠴᠠᠭ ᠬᠠᠳᠠᠭᠠᠯᠠᠵᠤ ᠲᠠᠯᠪᠢᠨ᠎ᠠ  ᠃ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ( ᠰᠢᠶᠠᠩ ᠪᠠᠯᠭᠠᠰᠤ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ) ᠤ ᠴᠤᠭᠯᠠᠭᠤᠯᠤᠭᠰᠠᠨ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠡᠳ᠋ ᠨᠢ ᠨᠡᠪᠴᠢᠬᠦ ᠶᠢ ᠰᠡᠷᠭᠡᠶᠢᠯᠡᠬᠦ᠂ ᠰᠡᠷᠭᠡᠶᠢᠯᠡᠨ ᠬᠠᠮᠠᠭᠠᠯᠠᠬᠤ ᠶᠢ ᠲᠦᠷ ᠴᠠᠭ ᠬᠠᠳᠠᠭᠠᠯᠠᠬᠤ ᠶᠢ ᠥᠪᠡᠰᠦᠪᠡᠨ ᠰᠠᠶᠢᠲᠤᠷ ᠬᠢᠵᠦ᠂ ᠲᠤᠰᠬᠠᠶ ᠰᠢᠶᠳᠪᠦᠷᠢᠯᠡᠬᠦ ᠺᠣᠮᠫᠠᠨᠢ ᠠᠴᠠ ᠲᠣᠭᠲᠠᠮᠠᠯ ᠬᠤᠭᠤᠴᠠᠭ᠎ᠠ  ᠲᠠᠢ ᠪᠠᠷ ᠬᠡᠷ ᠲᠤᠨᠢ ᠬᠦᠷᠴᠦ ᠬᠤᠷᠢᠶᠠᠨ ᠠᠪᠤᠨ᠎ᠠ  ᠃ ᠬᠤᠭ ᠨᠣᠪᠰᠢ ᠶᠢ ᠰᠣᠷᠢᠨᠵᠢᠭᠤᠯᠤᠨ ᠵᠠᠳᠠᠷᠠᠭᠤᠯᠬᠤ ᠥᠷᠳᠡᠭᠡ ᠪᠠᠶᠢᠭᠤᠯᠤᠭᠰᠠᠨ ᠥᠭᠡᠢ ᠰᠢᠶᠠᠩ ᠪᠠᠯᠭᠠᠰᠤ ᠨᠢ ᠰᠢᠶᠠᠩ ᠪᠠᠯᠭᠠᠰᠤ ᠶᠢᠨ ᠵᠠᠰᠠᠭ ᠣᠨ ᠣᠷᠳᠣᠨ ᠠᠴᠠ ᠨᠢᠭᠡᠨ ᠲᠥᠷ ᠴᠠᠭ ᠲᠥᠪᠯᠡᠷᠡᠭᠦᠯᠦᠨ ᠬᠠᠳᠠᠭᠠᠯᠠᠬᠤ ᠴᠢᠬ ᠢ ᠵᠢᠭᠠᠨ ᠲᠣᠭᠲᠠᠭᠠᠵᠤ᠂ ᠡᠯ᠎ᠡ ᠲᠣᠰᠬᠤᠨ ᠤ ᠠᠷᠠᠳ ᠣᠨ ᠵᠥᠪᠯᠡᠯ  ᠨᠢ ᠲᠠᠷᠢᠶᠠᠨ ᠡᠮ ᠢ ᠲᠥᠪᠯᠡᠷᠡᠭᠦᠯᠦᠨ ᠬᠡᠷᠡᠭᠯᠡᠬᠦ ᠴᠠᠭ ᠣᠨ ᠵᠠᠩᠭᠢᠯᠠᠭ᠎ᠠ ᠴᠢᠬ ᠢ ᠦᠨᠳᠦᠰᠦᠯᠡᠨ᠂ ᠴᠤᠭᠯᠠᠭᠤᠯᠤᠭᠰᠠᠨ ᠲᠠᠷᠢᠶᠠᠨ ᠡᠮ ᠣᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠰᠠᠷ᠎ᠠ ᠪᠦᠷᠢ ᠶᠢᠨ ᠰᠡᠭᠦᠯᠴᠢ ᠠᠴᠠ ᠡᠮᠦᠨ᠎ᠡ ᠵᠢᠭᠠᠨ ᠲᠣᠭᠲᠠᠭᠠᠭᠰᠠᠨ ᠭᠠᠵᠠᠷ ᠲᠤ ᠲᠥᠪᠯᠡᠷᠡᠭᠦᠯᠦᠨ ᠨᠢᠭᠡᠳᠦᠯᠲᠡᠢ ᠲᠥᠷ ᠴᠠᠭ ᠬᠠᠳᠠᠭᠠᠯᠠᠬᠤ ᠬᠡᠷᠡᠭᠲᠡᠢ  ᠃   ᠲᠠᠪᠤ ᠳᠤ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠪᠦᠬᠦ ᠰᠢᠶᠠᠨ ᠤ ᠴᠤᠭᠯᠠᠭᠤᠯᠤᠭᠰᠠᠨ ᠬᠡᠮᠵᠢᠶ᠎ᠡ᠂ ᠰᠢᠯᠵᠢᠭᠦᠯᠦᠨ ᠲᠣᠬᠢᠷᠠᠭᠤᠯᠤᠭᠰᠠᠨ ᠲᠤᠰᠬᠠᠶ ᠠᠵᠢᠯ ᠤᠨ ᠺᠣᠮᠫᠠᠨᠢ ᠶᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠡᠭᠡᠭᠦᠯᠦᠨ ᠬᠤᠷᠢᠶᠠᠵᠤ᠂ ᠣᠷᠴᠢᠨ ᠲᠣᠭᠤᠷᠢᠨ ᠢ ᠬᠠᠮᠠᠭᠠᠯᠠᠬᠤ ᠲᠤᠰᠬᠠᠶ ᠬᠡᠷᠡᠭᠯᠡᠬᠦ ᠲᠡᠷᠭᠡ ᠬᠥᠰᠬᠡ ᠪᠠᠷ ᠲᠥᠪᠯᠡᠷᠡᠭᠦᠯᠦᠨ ᠣᠪᠣᠭᠠᠯᠠᠬᠤ ᠭᠠᠵᠠᠷ ( ᠬᠤᠭ ᠨᠣᠪᠰᠢ ᠶᠢ ᠰᠣᠷᠢᠨᠵᠢᠨᠵᠢᠭᠤᠯᠤᠨ ᠵᠠᠳᠠᠷᠠᠭᠤᠯᠬᠤ ᠥᠷᠲᠡᠭᠡ ) ᠤᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋ ᠢ ᠨᠢᠭᠡᠳᠦᠯᠲᠡᠶ ᠵᠥᠭᠡᠭᠡᠪᠦᠷᠢᠯᠡᠨ ᠠᠪᠠᠴᠢᠬᠤ ᠶᠢᠨ ᠬᠠᠮᠲᠤ ᠬᠤᠣᠷ ᠬᠥᠨᠥᠭᠡᠯ ᠦᠭᠡᠶ ᠪᠣᠯᠭᠠᠨ ᠰᠢᠶᠳᠪᠦᠷᠢᠯᠡᠨ᠎ᠡ  ᠃   ᠳᠥᠷᠪᠡ᠂ ᠬᠡᠷᠡᠭᠯᠡᠬᠦ ᠬᠡᠪᠴᠢᠶ᠎ᠡ  ᠪᠦᠬᠦ ᠰᠢᠶᠠᠨ ᠤ ᠬᠡᠪᠴᠢᠶ᠎ᠡ  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号