ᠬᠠᠨ ᠵᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 14 ᠤ | ᠦᠳᠡ ᠶᠢᠨ ᠡᠮᠦᠨ᠎ᠡ ᠾᠧᠨᠠᠨ ᠮᠤᠵᠢ ᠶᠢᠨ ᠨᠠᠨᠶᠠᠩ ᠬᠤᠳᠠ ᠳᠤ ᠡᠮᠦᠨᠡᠳᠡᠬᠢ ᠤᠰᠤ ᠶᠢ ᠤᠮᠠᠷᠠᠰᠢ ᠲᠠᠲᠠᠬᠤ ᠵᠠᠯᠭᠠᠮᠵᠢ | ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠦ | ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠨᠢ ᠪᠠᠶᠢᠯᠳᠤᠬᠤ | ᠪᠤᠳᠤᠯᠭ᠎ᠠ ᠶᠢᠨ ᠪᠦᠬᠦ ᠲᠠᠯ᠎ᠠ ᠲᠠᠢ ᠬᠤᠯᠪᠣᠭᠳᠠᠵᠤ᠂ ᠠᠯᠤᠰ ᠤᠨ ᠬᠥᠭᠵᠢᠯᠲᠡ ᠲᠠᠢ ᠬᠤᠯᠪᠣᠭᠳᠠᠵᠤ᠂ ᠠᠷᠠᠳ ᠲᠦᠮᠡᠨ ᠤ | ᠠᠵᠠ ᠵᠢᠷᠭᠠᠯ ᠲᠠᠢ ᠬᠤᠯᠪᠣᠭᠳᠠᠨ᠎ᠠ᠃ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠪᠦᠬᠦ ᠤᠯᠤᠰ ᠤᠨ | ᠨᠢᠭᠡᠳᠦᠯᠲᠡᠢ ᠲᠤᠮᠤ ᠵᠠᠬ᠎ᠠ ᠳᠡᠯᠭᠡᠭᠦᠷ ᠪᠣᠯᠤᠨ ᠰᠠᠭᠠᠳ ᠦᠭᠡᠢ ᠨᠡᠪᠲᠡᠷᠡᠬᠦ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠪᠦᠷᠢᠯᠳᠦᠭᠦᠯᠦᠨ᠂ ᠡᠮᠦᠨᠡᠲᠦ ᠤᠮᠠᠷᠠᠲᠤ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠤᠰᠤᠨ ᠤ ᠡᠬᠢ ᠪᠠᠶᠠᠯᠢᠭ ᠤᠨ | ᠬᠦᠴᠦᠳᠦ ᠲᠤᠯᠭᠠᠭᠤᠷᠢᠯᠠᠯ ᠢ ᠬᠡᠷᠡᠭᠰᠡᠨ᠎ᠡ᠃ ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠳᠤ ᠲᠤᠯᠭᠠᠷᠠᠵᠤ | ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠢ ᠵᠠᠳᠠᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ | ᠶᠣᠰᠣᠭᠠᠷ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠰᠤ ᠠᠷᠪᠢᠯᠠᠬᠤ ᠶᠢ ᠤᠷᠢᠳ ᠢᠶᠠᠷ | ᠪᠣᠳᠣᠯᠬᠢᠯᠠᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠵᠤ | ᠤᠰᠤ ᠵᠠᠰᠠᠬᠤ ᠰᠡᠳᠬᠢᠴᠡ ᠶᠢ ᠪᠠᠷᠢᠮᠲᠠᠯᠠᠨ᠂ ᠦᠨᠡᠨ ᠬᠦ ᠬᠡᠷᠡᠭᠴᠡᠭᠡ ᠲᠠᠢ᠂ ᠠᠮᠢ ᠠᠬᠤᠢ ᠠᠮᠤᠷ ᠲᠦᠪᠰᠢᠨ᠂ ᠳᠠᠭᠠᠭᠠᠮᠠᠭᠠᠢ | ᠪᠠᠶᠢᠬᠤ ᠴᠢᠬᠤᠯᠠ ᠶᠡᠭᠡ ᠤᠰᠤᠨ ᠠᠰᠢᠬᠯᠠᠯᠳᠠ ᠶᠢᠨ ᠢᠨᠵᠧᠨᠧᠷᠢᠩ ᠢ ᠨᠤᠲᠠᠯᠠᠬᠤ ᠵᠠᠷᠴᠢᠮ ᠢ ᠵᠢᠷᠤᠮᠯᠠᠵᠤ᠂ ᠰᠠᠪᠠ | ᠭᠠᠵᠠᠷ ᠤᠨ ᠪᠦᠬᠦᠯᠢ ᠴᠣᠭᠴᠠ ᠪᠠ ᠤᠰᠤᠨ ᠤ ᠡᠬᠢ ᠪᠠᠶᠠᠯᠢᠭ ᠤᠨ ᠣᠷᠣᠨ ᠵᠠᠢ ᠶᠢ ᠲᠡᠩᠴᠡᠭᠦᠷᠢᠲᠡᠢ ᠲᠤᠬᠢᠷᠠᠭᠤᠯᠬᠤ ᠳᠤ | ᠰᠠᠭᠤᠷᠢᠯᠠᠨ᠂ ᠢᠨᠵᠧᠨᠧᠷᠢᠩ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ | ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠬᠯᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | 5 ᠰᠠᠷ᠎ᠠ ᠶᠢᠨ 14 ᠤ ᠦᠳᠡ ᠶᠢᠨ ᠡᠮᠦᠨ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠾᠧᠨᠠᠨ ᠮᠤᠵᠢ ᠶᠢᠨ | ᠨᠠᠨᠶᠠᠩ ᠬᠤᠳᠠ ᠳᠤ ᠡᠮᠦᠨᠡᠳᠡᠬᠢ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠦ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠬᠦᠳᠡᠷᠯᠡᠪᠡ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠶᠠᠷᠢᠯᠴᠠᠬᠤ ᠬᠤᠷᠠᠯ ᠳᠤ ᠣᠷᠣᠯᠴᠠᠵᠦ ᠶᠠᠷᠢᠶ᠎ᠠ ᠲᠠᠯᠪᠢᠵᠠᠢ᠃ | | ᠶᠠᠷᠢᠯᠴᠠᠬᠤ ᠬᠤᠷᠠᠯ ᠳᠡᠭᠡᠷ᠎ᠡ᠂ ᠤᠰᠤᠨ ᠠᠰᠢᠬᠯᠠᠯᠳᠠ ᠶᠢᠨ ᠶᠠᠮᠤᠨ ᠤ ᠰᠠᠶᠢᠳ ᠯᠢ ᠭᠦᠸᠧ ᠶᠢᠩ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠾᠧ ᠯᠢ ᠹᠧᠩ᠂ ᠵᠢᠶᠠᠩᠰᠦ ᠮᠤᠵᠢ ᠶᠢᠨ ᠨᠠᠮ ᠤᠨ | ᠬᠤᠷᠢᠶᠠᠨ ᠤ ᠱᠦᠵᠢ ᠯᠧᠦ ᠴᠢᠨ ᠵᠢᠶᠠᠨ᠂ ᠾᠧᠨᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠸᠠᠩ ᠭᠦᠸᠧ ᠱᠧᠩ᠂ | ᠲᠢᠶᠠᠨᠵᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠬᠤᠩ ᠵᠥᠩ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ | ᠱᠦᠵᠢ ᠼᠠᠢ ᠴᠢ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠬᠤ᠋ ᠴᠦᠨ ᠬᠤᠸᠠ ᠤᠷᠢᠳ | ᠬᠤᠵᠢᠳ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠰᠤ ᠪᠣᠯ | ᠣᠷᠣᠰᠢᠨ ᠲᠣᠭᠲᠠᠨᠢᠬᠤ ᠶᠢᠨ ᠦᠨᠳᠦᠰᠦ᠂ ᠪᠣᠯᠪᠠᠰᠤᠨ ᠤ ᠰᠤᠷᠪᠤᠯᠵᠢ ᠮᠥᠨ᠃ ᠡᠷᠲᠡᠨ ᠠᠴᠠ ᠠᠪᠤᠭᠠᠳ᠂ ᠮᠠᠨ ᠤ | ᠤᠯᠤᠰ ᠤᠨ ᠦᠨᠳᠦᠰᠦᠨ ᠤᠰᠤᠨ ᠤ ᠪᠠᠶᠢᠳᠠᠯ ᠪᠣᠯ ᠵᠣᠨ ᠦᠶᠡᠷᠯᠡᠵᠦ ᠡᠪᠦᠯ ᠭᠠᠩᠳᠠᠨ᠂ ᠤᠮᠠᠷᠠᠲᠤ ᠣᠷᠣᠨ ᠳᠤ | ᠲᠤᠳᠠᠭᠳᠠᠵᠦ ᠡᠮᠦᠨᠡᠲᠦ ᠣᠷᠣᠨ ᠳᠤ ᠡᠯᠪᠡᠭ ᠪᠠᠶᠢᠵᠦ᠂ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠪᠠ ᠣᠷᠣᠨ | ᠵᠠᠶ ᠶᠢᠨ ᠲᠠᠷᠬᠠᠯᠲᠠ ᠲᠦᠢᠯ ᠤᠨ ᠲᠡᠩᠴᠡᠭᠦᠷᠢ ᠥᠬᠡᠶ ᠪᠠᠶᠢᠳᠠᠭ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ | ᠳᠠᠷᠠᠭ᠎ᠠ᠂ ᠮᠠᠨ ᠤ ᠨᠠᠮ ᠶᠡᠭᠡ ᠬᠡᠪᠴᠢᠶᠡᠨ ᠤ ᠤᠰᠤᠨ ᠠᠰᠢᠬᠯᠠᠯᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠤᠳᠤᠷᠢᠳᠤᠨ ᠥᠷᠨᠢᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ | ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠠᠮᠢ ᠠᠬᠤᠢ ᠶᠢ | ᠬᠠᠮᠠᠭᠠᠯᠠᠨ ᠰᠡᠷᠭᠦᠭᠡᠬᠦ᠂ ᠤᠰᠤᠨ ᠤ ᠣᠷᠴᠢᠨ ᠲᠣᠭᠤᠷᠢᠨ ᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠰᠠᠪᠠ ᠭᠠᠵᠠᠷ ᠣᠷᠣᠨ ᠪᠦᠰᠡ ᠠᠯᠤᠰᠯᠠᠭᠰᠠᠨ ᠨᠢᠭᠡ ᠪᠦᠯᠦᠭ ᠴᠢᠬᠤᠯᠠ ᠶᠡᠭᠡ ᠤᠰᠤ ᠲᠠᠲᠠᠵᠦ ᠲᠤᠬᠢᠷᠠᠭᠤᠯᠬᠤ | ᠢᠨᠵᠧᠨᠧᠷᠢᠩ ᠢ ᠪᠦᠳᠦᠭᠡᠨ ᠪᠠᠶᠢᠭᠤᠯᠪᠠ᠃ ᠡᠮᠦᠨᠡᠳᠡᠬᠢ ᠤᠰᠤ ᠶᠢ ᠤᠮᠠᠷᠠᠰᠢ ᠲᠠᠲᠠᠬᠤ ᠪᠣᠯ ᠰᠠᠪᠠ ᠭᠠᠵᠠᠷ ᠣᠷᠣᠨ ᠪᠦᠰᠡ | ᠠᠯᠤᠰᠯᠠᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠭᠤᠣᠯᠯᠠᠭᠴᠢ ᠢᠨᠵᠧᠨᠧᠷᠢᠩ ᠪᠣᠯᠤᠨ᠎ᠠ᠃ ᠡᠮᠦᠨᠡᠳᠡᠬᠢ ᠤᠰᠤ ᠶᠢ | ᠤᠮᠠᠷᠠᠰᠢ ᠲᠠᠲᠠᠬᠤ ᠵᠡᠭᠦᠨ ᠱᠤᠭᠤᠮ᠂ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ ᠭᠤᠣᠯ ᠴᠣᠭᠴᠠ ᠶᠢᠨ ᠪᠠᠷᠢᠯᠭ᠎ᠠ | ᠪᠠᠶᠢᠭᠤᠯᠤᠭᠳᠠᠵᠤ ᠤᠰᠤ ᠨᠡᠪᠲᠡᠷᠡᠭᠰᠡᠨ ᠠᠴᠠ ᠨᠠᠭᠠᠰᠢ᠂ ᠨᠢᠭᠡᠨᠲᠡ 400 ᠭᠠᠷᠤᠢ ᠳ᠋ᠦᠩᠰᠢᠭᠤᠷ ᠪᠣᠰᠤᠭ᠎ᠠ ᠳᠥᠷᠪᠡᠯᠵᠢᠨ | ᠮᠧᠳ᠋ᠷ ᠤᠰᠤ ᠲᠠᠲᠠᠵᠤ᠂ 1.2 ᠳ᠋ᠦᠩᠰᠢᠭᠤᠷ ᠬᠥᠮᠦᠨ ᠰᠢᠭᠤᠳ ᠠᠰᠢᠭ ᠬᠦᠷᠳᠡᠵᠥ᠂ ᠠᠵᠤ ᠠᠬᠤᠢ ᠨᠡᠶᠢᠭᠡᠮ ᠤᠨ | ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ | ᠃ ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠣᠯ ᠪᠦᠷᠢᠮᠦᠰᠦᠨ ᠵᠥᠪ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ᠃ | | 5 ᠰᠠᠷ᠎ᠠ ᠶᠢᠨ 14 ᠤ ᠦᠳᠡ ᠶᠢᠨ ᠡᠮᠦᠨ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠾᠧᠨᠠᠨ ᠮᠤᠵᠢ ᠶᠢᠨ | ᠨᠠᠨᠶᠠᠩ ᠬᠤᠳᠠ ᠳᠤ ᠡᠮᠦᠨᠡᠳᠡᠬᠢ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠦ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠤᠯ | ᠶᠠᠷᠢᠯᠴᠠᠬᠤ ᠬᠤᠷᠠᠯ ᠠᠴᠠ ᠡᠮᠦᠨ᠎ᠠ᠂ ᠰᠢ ᠶᠢᠨ ᠫᠢᠩ 13 ᠤ ᠡᠳᠤᠷ ᠨᠠᠨᠶᠠᠩ ᠬᠤᠳᠠ ᠶᠢᠨ ᠰᠢᠴᠤᠸᠠᠨ ᠰᠢᠶᠠᠨ ᠤ ᠳᠤᠤ | ᠴᠠ ᠶᠢᠨ ᠴᠢᠤᠢ ᠱᠧᠤ ᠬᠦᠢᠰᠦ ᠪᠠᠷᠢᠯᠭ᠎ᠠ ᠶᠢ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠦᠢ ᠫᠧᠩ ᠰᠡᠬᠦᠳᠡᠷᠯᠡᠪᠡ | ᠰᠢ ᠶᠢᠨ ᠫᠢᠩ᠂ ᠡᠮᠦᠨᠡᠳᠡᠬᠢ ᠤᠰᠤ ᠶᠢ ᠤᠮᠠᠷᠠᠰᠢ ᠲᠠᠲᠠᠬᠤ ᠵᠡᠷᠭᠡ ᠴᠢᠬᠤᠯᠠ ᠶᠡᠭᠡ ᠢᠨᠵᠧᠨᠧᠷᠢᠩ ᠤᠨ | ᠬᠡᠷᠡᠭᠵᠢᠭᠦᠯᠦᠯᠲᠡ ᠨᠢ ᠪᠢᠳᠡᠨ ᠳᠤ ᠴᠢᠬᠤᠯᠠ ᠶᠡᠭᠡ ᠰᠠᠪᠠ ᠭᠠᠵᠠᠷ ᠠᠯᠤᠰᠯᠠᠭᠰᠠᠨ ᠤᠰᠤ ᠲᠠᠲᠠᠬᠤ ᠢᠨᠵᠧᠨᠧᠷᠢᠩ ᠢ | ᠬᠡᠷᠡᠭᠵᠢᠭᠦᠯᠬᠦ ᠬᠤᠪᠣᠷ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠦ ᠦᠭᠴᠠᠢ᠃ ᠨᠢᠭᠡ ᠳᠤ ᠪᠦᠬᠦ ᠤᠯᠤᠰ ᠢᠶᠠᠷ ᠢᠶᠠᠨ ᠨᠢᠭᠡ | ᠬᠥᠯᠭᠡ ᠰᠢᠲᠠᠷ᠎ᠠ ᠪᠤᠯᠬᠤ ᠶᠢ ᠪᠠᠷᠢᠮᠳᠠᠯᠠᠵᠦ᠂ ᠬᠡᠰᠡᠭ ᠲᠠᠯ᠎ᠠ ᠨᠢ ᠪᠦᠬᠦ ᠲᠠᠯ᠎ᠠ ᠶᠢ ᠳᠠᠭᠠᠵᠤ᠂ ᠣᠷᠣᠨ ᠨᠤᠲᠤᠭ ᠨᠢ ᠲᠥᠪ | ᠬᠤᠷᠢᠶ᠎ᠠ ᠶᠢ ᠳᠠᠭᠠᠵᠤ᠂ ᠲᠥᠪ ᠤᠨ ᠳᠠᠪᠬᠤᠷᠭ᠎ᠠ ᠠᠴᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ | ᠰᠢᠯᠢᠳᠡᠭᠵᠢᠭᠦᠯᠪᠠ᠃ ᠬᠤᠶᠠᠷ ᠲᠤ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ᠂ ᠲᠥᠪ ᠤᠨ ᠳᠡᠰ | ᠳᠠᠪᠬᠤᠷᠭ᠎ᠠ ᠠᠴᠠ ᠨᠢᠭᠡᠳᠦᠯᠲᠡᠶ ᠠᠬᠢᠭᠤᠯᠵᠤ᠂ ᠪᠡᠯᠡ ᠮᠥᠩᠭᠦ᠂ ᠬᠡᠷᠡᠭᠯᠡᠬᠦ ᠭᠠᠵᠠᠷ ᠵᠡᠷᠭᠡ ᠪᠦᠲᠦᠭᠡᠨ ᠪᠠᠶᠢᠭᠤᠯᠤᠯᠲᠠ ᠶᠢᠨ | ᠬᠦᠴᠦᠨ ᠵᠦᠢᠯ ᠢ ᠲᠥᠪᠯᠡᠷᠡᠭᠦᠯᠦᠨ ᠪᠠᠲᠤᠯᠠᠵᠤ᠂ ᠠᠷᠠᠳ ᠢ ᠨᠡᠭᠦᠯᠭᠡᠨ ᠲᠥᠪᠬᠢᠨᠡᠭᠦᠯᠬᠦ ᠵᠡᠷᠭᠡ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠬᠢᠪᠠ᠃ ᠭᠤᠷᠪᠠ ᠳᠤ ᠪᠤᠰᠤᠳᠴᠢ ᠵᠢᠮ᠎ᠡ ᠶᠣᠰᠣ ᠶᠢ ᠬᠦᠨᠳᠦᠳᠬᠡᠵᠦ᠂ ᠰᠢᠨᠵᠢᠯᠡᠬᠦ ᠤᠬᠠᠭᠠᠨᠴᠢ | ᠪᠣᠯᠭᠤᠮᠵᠢᠲᠠᠢ ᠪᠠᠷ ᠲᠥᠰᠦᠯ ᠢ ᠨᠤᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠨ᠂ | ᠬᠥᠮᠦᠨ ᠵᠠᠪᠠᠯ ᠪᠠᠶᠢᠭᠠᠯᠢ ᠶᠢ ᠢᠯᠠᠬᠤ ᠶᠢ ᠡᠷᠬᠢᠮᠯᠡᠬᠦ ᠪᠠᠷ ᠪᠠᠷᠠᠬᠤ ᠦᠭᠡᠢ᠂ ᠬᠥᠮᠦᠨ ᠤᠰᠤ ᠡᠶ᠎ᠡ ᠵᠣᠬᠢᠴᠠᠩᠭᠤᠢ ᠪᠠᠶᠢᠬᠤ ᠶᠢ | ᠴᠤ ᠡᠷᠬᠢᠮᠯᠡᠪᠠ᠃ ᠳᠥᠷᠪᠡ ᠳᠤ ᠲᠦᠯᠦᠪᠵᠢᠭᠦᠯᠭᠡ ᠶᠢ ᠨᠢᠭᠡᠳᠦᠯᠳᠠᠢ ᠲᠦᠯᠦᠪᠵᠢᠬᠦᠯᠬᠦ ᠪᠠᠷ ᠵᠢᠯᠤᠭᠤᠳᠤᠮᠵᠢ ᠪᠤᠯᠭᠠᠵᠦ᠂ | ᠬᠥᠬᠡᠮᠥ᠋ᠷᠡᠨ᠂ ᠬᠤᠸᠠᠶᠢᠾᠧ ᠭᠤᠤᠯ᠂ ᠬᠠᠲᠤᠨ ᠭᠤᠤᠯ᠂ ᠬᠠᠶᠢᠾᠧ ᠭᠤᠤᠯ ᠵᠡᠷᠭᠡ ᠳᠥᠷᠪᠡᠨ ᠶᠡᠭᠡ ᠰᠠᠪᠠ ᠭᠠᠵᠠᠷ ᠤᠨ | ᠤᠰᠤᠨ ᠤ ᠡᠬᠢ ᠪᠠᠶᠠᠯᠢᠭ ᠤᠨ ᠪᠠᠶᠢᠳᠠᠯ ᠢ ᠨᠢᠭᠡᠳᠦᠯᠲᠡᠶ ᠲᠥᠯᠥᠪᠵᠢᠭᠦᠯᠦᠨ᠂ ᠡᠯ᠎ᠡ ᠬᠤᠯᠪᠣᠭᠳᠠᠯ ᠪᠥᠬᠦᠶ ᠭᠠᠵᠠᠷ ᠣᠷᠣᠨ | ᠪᠣᠯᠤᠨ ᠠᠵᠢᠯ ᠲᠥᠷᠥᠯ ᠤᠨ ᠬᠡᠷᠡᠭᠴᠡᠭᠡ ᠶᠢ ᠵᠡᠷᠭᠡ ᠪᠠᠷ ᠬᠠᠷᠠᠭᠠᠯᠵᠠᠪᠠ᠃ ᠲᠠᠪᠤ ᠳᠤ ᠤᠰᠤ ᠠᠷᠪᠢᠯᠠᠬᠤ ᠪᠣᠬᠢᠷᠲᠤᠯ ᠢ | ᠵᠠᠰᠠᠬᠤ ᠶᠢ ᠴᠢᠬᠤᠯᠠᠴᠢᠯᠠᠵᠤ᠂ ᠤᠷᠢᠳ ᠢᠶᠠᠷ ᠤᠰᠤ ᠠᠷᠪᠢᠯᠠᠵᠤ ᠳᠠᠷᠠᠭ᠎ᠠ ᠨᠢ ᠤᠰᠤ ᠲᠠᠲᠠᠬᠤ᠂ ᠤᠷᠢᠳ ᠢᠶᠠᠷ ᠪᠣᠬᠢᠷᠲᠤᠯ ᠢ | ᠵᠠᠰᠠᠵᠤ ᠳᠠᠷᠠᠭ᠎ᠠ ᠨᠢ ᠤᠰᠤ ᠨᠡᠪᠲᠡᠷᠡᠭᠦᠯᠬᠦ᠂ ᠤᠷᠢᠳ ᠢᠶᠠᠷ ᠣᠷᠴᠢᠨ ᠲᠤᠭᠤᠷᠢᠨ ᠢ ᠬᠠᠮᠠᠭᠠᠯᠠᠵᠤ ᠳᠠᠷᠠᠭ᠎ᠠ ᠨᠢ ᠤᠰᠤ | ᠬᠡᠷᠡᠭᠯᠡᠬᠦ ᠶᠢ ᠪᠠᠷᠢᠮᠲᠠᠯᠠᠪᠠ᠃ ᠵᠢᠷᠭᠤᠭ᠎ᠠ ᠳᠤ ᠨᠠᠷᠢᠯᠢᠭ ᠣᠨᠣᠪᠴᠢᠲᠠᠶ ᠪᠠᠷ ᠤᠰᠤ ᠲᠠᠲᠠᠵᠤ᠂ ᠤᠰᠤᠨ ᠤ ᠬᠡᠮᠵᠢᠶ᠎ᠡ ᠶᠢ | ᠬᠤᠪᠢᠶᠠᠷᠢᠯᠠᠬᠤ ᠲᠥᠰᠦᠯ ᠢ ᠨᠠᠷᠢᠯᠢᠬᠵᠢᠭᠤᠯᠤᠨ ᠲᠣᠭᠲᠠᠭᠠᠵᠤ᠂ ᠤᠰᠤᠨ ᠤ ᠡᠬᠢ ᠰᠤᠷᠪᠤᠯᠵᠢ ᠠᠴᠠ ᠬᠡᠷᠡᠭᠯᠡᠭᠴᠢ | ᠬᠦᠷᠲᠡᠯᠡᠬᠢ ᠨᠠᠷᠢᠯᠢᠭ ᠣᠨᠣᠪᠴᠢᠲᠠᠶ ᠲᠣᠬᠢᠷᠠᠭᠤᠯᠤᠯᠲᠠ ᠶᠢ ᠴᠢᠩᠭᠠᠳᠬᠠᠪᠠ᠃ ᠡᠳᠡᠭᠡᠷ ᠲᠤᠷᠰᠢᠯᠭ᠎ᠠ ᠶᠢ ᠲᠠᠷᠠᠭᠠᠴᠢ ᠶᠢᠨ | ᠪᠠᠷᠢᠯᠭ᠎ᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠵᠢᠭᠠᠵᠦ | ᠭᠠᠷᠭᠠᠪᠠ᠃ | ᠰᠢ ᠶᠢᠨ ᠫᠢᠩ᠂ ᠤᠰᠤ ᠲᠠᠲᠠᠬᠤ ᠢᠨᠵᠧᠨᠧᠷᠢᠩ ᠢ ᠦᠷᠭᠦᠯᠵᠢᠯᠡᠨ ᠰᠢᠨᠵᠢᠯᠡᠬᠦ ᠤᠬᠠᠭᠠᠨᠴᠢ ᠪᠠᠷ ᠠᠬᠢᠭᠤᠯᠤᠨ | ᠬᠡᠷᠡᠭᠵᠢᠭᠦᠯᠬᠦ ᠳᠤ᠂ ᠤᠰᠤ ᠠᠷᠪᠢᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠲᠠᠭᠤ | ᠬᠢᠵᠠᠭᠠᠷᠯᠠᠯ ᠢ ᠴᠢᠩᠭᠠᠳᠬᠠᠬᠰᠠᠨ ᠤᠷᠢᠲᠠᠯ ᠳᠣᠣᠷ᠎ᠠ᠂ ᠬᠡᠷᠡᠭᠴᠡᠭᠡ ᠪᠣᠯᠤᠨ ᠬᠠᠩᠭᠠᠯᠭ᠎ᠠ ᠶᠢᠨ ᠬᠠᠮᠢᠶᠠᠷᠤᠯᠲᠠ ᠶᠢ ᠨᠢᠭᠡᠳᠦᠯᠲᠡᠢ | ᠲᠥᠯᠥᠪᠵᠢᠭᠦᠯᠦᠨ ᠴᠢᠩᠭᠠᠳᠬᠠᠬᠤ ᠬᠡᠷᠡᠭᠲᠡᠢ᠃ ᠨᠢᠭᠡ ᠳᠤ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠰᠢᠰᠲ᠋ᠧᠮᠲᠦ | ᠤᠨᠤᠯ ᠤᠨ ᠦᠵᠡᠯ ᠰᠠᠨᠠᠭᠠᠨ ᠤ ᠠᠷᠭ᠎ᠠ ᠪᠠᠷ ᠠᠰᠠᠭᠤᠳᠠᠯ ᠢ ᠵᠠᠳᠠᠯᠵᠤ᠂ ᠡᠬᠢ ᠰᠤᠷᠪᠤᠯᠵᠢ ᠶᠢ ᠨᠡᠭᠡᠭᠡᠬᠦ ᠪᠠ ᠤᠷᠤᠰᠬᠠᠯ ᠢ | ᠬᠠᠰᠢᠬᠤ᠂ ᠬᠠᠳᠠᠭᠠᠯᠠᠯᠲᠠ ᠶᠢᠨ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ᠂ ᠴᠠᠭ ᠪᠠ ᠣᠷᠣᠨ ᠵᠠᠢ ᠶᠢᠨ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠢᠨᠵᠧᠨᠧᠷᠢᠩ ᠤᠨ ᠶᠡᠷᠦᠩᠬᠡᠶᠢᠯᠡᠭᠰᠡᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠬᠡᠷᠡᠭᠲᠡᠢ᠃ | ᠬᠤᠶᠠᠷ ᠲᠤ ᠵᠢᠮ᠎ᠡ ᠶᠣᠰᠣ ᠶᠢ ᠵᠢᠷᠤᠮᠯᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠠᠯᠤᠰ ᠬᠡᠲᠦ ᠶᠢᠨ | ᠬᠠᠩᠭᠠᠯᠭ᠎ᠠ ᠬᠡᠷᠡᠭᠴᠡᠭᠡ ᠶᠢᠨ ᠬᠠᠨᠳᠤᠰᠢ᠂ ᠣᠷᠣᠨ ᠪᠦᠰᠡ ᠶᠢᠨ ᠲᠠᠷᠬᠠᠯᠲᠠ᠂ ᠪᠦᠲᠦᠴᠡ ᠶᠢᠨ ᠣᠨᠴᠠᠯᠢᠭ ᠢ ᠰᠤᠳᠤᠯᠤᠨ | ᠮᠠᠭᠠᠳᠯᠠᠵᠤ ᠡᠵᠡᠮᠳᠡᠨ᠂ ᠢᠨᠵᠧᠨᠧᠷᠢᠩ ᠤᠨ ᠬᠡᠪᠴᠢᠶ᠎ᠡ ᠪᠣᠯᠤᠨ ᠶᠡᠷᠦᠩᠬᠡᠶ ᠪᠠᠶᠢᠷᠢᠰᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠂ ᠬᠥᠭᠵᠢᠭᠦᠯᠬᠦ ᠪᠠ ᠬᠠᠮᠠᠭᠠᠯᠠᠬᠤ᠂ ᠠᠰᠢᠬᠯᠠᠬᠤ ᠪᠠ ᠰᠡᠷᠭᠦᠭᠡᠬᠦ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠬᠦ ᠭᠡᠷᠡᠭᠲᠡᠢ᠂ ᠠᠮᠢ ᠠᠬᠤᠶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠶᠠᠭᠠᠬᠢᠭᠰᠠᠨ ᠴᠤ ᠳᠠᠪᠠᠵᠤ ᠪᠣᠯᠬᠤ | ᠥᠬᠡᠶ᠃ ᠭᠤᠷᠪᠠ ᠳᠤ ᠤᠰᠤ ᠠᠷᠪᠢᠯᠠᠬᠤ ᠶᠢ ᠤᠷᠢᠳ ᠢᠶᠠᠷ ᠪᠤᠳᠤᠯᠬᠢᠯᠠᠬᠤ ᠶᠢ ᠪᠠᠷᠢᠮᠲᠠᠯᠠᠨ᠂ ᠤᠰᠤ ᠠᠷᠪᠢᠯᠠᠬᠤ ᠶᠢ ᠤᠰᠤ | ᠬᠦᠷᠲᠡᠬᠦ ᠣᠷᠣᠨ ᠤ ᠦᠨᠳᠦᠰᠦᠨ ᠭᠠᠷᠬᠤ ᠵᠠᠮ ᠪᠣᠯᠭᠠᠵᠤ᠂ ᠤᠰᠤ ᠠᠷᠪᠢᠯᠠᠬᠤ ᠠᠵᠢᠯ ᠢ ᠤᠷᠲᠤ ᠬᠤᠭᠤᠴᠠᠭ᠎ᠠ ᠪᠠᠷ | ᠭᠦᠨᠵᠡᠭᠡᠶ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠦᠨᠳᠦᠰᠦᠯᠡᠨ ᠬᠤᠲᠠ ᠶᠢᠨ | ᠣᠷᠣᠨ ᠵᠠᠶ ᠶᠢᠨ ᠪᠠᠶᠢᠷᠢᠰᠢᠭᠤᠯᠤᠯᠳᠠ᠂ ᠠᠵᠤ ᠦᠢᠯᠡᠰ ᠤᠨ ᠪᠦᠲᠦᠴᠡ᠂ ᠬᠥᠮᠦᠨ ᠠᠮᠠ ᠶᠢᠨ ᠬᠡᠪᠴᠢᠶ᠎ᠡ ᠶᠢ | ᠰᠢᠯᠢᠳᠡᠭᠵᠢᠭᠦᠯᠬᠦ ᠬᠡᠷᠡᠭᠲᠡᠶ᠃ ᠳᠦᠷᠪᠡ ᠳᠤ ᠠᠵᠤ ᠠᠬᠤᠢ ᠵᠦᠢ ᠵᠣᠬᠢᠰᠲᠠᠢ ᠪᠠᠶᠢᠬᠤ ᠶᠢ ᠪᠠᠷᠢᠮᠲᠠᠯᠠᠵᠤ᠂ ᠢᠨᠵᠧᠨᠧᠷᠢᠩ ᠤᠨ | ᠪᠡᠯᠡ ᠣᠷᠣᠭᠤᠯᠤᠯᠲᠠ ᠪᠠ ᠦᠷ᠎ᠡ ᠠᠰᠢᠭ ᠢ ᠨᠢᠭᠡᠳᠦᠯᠲᠡᠢ ᠲᠥᠯᠥᠪᠵᠢᠭᠦᠯᠵᠦ᠂ ᠤᠯᠠᠨ ᠲᠥᠰᠦᠯ ᠢ ᠬᠠᠷᠢᠴᠠᠭᠤᠯᠤᠨ | ᠰᠣᠩᠭᠤᠵᠤ ᠨᠤᠲᠠᠯᠠᠬᠤ ᠶᠢ ᠴᠢᠩᠭᠠᠳᠬᠠᠨ᠂ ᠭᠠᠵᠠᠷ ᠢᠶᠠᠨ ᠳᠠᠳᠠᠪᠤᠷᠢᠯᠠᠭᠤᠯᠤᠭᠰᠠᠨ ᠨᠡᠭᠦᠳᠡᠯ ᠠᠷᠠᠳ ᠤᠨ ᠲᠤᠭ᠎ᠠ ᠶᠢ ᠠᠯᠢ | ᠴᠢᠳᠠᠬᠤ ᠪᠠᠷ ᠪᠠᠭᠠᠰᠬᠠᠬᠤ ᠬᠡᠷᠡᠭᠲᠡᠢ᠃ ᠲᠠᠪᠤ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠥᠬᠡᠮᠥ᠋ᠷᠡᠨ᠂ ᠬᠠᠳᠤᠨ ᠭᠤᠣᠯ ᠵᠡᠷᠭᠡ | ᠶᠡᠭᠡ ᠭᠤᠣᠯ ᠮᠥᠷᠡᠨ ᠤ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠬᠤ | ᠡᠷᠴᠢᠮ ᠢᠶᠠᠨ ᠴᠢᠩᠭᠠᠷᠠᠭᠤᠯᠤᠨ᠂ ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠱᠤᠭᠤᠮ ᠳᠠᠭᠠᠤ ᠶᠢᠨ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠤᠰᠤ ᠳᠠᠮᠵᠢᠭᠤᠯᠬᠤ ᠱᠤᠭᠤᠮ ᠳᠠᠭᠠᠤ ᠣᠷᠣᠨ ᠪᠣᠯᠤᠨ | ᠤᠰᠤ ᠬᠦᠷᠳᠡᠬᠦ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ | ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠵᠢᠷᠭᠤᠭ᠎ᠠ ᠳᠤ ᠤᠯᠤᠰ ᠤᠨ ᠤᠰᠤᠨ ᠠᠰᠢᠬᠯᠠᠯᠳᠠ ᠶᠢᠨ | ᠲᠣᠣᠷ ᠢ ᠲᠦᠷᠭᠡᠳᠬᠡᠨ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ | ᠬᠠᠷᠠᠯᠲᠠ ᠪᠣᠯᠭᠠᠵᠤ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠲᠠ ᠶᠢᠨ ᠰᠢᠰᠲ᠋ᠧᠮ ᠢ ᠰᠢᠯᠢᠳᠡᠭᠵᠢᠭᠦᠯᠬᠦ᠂ ᠰᠠᠪᠠ | ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠵᠤ᠂ | ᠬᠠᠳᠠᠭᠠᠯᠠᠯᠳᠠ ᠶᠢᠨ ᠭᠡᠮᠵᠢᠶ᠎ᠠ ᠪᠣᠯᠤᠨ ᠨᠡᠮᠡᠭᠳᠡᠯ ᠤᠨ ᠭᠡᠮᠵᠢᠶ᠎ᠠ ᠶᠢ ᠨᠢᠭᠡᠳᠦᠯᠲᠡᠢ ᠲᠥᠯᠥᠪᠵᠢᠭᠦᠯᠦᠨ᠂ ᠬᠤᠯᠪᠣᠯᠳᠤᠨ | ᠨᠡᠪᠲᠡᠷᠡᠯᠴᠡᠬᠦ ᠶᠢ ᠴᠢᠩᠭᠠᠳᠬᠠᠵᠤ᠂ ᠤᠯᠤᠰ ᠤᠨ ᠤᠰᠤᠨ ᠠᠰᠢᠬᠯᠠᠯᠳᠠ ᠶᠢᠨ ᠲᠣᠣᠷ ᠤᠨ ᠭᠤᠣᠯ ᠪᠣᠷᠣ ᠲᠥᠯᠥᠪ ᠪᠣᠯᠤᠨ | ᠲᠤᠮᠤ ᠯᠤᠭᠰᠢᠭᠤᠨ ᠰᠤᠳᠠᠯ ᠢ ᠲᠦᠷᠭᠡᠳᠬᠡᠨ ᠪᠠᠶᠢᠭᠤᠯᠵᠤ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠤᠰᠤᠨ ᠤ ᠠᠮᠤᠷ ᠲᠦᠪᠰᠢᠨ ᠤ ᠬᠦᠴᠦᠳᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ︽ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠶᠡᠷᠦᠩᠬᠡᠢ ᠲᠥᠯᠥᠪᠵᠢᠭᠦᠯᠭᠡ︾ ᠶᠢ | ᠨᠡᠶᠢᠳᠡᠯᠡᠭᠡᠳ 20 ᠰᠢᠬᠠᠮ ᠵᠢᠯ ᠪᠤᠯᠵᠦ᠂ ᠬᠡᠳᠦᠨ ᠦᠶ᠎ᠡ ᠶᠢᠨ ᠬᠥᠮᠦᠰ ᠤᠨ ᠬᠦᠴᠦ ᠬᠥᠳᠡᠯᠮᠦᠷᠢ ᠪᠠ ᠤᠶᠤᠨ ᠤᠬᠠᠭᠠᠨ ᠢ | ᠨᠢᠭᠲᠠᠷᠠᠭᠤᠯᠪᠠ᠃ ᠡᠭᠦᠨ ᠤ ᠵᠡᠷᠭᠡ ᠪᠠᠷ᠂ ᠡᠳᠡᠭᠡᠷ ᠵᠢᠯ ᠳᠤ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ᠂ | ᠠᠵᠤ ᠦᠢᠯᠡᠰ ᠤᠨ ᠪᠦᠲᠦᠴᠡ᠂ ᠬᠤᠳᠠ ᠪᠠᠯᠭᠠᠰᠤᠵᠢᠯᠳᠠ ᠶᠢᠨ ᠲᠦᠪᠰᠢᠨ ᠵᠡᠷᠭᠡ ᠢᠯᠡᠳᠲᠡ ᠳᠡᠭᠡᠭᠰᠢᠯᠡᠵᠦ᠂ ᠮᠠᠨ ᠤ | ᠤᠯᠤᠰ ᠤᠨ ᠨᠡᠶᠢᠭᠡᠮ ᠤᠨ ᠭᠤᠣᠯ ᠵᠥᠷᠢᠴᠡᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠪᠣᠯᠤᠨ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ | ᠪᠣᠯᠤᠨ ᠬᠤᠪᠢᠷᠠᠵᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠠᠨ ᠬᠥᠭᠵᠢᠯᠲᠡ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠵᠡᠷᠭᠡ ᠣᠷᠣᠨ | ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠵᠠᠯᠭᠠᠭ᠎ᠠ ᠪᠠᠷ ᠬᠡᠷᠡᠭᠵᠢᠭᠦᠯᠦᠭᠳᠡᠵᠦ᠂ ᠮᠠᠨ ᠤ ᠤᠯᠤᠰ ᠤᠨ | ᠤᠮᠠᠷᠠᠲᠤ ᠶᠢᠨ ᠭᠤᠣᠯ ᠪᠣᠯᠬᠤ ᠭᠤᠣᠯ ᠮᠥᠷᠡᠨ ᠢᠯᠠᠩᠭᠤᠶ᠎ᠠ ᠬᠠᠳᠤᠨ ᠭᠤᠣᠯ ᠤᠨ ᠡᠯᠡᠰᠦᠨ ᠤ ᠬᠡᠮᠵᠢᠶ᠎ᠡ ᠲᠦᠷᠭᠡᠨ | ᠪᠠᠭᠠᠰᠴᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠵᠡᠷᠭᠡ ᠤᠰᠤᠨ ᠤ ᠠᠮᠢ ᠠᠬᠤᠢ ᠣᠷᠴᠢᠨ ᠲᠣᠭᠤᠷᠢᠨ ᠤ | ᠠᠰᠠᠭᠤᠳᠠᠯ ᠳᠤ ᠬᠥᠳᠡᠯᠦᠩᠭᠦᠢ ᠬᠤᠪᠢᠰᠤᠯᠲᠠ ᠭᠠᠷᠪᠠ᠃ ᠡᠳᠡᠭᠡᠷ ᠨᠢ ᠴᠥᠮ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢ | ᠴᠢᠩᠭᠠᠳᠬᠠᠨ ᠰᠢᠯᠢᠳᠡᠭᠵᠢᠭᠦᠯᠬᠦ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠴᠠᠭ ᠢ ᠦᠵᠡᠨ ᠪᠠᠶᠢᠳᠠᠯ ᠢ ᠰᠢᠨᠵᠢᠵᠦ | ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠵᠡᠭᠦᠨ ᠱᠤᠭᠤᠮ᠂ ᠳᠤᠮᠳᠠ ᠱᠤᠭᠤᠮ᠂ ᠪᠠᠷᠠᠭᠤᠨ ᠱᠤᠭᠤᠮ ᠵᠡᠷᠭᠡ | ᠭᠤᠷᠪᠠᠨ ᠱᠤᠭᠤᠮ ᠤᠨ ᠲᠤᠰ ᠲᠤᠰ ᠤᠨ ᠣᠨᠴᠠᠯᠢᠭ ᠢ ᠣᠨᠣᠪᠴᠢᠲᠠᠢ ᠡᠵᠡᠮᠰᠢᠵᠦ᠂ ᠦᠵᠦ ᠲᠥᠯᠥᠪᠯᠡᠭᠡ ᠶᠢ ᠴᠢᠩᠭᠠᠳᠬᠠᠨ᠂ | ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠵᠠᠯᠭᠠᠮᠵᠢ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠬᠦᠯᠦᠨ ᠵᠢᠯᠣᠭᠤᠳᠴᠤ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ᠂ ᠵᠠᠯᠭᠠᠮᠵᠢ ᠢᠨᠵᠧᠨᠧᠷᠢᠩ ᠤᠨ ᠲᠥᠯᠥᠪᠵᠢᠭᠦᠯᠭᠡ ᠲᠥᠯᠥᠪᠯᠡᠭᠡ ᠶᠢ ᠱᠠᠯᠠᠪᠳᠠᠨ ᠰᠠᠶᠢᠲᠤᠷ | ᠬᠢᠵᠦ᠂ ᠰᠠᠯᠠᠭ᠎ᠠ ᠮᠥᠴᠢᠷ᠂ ᠣᠷᠣᠨ ᠨᠤᠲᠤᠭ ᠪᠣᠯᠤᠨ ᠲᠤᠰᠬᠠᠢ ᠮᠡᠷᠭᠡᠵᠢᠯᠲᠡᠨ ᠤ ᠰᠠᠨᠠᠯ ᠢ ᠵᠤᠬᠢᠴᠠᠭᠤᠯᠤᠨ᠂ ᠴᠢᠬᠤᠯᠠ | ᠶᠡᠭᠡ ᠠᠰᠠᠭᠤᠳᠠᠯ ᠤᠨ ᠲᠤᠬᠠᠢ ᠰᠤᠳᠤᠯᠭᠠᠨ ᠢ ᠥᠷᠨᠢᠭᠦᠯᠵᠦ᠂ ᠢᠨᠵᠧᠨᠧᠷᠢᠩ ᠤᠨ ᠪᠠᠶᠢᠭᠤᠯᠤᠮᠵᠢ ᠲᠣᠭᠲᠡᠴᠡ ᠶᠢ | ᠰᠢᠨᠡᠴᠢᠯᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ | ᠪᠤᠳᠤᠯ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠭᠠᠷᠭᠠᠭᠰᠠᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ | ᠲᠥᠰᠦᠯ ᠨᠢ ᠲᠡᠦᠬᠡ ᠪᠣᠯᠤᠨ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ | ᠵᠢᠭᠠᠵᠦ ᠭᠠᠷᠭᠠᠪᠠ᠃ | ᠬᠠᠨ ᠵᠧᠩ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠡᠮᠦᠨᠡᠳᠡᠬᠢ ᠤᠰᠤ ᠶᠢ ᠤᠮᠠᠷᠠᠰᠢ | ᠲᠠᠲᠠᠬᠤ ᠢᠨᠵᠧᠨᠧᠷᠢᠩ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠡᠮᠦᠨᠡᠳᠡᠬᠢ ᠤᠰᠤ ᠶᠢ ᠤᠮᠠᠷᠠᠰᠢ | ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠠᠮᠢ | ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠢᠨᠵᠧᠨᠧᠷᠢᠩ ᠤᠨ ᠲᠥᠯᠥᠪᠵᠢᠭᠦᠯᠭᠡ᠂ ᠪᠦᠳᠦᠭᠡᠨ | ᠪᠠᠶᠢᠭᠤᠯᠤᠯᠲᠠ ᠪᠠ ᠠᠵᠢᠯᠯᠠᠭᠠᠨ ᠤ ᠪᠦᠬᠦ ᠶᠠᠪᠤᠴᠠ ᠳᠤ ᠴᠥᠮ ᠬᠥᠮᠦᠨ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠲᠤ | ᠣᠷᠣᠰᠢᠬᠤ ᠣᠶᠢᠯᠠᠭᠠᠭᠳᠠᠬᠤᠨ ᠢ ᠭᠦᠢᠴᠡᠳ ᠢᠯᠡᠷᠡᠭᠦᠯᠬᠦ ᠬᠡᠷᠡᠭᠲᠡᠢ᠃ ᠤᠰᠤ ᠠᠷᠪᠢᠯᠠᠬᠤ ᠶᠢ ᠤᠷᠢᠳ ᠢᠶᠠᠷ ᠪᠤᠲᠤᠯᠬᠢᠯᠠᠬᠤ | ᠴᠢᠭᠯᠡᠯᠲᠡ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠨᠡᠩ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠠᠷᠪᠢᠯᠠᠬᠤ | ᠠᠵᠢᠯ ᠢ ᠰᠠᠶᠢᠲᠤᠷ ᠠᠳᠬᠤᠵᠤ᠂ ᠤᠰᠤ ᠶᠢ ᠲᠤᠷ᠎ᠠ ᠪᠠᠷ ᠢᠶᠠᠨ ᠬᠡᠷᠡᠭᠯᠡᠬᠦ᠂ ᠤᠰᠤ ᠶᠢ ᠬᠡᠲᠦᠷᠡᠲᠡᠯ᠎ᠡ ᠲᠠᠲᠠᠬᠤ ᠠᠴᠠ ᠡᠷᠡᠰ | ᠵᠠᠶᠢᠯᠠᠰᠬᠢᠬᠦ ᠬᠡᠷᠡᠭᠲᠡᠢ᠃ ︽ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠶᠡᠷᠦᠩᠬᠡᠢ ᠲᠥᠯᠥᠪᠵᠢᠭᠦᠯᠭᠡ︾ | ᠶᠢ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠦᠨᠡᠯᠡᠨ ᠵᠢᠱᠢᠵᠦ᠂ ᠵᠠᠯᠭᠠᠮᠵᠢ ᠢᠨᠵᠧᠨᠧᠷᠢᠩ ᠤᠨ ᠲᠥᠯᠥᠪᠵᠢᠭᠦᠯᠭᠡ | ᠪᠠ ᠪᠦᠳᠦᠭᠡᠨ ᠪᠠᠶᠢᠭᠤᠯᠤᠯᠲᠠ ᠶᠢᠨ ᠲᠥᠰᠦᠯ ᠢ ᠬᠠᠷᠢᠴᠠᠭᠤᠯᠤᠨ ᠰᠣᠩᠭᠤᠵᠤ ᠨᠤᠲᠠᠯᠠᠬᠤ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠲᠥᠯᠥᠪᠵᠢᠭᠦᠯᠭᠡ ᠶᠢ ᠤᠯᠠᠮ ᠴᠢᠨᠠᠭᠰᠢᠲᠠ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ | ᠰᠢᠨᠵᠢᠯᠡᠬᠦ ᠤᠬᠠᠭᠠᠨᠴᠢ ᠣᠪᠣᠷ ᠢ ᠪᠠᠷᠢᠮᠲᠠᠯᠠᠨ᠂ ᠪᠤᠰᠤᠳᠴᠢ ᠵᠢᠮ᠎ᠡ ᠶᠣᠰᠣ ᠶᠢ ᠵᠢᠷᠤᠮᠯᠠᠵᠤ᠂ ᠡᠯ᠎ᠡ ᠵᠦᠢᠯ ᠤᠨ ᠠᠵᠢᠯ ᠢᠶᠠᠨ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠵᠡᠭᠦᠨ ᠱᠤᠭᠤᠮ᠂ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠤᠨ ᠠᠮᠤᠷ ᠲᠦᠪᠰᠢᠨ ᠤ ᠬᠠᠮᠢᠶᠠᠷᠤᠯᠲᠠ ᠪᠣᠯᠤᠨ ᠲᠣᠬᠢᠷᠠᠭᠤᠯᠭ᠎ᠠ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠵᠤ᠂ ᠤᠰᠤᠨ ᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠶᠢ ᠴᠢᠩᠭᠠᠷᠠᠭᠤᠯᠤᠨ᠂ ᠤᠰᠤ ᠲᠠᠲᠠᠬᠤ ᠴᠢᠳᠠᠪᠤᠷᠢ ᠶᠢ | ᠭᠦᠢᠴᠡᠳ ᠪᠠᠳᠠᠷᠠᠭᠤᠯᠵᠤ᠂ ᠢᠨᠵᠧᠨᠧᠷᠢᠩ ᠤᠨ ᠥᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ ᠭᠡᠵᠦ ᠢᠯᠡᠳᠭᠡᠪᠡ᠃ | ᠲᠤᠰ ᠤᠳᠠᠭ᠎ᠠ ᠶᠢᠨ ᠶᠠᠷᠢᠯᠴᠠᠬᠤ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ 13 ᠤ ᠦᠳᠡ ᠶᠢᠨ | ᠬᠤᠶᠢᠨ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠸᠠᠩ ᠭᠦᠸᠧ ᠱᠧᠩ ᠪᠣᠯᠤᠨ ᠣᠷᠣᠯᠠᠭᠴᠢ | ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠤᠯᠭ᠎ᠠ ᠲᠠᠢ ᠪᠠᠷ᠂ ᠨᠠᠨᠶᠠᠩ ᠬᠤᠳᠠ ᠶᠢᠨ ᠰᠢᠴᠤᠸᠠᠨ ᠰᠢᠶᠠᠨ ᠤ ᠤᠰᠤᠨ | ᠠᠰᠢᠠᠠᠯᠠᠯᠲᠠ ᠶᠢᠨ ᠲᠥᠬᠦᠭᠡᠷᠦᠮᠵᠢ᠂ ᠨᠡᠭᠦᠳᠡᠯ ᠠᠷᠠᠳ ᠤᠨ ᠰᠢᠨ᠎ᠡ ᠲᠣᠰᠬᠤᠨ ᠵᠡᠷᠭᠡ ᠪᠠᠷ ᠭᠦᠨᠵᠡᠭᠡᠶᠢᠷᠡᠵᠦ᠂ ᠡᠮᠦᠨᠡᠳᠡᠬᠢ | ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ | ᠠᠵᠢᠯᠯᠠᠭᠠᠨ ᠪᠠ ᠴᠥᠭᠦᠷᠥᠮ ᠤᠨ ᠣᠷᠣᠨ ᠤ ᠨᠡᠭᠦᠳᠡᠯ ᠠᠷᠠᠳ ᠢ ᠲᠥᠪᠬᠢᠨᠡᠭᠦᠯᠦᠭᠰᠡᠨ ᠵᠡᠷᠭᠡ ᠪᠠᠶᠢᠳᠠᠯ ᠢ ᠲᠤᠬᠠᠢ ᠶᠢᠨ | ᠭᠠᠵᠠᠷ ᠲᠤᠨᠢ ᠣᠶᠢᠯᠠᠭᠠᠪᠠ᠃ | ᠰᠢ ᠶᠢᠨ ᠫᠢᠩ ᠡᠩ ᠲᠡᠷᠢᠭᠦᠨ ᠳᠤ ᠲᠤᠤ ᠴᠠ ᠶᠢᠨ ᠴᠢᠤᠢ ᠱᠸᠦ ᠬᠦᠢᠰᠦ ᠪᠠᠷᠢᠯᠭ᠎ᠠ ᠳᠤ ᠬᠦᠷᠴᠦ᠂ ᠤᠰᠤ ᠲᠠᠲᠠᠬᠤ | ᠬᠠᠭᠠᠯᠲᠠ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠠᠷᠠᠭ᠎ᠠ ᠨᠢ | ᠣᠩᠭᠤᠴᠠᠨ ᠳᠤ ᠰᠠᠭᠤᠵᠤ ᠳ᠋ᠠᠨ ᠵᠢᠶᠠᠩ ᠺᠸᠤ ᠤᠰᠤᠨ ᠴᠥᠭᠦᠷᠥᠮ ᠢ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠦᠬᠦᠢ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠭᠠᠵᠠᠷ ᠲᠤ ᠤᠰᠤᠨ ᠤ ᠦᠯᠢᠭᠡᠷ ᠬᠡᠪ ᠢ | ᠪᠠᠶᠢᠴᠠᠭᠠᠨ ᠦᠵᠡᠪᠡ᠃ ᠰᠢ ᠶᠢᠨ ᠫᠢᠩ᠂ ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠪᠣᠯ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠮᠥᠨ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ | ᠡᠭᠦᠷᠢᠳᠡ ᠠᠰᠢᠭ ᠢ ᠨᠢ ᠬᠦᠷᠲᠡᠬᠦ ᠢᠨᠵᠧᠨᠧᠷᠢᠩ ᠮᠥᠨ᠃ ᠠᠮᠢᠨ ᠰᠤᠳᠠᠰᠤ ᠶᠢ ᠰᠠᠬᠢᠨ ᠬᠠᠮᠠᠭᠠᠯᠠᠬᠤ ᠤᠯᠤᠰ ᠲᠦᠷᠦ ᠶᠢᠨ | ᠦᠨᠳᠦᠷᠴᠡ ᠠᠴᠠ᠂ ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠠᠮᠤᠷ ᠲᠦᠪᠰᠢᠨ᠂ ᠤᠰᠤᠨ ᠤ | ᠬᠠᠩᠭᠠᠯᠭ᠎ᠠ ᠶᠢᠨ ᠠᠮᠤᠷ ᠲᠦᠪᠰᠢᠨ᠂ ᠤᠰᠤᠨ ᠤ ᠴᠢᠨᠠᠷ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ᠃ | ᠤᠰᠤ ᠶᠢ ᠨᠢ ᠤᠤᠭᠤᠪᠠᠯ ᠡᠬᠢ ᠶᠢ ᠨᠢ ᠮᠠᠷᠲᠠᠵᠤ ᠪᠣᠯᠬᠤ ᠥᠬᠡᠶ᠂ ᠴᠥᠭᠦᠷᠥᠮ ᠤᠨ ᠣᠷᠣᠨ ᠢ ᠳᠡᠮᠵᠢᠵᠦ ᠬᠠᠪᠰᠤᠷᠤᠨ | ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠶ᠃ ᠤᠰᠤᠨ ᠤ ᠡᠬᠢ ᠪᠠᠶᠠᠯᠢᠭ ᠤᠨ ᠬᠠᠲᠠᠭᠤ | ᠬᠢᠵᠠᠭᠠᠷᠯᠠᠯ ᠤᠨ ᠲᠦᠷᠢᠮ ᠢ ᠲᠤᠬᠳᠠᠭᠠᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ | ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠳᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠵᠢᠭᠦᠯᠵᠦ᠂ ᠬᠦᠲᠡᠭᠡ ᠠᠵᠦ | ᠠᠬᠤᠢ᠂ ᠠᠵᠤ ᠦᠢᠯᠡᠳᠪᠦᠷᠢ᠂ ᠬᠤᠲᠠ ᠪᠠᠯᠭᠠᠰᠤ ᠵᠡᠷᠭᠡ ᠬᠦᠷᠢᠶᠡᠨ ᠤ ᠤᠰᠤ ᠠᠷᠪᠢᠯᠠᠬᠤ ᠶᠢ ᠶᠡᠭᠡ ᠪᠠᠷ ᠠᠬᠢᠭᠤᠯᠬᠤ | ᠬᠡᠷᠡᠭᠲᠡᠶ᠃ ᠤᠰᠤᠨ ᠤ ᠡᠬᠢ ᠰᠤᠷᠪᠤᠯᠵᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ | ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠪᠣᠯᠭᠠᠵᠤ᠂ ᠬᠠᠲᠠᠭᠤ ᠪᠠᠷᠢᠮᠵᠢᠶ᠎ᠠ ᠲᠣᠭᠲᠠᠭᠠᠵᠤ᠂ ᠡᠯ᠎ᠡ ᠵᠦᠢᠯ ᠤᠨ | ᠠᠵᠢᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠡᠨᠡ ᠬᠦ ᠴᠥᠭᠦᠷᠥᠮ ᠤᠨ ᠤᠰᠤ ᠶᠢ ᠰᠠᠶᠢᠲᠤᠷ ᠬᠠᠮᠠᠭᠠᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠴᠢᠦᠢ ᠱᠸᠦ ᠶᠢᠨ ᠬᠠᠪᠢ ᠳᠤ ᠪᠠᠶᠢᠷᠢᠯᠠᠭ᠎ᠠ ᠵᠢᠦᠴᠦ᠋ᠩ ᠪᠠᠯᠭᠠᠰᠤᠨ ᠤ ᠽᠧᠦᠵᠤᠸᠠᠩ ᠲᠣᠰᠬᠤᠨ ᠳᠤ 175 ᠡᠷᠦᠬᠡ | 750 ᠬᠥᠮᠦᠨ ᠠᠮᠠ ᠲᠠᠢ᠂ 2011 ᠣᠨ ᠤ 6 ᠰᠠᠷ᠎ᠠ ᠳᠤ ᠡᠮᠦᠨᠡᠳᠡᠬᠢ ᠤᠰᠤ ᠶᠢ ᠤᠮᠠᠷᠠᠰᠢ ᠲᠠᠲᠠᠬᠤ ᠳᠤᠮᠳᠠ | ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠡᠷᠡᠭᠴᠡᠭᠡ ᠠᠴᠠ ᠪᠣᠯᠵᠤ ᠠᠳᠡ ᠨᠡᠭᠦᠵᠦ ᠢᠷᠡᠪᠡ᠃ | ᠰᠢ ᠶᠢᠨ ᠫᠢᠩ ᠡᠮᠦᠨᠡᠳᠡᠬᠢ ᠤᠰᠤ ᠶᠢ ᠤᠮᠠᠷᠠᠰᠢ ᠲᠠᠲᠠᠬᠤ ᠨᠡᠭᠦᠳᠡᠯ ᠠᠷᠠᠳ ᠤᠨ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠪᠡᠯᠡ ᠮᠥᠩᠭᠦ ᠶᠢ ᠠᠰᠢᠠᠠᠯᠠᠠ ᠪᠠᠶᠢᠭᠤᠯᠤᠭᠰᠠᠨ ᠳ᠋ᠠᠨᠵᠢᠶᠠᠩ ᠤᠨ ᠪᠣᠬᠢᠷᠲᠤᠯ ᠦᠭᠡᠢ ᠵᠢᠮᠢᠰ ᠢᠳᠡᠰᠢᠨ | ᠨᠣᠭᠤᠭ᠎ᠠ ᠶᠢᠨ ᠬᠦᠷᠢᠶᠡᠯᠡᠩ ᠤᠨ ᠰᠠᠭᠤᠷᠢᠨ ᠳᠤ ᠬᠦᠷᠴᠦ᠂ ᠲᠣᠰᠢᠯᠤᠭ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ | ᠦᠵᠡᠵᠦ᠂ ᠨᠡᠭᠦᠳᠡᠯ ᠠᠷᠠᠳ ᠤᠨ ᠠᠵᠢᠯ ᠣᠯᠭᠤᠯᠲᠠ᠂ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠢ ᠨᠠᠷᠢᠨ ᠣᠶᠢᠯᠠᠭᠠᠪᠠ᠃ | ᠪᠥᠬᠦ ᠲᠣᠰᠬᠤᠨ ᠤ 300 ᠭᠠᠷᠤᠶ ᠬᠥᠮᠦᠨ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠡᠷᠭᠢᠯᠡᠵᠦ᠂ ᠬᠥᠮᠦᠨ | ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ 2000 ᠲᠥᠭᠦᠷᠢᠭ ᠠᠴᠠ ᠳᠡᠭᠡᠭᠰᠢ ᠪᠠᠶᠢᠬᠤ ᠶᠢ ᠰᠣᠨᠣᠰᠤᠭᠠᠳ ᠰᠢ ᠶᠢᠨ ᠫᠢᠩ | ᠮᠠᠰᠢ ᠪᠠᠶᠠᠷᠯᠠᠪᠠ᠃ ᠲᠡᠷᠡ᠂ ᠨᠡᠭᠦᠳᠡᠯ ᠠᠷᠠᠳ ᠢ ᠲᠥᠪᠬᠢᠨᠡᠭᠦᠯᠦᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶ᠎ᠠ ᠲᠠᠷᠢᠵᠤ ᠲᠠᠷᠢᠶᠠᠨ | ᠠᠵᠢᠯ ᠬᠢᠬᠦ᠂ ᠭᠠᠳᠠᠭᠰᠢ ᠭᠠᠷᠴᠤ ᠬᠥᠯᠥᠰᠥᠨ ᠠᠵᠢᠯ ᠬᠢᠬᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠦᠭᠵᠢᠬᠦᠯᠬᠦ ᠶᠢ | ᠵᠡᠷᠭᠡ ᠪᠠᠷ ᠠᠳᠬᠤᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠰᠢᠯᠤᠭᠤᠳᠬᠠᠵᠤ᠂ ᠨᠡᠭᠦᠵᠦ ᠭᠠᠷᠤᠭᠰᠠᠨ ᠤᠯᠠᠨ ᠲᠦᠮᠡᠨ ᠢ ᠲᠣᠭᠲᠠᠪᠤᠷᠢᠵᠢᠭᠤᠯᠵᠤ ᠳᠡᠶᠢᠯᠬᠦ᠂ ᠬᠥᠭᠵᠢᠭᠦᠯᠵᠦ ᠳᠡᠶᠢᠯᠬᠦ᠂ | ᠪᠠᠶᠠᠵᠢᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠠᠷᠠᠭ᠎ᠠ ᠨᠢ᠂ ᠰᠢ ᠶᠢᠨ ᠫᠢᠩ | ᠶᠠᠪᠠᠭᠠᠨ ᠢᠶᠠᠷ ᠲᠣᠰᠬᠤᠨ ᠤ ᠳᠦᠷᠰᠦ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠨᠡᠭᠦᠳᠡᠯ ᠠᠷᠠᠳ ᠽᠸᠤ ᠰᠢᠨ ᠽᠧᠩ ᠤᠨ | ᠭᠡᠷ ᠲᠤ ᠬᠦᠷᠴᠦ᠂ ᠨᠢᠭᠡ ᠭᠡᠷ ᠤᠨ ᠭᠤᠷᠪᠠᠨ ᠦᠶ᠎ᠡ ᠶᠢᠨ ᠬᠢᠨ ᠲᠠᠢ ᠬᠠᠮᠳᠤ ᠰᠠᠭᠤᠯᠴᠠᠨ ᠵᠣᠭᠤᠭᠳᠠᠪᠠ᠃ ᠽᠸᠤ ᠰᠢᠨ | ᠽᠧᠩ ᠶᠡᠷᠦᠩᠬᠡᠢ ᠱᠦᠵᠢ ᠳᠤ᠂ ᠠᠳᠡ ᠨᠡᠭᠦᠵᠦ ᠢᠷᠡᠭᠰᠡᠨ ᠤ ᠲᠠᠷᠠᠭ᠎ᠠ᠂ ᠲᠠᠷᠢᠶ᠎ᠠ ᠲᠠᠷᠢᠬᠤ ᠠᠴᠠ ᠭᠠᠳᠠᠨ᠎ᠠ ᠪᠠᠰᠠ ᠲᠣᠰᠬᠤᠨ | ᠪᠠᠯᠭᠠᠰᠤ ᠶᠢᠨ ᠢᠶᠠᠨ ᠣᠶᠢᠷᠠᠯᠴᠠᠭ᠎ᠠ ᠬᠥᠯᠥᠰᠥᠨ ᠠᠵᠢᠯ ᠬᠢᠵᠦ᠂ ᠣᠷᠣᠨ ᠰᠠᠭᠤᠴᠠ᠂ ᠡᠮ ᠡᠮᠨᠡᠯᠭᠡ᠂ ᠬᠡᠦᠬᠡᠳ | ᠰᠤᠷᠭᠠᠭᠤᠯᠢ ᠳᠤ ᠰᠠᠭᠤᠬᠤ ᠳᠤ ᠴᠤ ᠪᠠᠲᠤᠯᠠᠭ᠎ᠠ ᠲᠠᠢ ᠪᠣᠯᠵᠠᠢ ᠭᠡᠵᠦ ᠭᠡᠯᠡᠪᠡ᠃ ᠰᠢ ᠶᠢᠨ ᠫᠢᠩ᠂ ᠠᠷᠠᠳ ᠲᠦᠮᠡᠨ ᠪᠣᠯ | ᠲᠦᠷᠦ ᠭᠦᠷᠦᠨ ᠮᠥᠨ᠂ ᠡᠪ ᠬᠠᠮᠲᠤ ᠨᠠᠮ ᠲᠦᠷᠦ ᠬᠦᠷᠦᠨ ᠢ ᠴᠤᠭᠴᠠᠯᠠᠵᠦ᠂ ᠲᠦᠷᠦ ᠬᠦᠷᠦᠨ ᠢᠶᠠᠨ ᠰᠠᠬᠢᠵᠦ ᠪᠠᠶᠢᠭ᠎ᠠ ᠨᠢ | ᠠᠷᠠᠳ ᠲᠦᠮᠡᠨ ᠤ ᠰᠡᠳᠬᠢᠯ ᠢ ᠰᠠᠬᠢᠵᠤ᠂ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠃ | ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠪᠣᠯ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠦᠭᠰᠡᠨ ᠲᠡᠦᠬᠡ | ᠮᠥᠨ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠪᠣᠯᠤᠨ ᠨᠠᠮ ᠤᠨ ᠭᠡᠰᠢᠭᠦᠨ | ᠺᠠᠳ᠋ᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠣᠰᠬᠤᠨ ᠤ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ ᠭᠡᠵᠦ ᠵᠢᠭᠠᠵᠦ | ᠭᠠᠷᠭᠠᠪᠠ᠃ ᠲᠣᠰᠬᠤᠨ ᠠᠴᠠ ᠰᠠᠯᠬᠤ ᠦᠶ᠎ᠡ ᠳᠤ᠂ ᠲᠣᠰᠬᠤᠨ ᠤ ᠠᠷᠠᠳ ᠵᠠᠮ ᠤᠨ ᠬᠠᠵᠠᠭᠤ ᠳᠤ ᠴᠤᠬᠯᠠᠷᠠᠨ ᠶᠡᠷᠦᠩᠬᠡᠢ | ᠱᠦᠵᠢ ᠲᠠᠢ ᠰᠠᠯᠬᠤ ᠶᠣᠰᠣ ᠭᠦᠢᠴᠡᠳᠬᠡᠪᠡ᠃ ᠰᠢ ᠶᠢᠨ ᠫᠢᠩ ᠡᠮᠦᠨᠡᠳᠡᠬᠢ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ | ᠲᠥᠯᠥᠭᠡ ᠬᠦᠴᠦ ᠬᠥᠯᠥᠰᠥ ᠪᠠᠨ ᠤᠷᠤᠰᠬᠠᠭᠰᠠᠨ ᠪᠦᠳᠦᠬᠡᠨ ᠪᠠᠶᠢᠭᠤᠯᠤᠭᠴᠢ ᠪᠣᠯᠤᠨ ᠠᠵᠢᠯᠯᠠᠭᠠᠨ ᠤ ᠬᠠᠮᠢᠶᠠᠷᠤᠯᠲᠠ ᠶᠢᠨ | ᠠᠵᠢᠯᠳᠠᠨ ᠳᠤ᠂ ︽ᠲᠤᠩᠭᠠᠯᠠᠭ ᠤᠰᠤ ᠶᠢ ᠤᠮᠠᠷᠠᠰᠢ ᠲᠠᠲᠠᠬᠤ︾ ᠢᠨᠵᠧᠨᠧᠷᠢᠩ ᠳᠤ ᠬᠠᠷᠠᠮ ᠦᠬᠡᠢ ᠬᠤᠪᠢ ᠨᠡᠮᠡᠷᠢ | ᠦᠵᠡᠭᠦᠯᠦᠭᠰᠡᠨ ᠨᠡᠭᠦᠳᠡᠯ ᠠᠷᠠᠳ ᠲᠤ ᠴᠢᠩ ᠰᠡᠳᠬᠢᠯ ᠤᠨ ᠲᠠᠯᠠᠷᠬᠠᠯ ᠪᠣᠯᠤᠨ ᠮᠡᠨᠳᠦᠴᠢᠯᠡᠯ ᠳᠡᠪᠰᠢᠭᠦᠯᠪᠡ᠃ ᠲᠡᠷᠡ | ᠨᠤᠲᠤᠭ ᠤᠨ ᠠᠬ᠎ᠠ ᠳᠡᠭᠦᠦ ᠨᠡᠷ ᠤᠨ ᠠᠮᠢᠳᠤᠷᠠᠯ ᠶᠠᠪᠤᠬᠤ ᠲᠤᠳᠤᠮ ᠰᠠᠶᠢᠵᠢᠷᠠᠵᠦ᠂ ᠡᠳᠦᠷ ᠠᠴᠠ ᠡᠳᠦᠷ ᠥᠭᠡᠳᠡᠯᠡᠬᠦ | ᠪᠤᠯᠳᠤᠭᠠᠢ ᠭᠡᠵᠦ ᠬᠦᠰᠡᠨ ᠵᠥᠩᠨᠡᠪᠡ᠃ | ᠰᠢ ᠶᠢᠨ ᠫᠢᠩ ᠵᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠢ ᠮᠠᠰᠢ ᠬᠠᠯᠠᠮᠵᠢᠯᠠᠵᠤ᠂ ᠴᠢᠤᠢ ᠱᠸᠤ ᠳᠤ | ᠬᠦᠷᠴᠦ ᠰᠢᠨᠵᠢᠯᠡᠨ ᠪᠠᠶᠢᠴᠠᠭᠠᠬᠤ ᠵᠠᠮ ᠭᠤᠲᠤᠰ ᠲᠠᠭᠠᠨ ᠲᠡᠷᠭᠡᠨ ᠠᠴᠠ ᠪᠠᠨ ᠪᠠᠭᠤᠵᠤ᠂ ᠪᠤᠭᠤᠳᠠᠢ ᠶᠢᠨ ᠲᠠᠷᠢᠶᠠᠨ ᠳᠤ | ᠣᠷᠣᠵᠤ ᠪᠤᠭᠤᠳᠠᠢ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠡᠯᠪᠡᠭ ᠬᠤᠷᠢᠶᠠᠯᠲᠠ ᠤᠯᠬᠤ ᠡᠷᠡᠮᠡᠯᠵᠡᠯ ᠲᠠᠢ | ᠪᠠᠶᠢᠬᠤ ᠶᠢ ᠬᠠᠷᠠᠭᠠᠳ ᠰᠢ ᠶᠢᠨ ᠫᠢᠩ᠂ ᠵᠤᠨ ᠤ ᠠᠮᠤ ᠪᠤᠳᠠᠭ᠎ᠠ ᠡᠯᠪᠡᠭ ᠬᠤᠷᠢᠶᠠᠯᠲᠠ ᠣᠯᠪᠠᠯ᠂ ᠪᠦᠬᠦ ᠵᠢᠯ ᠤᠨ ᠠᠵᠤ | ᠠᠬᠤᠢ ᠪᠠᠳᠤᠯᠠᠭ᠎ᠠ ᠲᠠᠢ ᠪᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠡᠷᠬᠡᠪᠰᠢ ᠲᠠᠷᠢᠶᠠᠠ ᠦᠷ᠎ᠡ ᠶᠢ | ᠰᠠᠶᠢᠳᠤᠷ ᠴᠢᠬᠤᠯᠠᠴᠢᠯᠠᠬᠤ ᠬᠡᠷᠡᠭᠲᠡᠶ᠃ ᠬᠦᠲᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠠᠷᠢᠮᠲᠠᠯᠠᠵᠤ᠂ ᠲᠠᠷᠢᠶᠠᠠ ᠦᠷ᠎ᠡ ᠶᠢ ᠰᠠᠶᠢᠲᠤᠷ ᠪᠤᠶᠢᠵᠢᠭᠤᠯᠬᠤ ᠠᠴᠠ | ᠡᠬᠢᠯᠡᠨ ᠬᠢᠵᠦ᠂ ᠰᠠᠶᠢᠨ ᠲᠠᠷᠢᠶᠠᠠ ᠦᠷ᠎ᠡ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠳᠤᠮᠳᠠᠳᠤ | ᠤᠯᠤᠰ ᠤᠨ ᠲᠠᠷᠢᠶᠠᠠ ᠦᠷ᠎ᠡ ᠳᠤ ᠲᠦᠰᠢᠭᠯᠡᠨ ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠬᠡᠷᠡᠭᠲᠡᠢ ᠭᠡᠵᠦ ᠵᠢᠭᠠᠵᠦ ᠭᠠᠷᠭᠠᠪᠠ᠃ | 12 ᠤᠨ ᠡᠳᠦᠷ᠂ ᠰᠢ ᠶᠢᠨ ᠫᠢᠩ ᠪᠠᠰᠠ ᠨᠠᠨᠶᠠᠩ ᠬᠤᠲᠠ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠬᠠᠶ | ᠪᠠᠶᠢᠴᠠᠭᠠᠨ ᠰᠤᠳᠤᠯᠪᠠ᠃ ᠲᠡᠷᠡ ᠡᠩ ᠲᠡᠷᠢᠭᠦᠨ ᠳᠤ ᠵᠡᠭᠦᠨ ᠬᠠᠨ ᠤᠯᠤᠰ ᠤᠨ ᠠᠨᠠᠭᠠᠬᠤ ᠤᠬᠠᠭᠠᠨᠲᠠᠨ ᠵᠠᠩ ᠵᠥᠩ | ᠵᠢᠩ ᠤᠨ ᠪᠤᠩᠬᠤᠠ ᠤ ᠳᠤᠷᠠᠰᠬᠠᠯ ᠤᠨ ᠭᠠᠵᠠᠷ ᠤᠨ ᠡᠮ ᠤᠨ ᠪᠤᠬᠳᠠ ᠶᠢᠨ ᠰᠦᠮ᠎ᠡ ᠳᠤ ᠬᠦᠷᠴᠦ᠂ ᠵᠠᠩ ᠵᠥᠩ ᠵᠢᠩ ᠤᠨ | ᠨᠢᠭᠡ ᠨᠠᠰᠤᠨ ᠤ ᠦᠢᠯᠡ ᠶᠠᠪᠤᠲᠠᠯ ᠪᠤᠯᠤᠠ ᠬᠢᠲᠠᠳ ᠡᠮ ᠡᠮᠨᠡᠯᠭᠡ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ | ᠣᠶᠢᠯᠠᠭᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠵᠠᠰᠠᠬᠤ ᠳᠤᠮᠳᠠ ᠬᠢᠲᠠᠳ ᠡᠮ | ᠡᠮᠨᠡᠯᠭᠡ ᠶᠢᠨ ᠦᠵᠡᠭᠦᠯᠦᠭᠰᠡᠨ ᠦᠢᠯᠡᠳᠦᠯ ᠵᠢᠴᠢ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠭᠰᠡᠨ ᠪᠠᠶᠢᠳᠠᠯ ᠢ ᠣᠶᠢᠯᠠᠭᠠᠪᠠ᠃ ᠲᠡᠷᠡ᠂ ᠬᠢᠲᠠᠳ ᠡᠮ ᠡᠮᠨᠡᠯᠭᠡ ᠶᠢᠨ ᠤᠬᠠᠭᠠᠨ ᠳᠤ ᠳᠤᠮᠳᠠᠳᠤ ᠶᠢᠨ | ᠦᠨᠳᠦᠰᠦᠲᠡᠨ ᠤ ᠬᠡᠳᠦᠨ ᠮᠢᠩᠭᠠᠨ ᠵᠢᠯ ᠤᠨ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠣᠶᠢᠯᠠᠭᠠᠭᠳᠠᠬᠤᠨ ᠵᠢᠴᠢ | ᠦᠢᠯᠡᠳᠦᠯᠭᠡ ᠶᠢᠨ ᠲᠤᠷᠰᠢᠯᠭ᠎ᠠ ᠠᠭᠤᠯᠤᠭᠳᠠᠵᠤ ᠪᠠᠶᠢᠨ᠎ᠠ᠂ ᠡᠨᠡ ᠪᠤᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠡᠭᠦᠳᠦᠯᠲᠡ ᠪᠠ ᠳᠤᠮᠳᠠᠳᠤ ᠤᠯᠤᠰ ᠤᠨ ᠡᠷᠲᠡᠨ ᠤ ᠰᠢᠨᠵᠢᠯᠡᠬᠦ ᠤᠬᠠᠭᠠᠨ ᠤ ᠦᠨᠡᠲᠦ ᠡᠷᠳᠡᠨᠢ ᠮᠦᠨ᠃ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ᠂ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠬᠢᠲᠠᠳ ᠡᠮ | ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠠ ᠰᠢᠨ᠎ᠡ ᠡᠭᠦᠳᠦᠯᠲᠡ ᠶᠢ ᠢᠳᠡᠪᠬᠢᠲᠡᠢ ᠠᠬᠢᠭᠤᠯᠵᠤ᠂ ᠤᠳᠤ | ᠦᠶ᠎ᠡ ᠶᠢᠨ ᠰᠢᠨᠵᠢᠯᠡᠬᠦ ᠤᠬᠠᠭᠠᠨ ᠢᠶᠠᠷ ᠬᠢᠲᠠᠳ ᠡᠮ ᠡᠮᠨᠡᠯᠭᠡ ᠶᠢᠨ ᠤᠬᠠᠭᠠᠨ ᠤ ᠤᠭ ᠶᠣᠰᠣ ᠶᠢ ᠲᠠᠶᠢᠯᠪᠤᠷᠢᠯᠠᠬᠤ ᠶᠢ | ᠴᠢᠬᠤᠯᠠᠴᠢᠯᠠᠵᠤ᠂ ᠤᠯᠠᠮᠵᠢᠯᠠᠯᠲᠤ ᠬᠢᠲᠠᠳ ᠡᠮ ᠡᠮᠨᠡᠯᠭᠡ ᠪᠠ ᠤᠳᠤ ᠦᠶ᠎ᠡ ᠶᠢᠨ ᠰᠢᠨᠵᠢᠯᠡᠬᠦ ᠤᠬᠠᠭᠠᠨ ᠢ ᠤᠶᠠᠯᠳᠤᠭᠤᠯᠤᠨ᠂ | ᠬᠠᠷᠢᠯᠴᠠᠨ ᠠᠬᠢᠭᠤᠯᠵᠤ᠂ ᠬᠢᠲᠠᠳ ᠧᠦ᠋ᠷᠣᠫᠠ ᠡᠮ ᠡᠮᠨᠡᠯᠭᠡ ᠶᠢᠨ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠢ ᠪᠠᠷ | ᠬᠥᠭᠵᠢᠬᠦ ᠶᠢ ᠠᠬᠢᠭᠤᠯᠵᠤ᠂ ᠠᠷᠠᠳ ᠤᠯᠠᠨ ᠳᠤ ᠨᠡᠩ ᠴᠢᠨᠠᠷ ᠰᠠᠶᠢᠲᠠᠢ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠡᠮ ᠤᠨ ᠪᠤᠬᠳᠠ ᠶᠢᠨ ᠰᠦᠮ᠎ᠡ ᠠᠴᠠ ᠰᠠᠯᠤᠭᠠᠳ᠂ ᠰᠢ ᠶᠢᠨ ᠫᠢᠩ ᠨᠠᠨᠶᠠᠩ ᠤᠨ ᠰᠠᠷᠠᠨᠠᠢ ᠴᠡᠴᠡᠭ ᠤᠨ | ᠦᠵᠡᠰᠬᠦᠯᠡᠩ ᠤᠨ ᠬᠦᠷᠢᠶᠡᠯᠡᠩ ᠳᠤ ᠬᠦᠷᠴᠦ᠂ ᠲᠤᠬᠠᠢ ᠶᠢᠨ ᠭᠠᠵᠠᠷ ᠤᠨ ᠰᠠᠷᠠᠨᠠᠢ ᠴᠡᠴᠡᠭ ᠤᠨ ᠠᠵᠤ ᠦᠢᠯᠡᠰ ᠤᠨ | ᠬᠥᠭᠵᠢᠯᠲᠡ ᠪᠣᠯᠤᠨ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠳᠠᠯ ᠤᠨ ᠲᠤᠬᠠᠢ | ᠲᠠᠨᠢᠯᠴᠠᠭᠤᠯᠭ᠎ᠠ ᠶᠢ ᠰᠣᠨᠣᠰᠴᠤ᠂ ᠮᠠᠰᠢᠨ ᠲᠡᠷᠭᠡᠨ ᠳᠤ ᠰᠠᠭᠤᠵᠤ ᠦᠵᠡᠰᠬᠦᠯᠡᠩ ᠤᠨ ᠬᠦᠷᠢᠶᠡᠯᠡᠩ ᠤᠨ ᠲᠦᠷᠰᠦ ᠪᠠᠶᠢᠳᠠᠯ ᠢ | ᠪᠠᠶᠢᠴᠠᠭᠠᠨ ᠦᠵᠡᠪᠡ᠃ ᠵᠢᠭᠤᠯᠴᠢᠯᠠᠭᠰᠡᠳ ᠶᠡᠷᠦᠩᠬᠡᠶ ᠱᠦᠵᠢ ᠲᠠᠢ ᠮᠡᠨᠳᠦᠴᠢᠯᠡᠵᠦ ᠪᠠᠶᠢᠯ᠎ᠠ᠃ ᠰᠢ ᠶᠢᠨ ᠫᠢᠩ᠂ ᠣᠷᠣᠨ | ᠨᠤᠲᠤᠭ ᠤᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ᠲᠤᠰ | ᠭᠠᠵᠠᠷ ᠤᠨ ᠳᠠᠪᠠᠭᠤᠯᠢᠭ ᠡᠬᠢ ᠪᠠᠶᠠᠯᠢᠭ ᠢ ᠠᠭᠤᠳᠠᠯᠤᠨ ᠠᠰᠢᠠᠠᠯᠠᠬᠤ ᠳᠠᠭᠠᠨ ᠴᠢᠳᠠᠮᠠᠭᠠᠢ ᠪᠠᠶᠢᠵᠤ᠂ ᠣᠷᠣᠨ ᠨᠤᠲᠤᠭ ᠤᠨ | ᠰᠢᠯᠢᠳᠡᠭ ᠡᠭᠦᠯᠳᠡᠷ ᠤᠨ ᠬᠠᠮᠠᠭᠠᠯᠠᠯᠲᠠ ᠶᠢ ᠴᠢᠩᠭᠠᠳᠬᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ | ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠰᠣᠶᠣᠯ ᠤᠨ ᠡᠨᠡ ᠬᠦ ᠶᠡᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃ | | ᠲᠠᠷᠠᠭ᠎ᠠ ᠨᠢ᠂ ᠰᠢ ᠶᠢᠨ ᠫᠢᠩ ᠨᠠᠨᠶᠠᠩ ᠤᠨ ᠶᠤᠤ ᠢ ᠪᠦᠦ ᠰᠤᠶᠢᠬ᠎ᠠ ᠡᠪᠡᠰᠦᠨ ᠤ ᠪᠦᠲᠦᠭᠡᠭᠳᠡᠬᠦᠨ ᠤ ᠬᠢᠵᠠᠭᠠᠷᠲᠤ | ᠺᠣᠮᠫᠠᠨᠢ ᠳᠤ ᠬᠦᠷᠴᠦ᠂ ᠦᠢᠯᠡᠳᠪᠦᠷᠢ ᠶᠢᠨ ᠲᠠᠰᠤᠭ ᠪᠣᠯᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ | ᠠᠬᠤᠶᠢᠯᠠᠯ ᠤᠨ ᠡᠵᠡᠩᠨᠡᠭᠴᠢ ᠪᠣᠯᠤᠨ ᠠᠵᠢᠯᠳᠠᠨ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠰᠤᠶᠢᠬ᠎ᠠ ᠡᠪᠡᠰᠦ ᠪᠣᠯ | ᠬᠤᠪᠣᠷ ᠨᠠᠨᠳᠢᠨ ᠬᠢᠲᠠᠳ ᠡᠮ ᠤᠨ ᠮᠠᠲ᠋ᠧᠷᠢᠶᠠᠯ ᠮᠥᠨ᠂ ᠰᠤᠶᠢᠬ᠎ᠠ ᠡᠪᠡᠰᠦ ᠶᠢᠨ ᠪᠦᠲᠦᠭᠡᠭᠳᠡᠬᠦᠨ ᠢ ᠬᠦᠭᠵᠢᠭᠦᠯᠬᠦ ᠳᠤ | ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠴᠤ ᠪᠣᠯᠬᠤ ᠪᠥᠭᠡᠳ ᠪᠠᠰᠠ ᠭᠡᠷ ᠤᠨ ᠢᠶᠠᠨ ᠤᠢᠢᠷᠠᠯᠴᠠᠭ᠎ᠠ ᠠᠵᠢᠯ ᠣᠯᠬᠤ | ᠠᠰᠠᠭᠤᠲᠠᠯ ᠢ ᠰᠢᠢᠳᠪᠦᠷᠢᠯᠡᠵᠦ ᠪᠣᠯᠤᠨ᠎ᠠ᠃ ᠪᠢᠳᠠ ᠨᠢᠭᠡ ᠲᠠᠯ᠎ᠠ ᠪᠠᠷ ᠮᠡᠷᠭᠡᠵᠢᠯ ᠲᠦᠪᠯᠡᠷᠡᠭᠰᠡᠡ ᠬᠡᠯᠪᠡᠷᠢ ᠶᠢᠨ ᠠᠵᠤ | ᠦᠢᠯᠡᠰ ᠢ ᠬᠥᠭᠵᠢᠭᠦᠯᠵᠦ᠂ ᠨᠦᠬᠦᠭᠡ ᠲᠠᠯ᠎ᠠ ᠪᠠᠷ ᠪᠠᠰᠠ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠬᠥᠳᠡᠯᠮᠦᠷᠢ | ᠬᠦᠴᠦ ᠲᠦᠪᠯᠡᠷᠡᠭᠰᠡᠡ ᠬᠡᠯᠪᠡᠷᠢ ᠶᠢᠨ ᠠᠵᠤ ᠦᠢᠯᠡᠰ ᠢ ᠬᠥᠭᠵᠢᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠪᠠ ᠦᠷᠳᠡᠭ | ᠨᠡᠮᠡᠭᠳᠡᠯ ᠤᠨ ᠠᠰᠢᠭ ᠣᠯᠵᠠᠪᠤᠷᠢ ᠶᠢ ᠲᠠᠷᠢᠶᠠᠴᠢᠳ ᠲᠤ ᠨᠡᠩ ᠢᠯᠡᠭᠦᠦ ᠦᠯᠡᠳᠡᠭᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ | ᠃ | ᠳ᠋ᠢᠩ ᠰᠢᠤᠸᠠᠢ ᠰᠢᠶᠠᠩ᠂ ᠬᠤ᠋ ᠴᠦᠨ ᠬᠤᠸᠠ᠂ ᠡᡁᠧ ᠯᠢ ᠹᠧᠩ ᠨᠠᠷ ᠪᠠᠷ᠎ᠠ ᠪᠤᠯᠵᠤ ᠰᠢᠨᠵᠢᠯᠡᠨ ᠪᠠᠶᠢᠴᠠᠭᠠᠭᠰᠠᠨ | ᠪᠥᠭᠡᠳ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠮᠤᠵᠢ ᠬᠤᠳᠠ ᠶᠢᠨ ᠬᠠᠷᠢᠭᠤᠴᠠᠯᠭᠠᠲᠠᠨ | ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃ | |