2021ᠤᠨ ᠤ ᠨᠢᠭᠡᠳᠦᠭᠡᠷ ᠬᠤᠭᠤᠴᠠᠭ᠎ᠠ
ᠨᠡᠶᠢᠲᠡᠯᠡᠭᠰᠡᠨ ᠴᠠᠭ᠄
2021/6/29
  ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ ( 1 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ )   1 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠬᠤᠲᠠ ᠶᠢᠨ ᠲᠣᠭᠤᠷᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ  ᠃ ᠰᠢᠶᠠᠨ ᠤ ᠤᠳᠤᠷᠢᠳᠤᠯᠭ᠎ᠠ ᠯᠢᠦ ᡁᠢ ᠹᠧᠩ᠂ ᠹᠧᠩ ᠵᠢᠶᠠᠨ ᠵᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃   1 ᠰᠠᠷ᠎ᠠ ᠶᠢᠨ 5 ᠠᠴᠠ 6 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ  ᠴᠢ᠊᠂ ᠪᠠᠲᠦ ᠲᠦᠴᠢᠦᠸᠠᠨ ᠰᠢᠶᠠᠨ ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ  ᠃ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠠᠷᠤᠭ᠎ᠠ ᠶᠠᠩ ᠵᠢᠶ ᠫᠧᠩ᠂ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠯᠢᠦ ᠬᠠᠶ ᠲᠤᠤ᠂ ᠠᠶᠢᠮᠠᠭ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠹᠦ᠋ ᠬᠦᠶ᠂ ᠰᠢᠶᠠᠨ ᠤ ᠤᠳᠤᠷᠢᠳᠤᠯᠭ᠎ᠠ ᠴᠢᠦᠶ ᠵᠧᠨ ᠨᠢᠶᠠᠨ᠂ ᠭᠧᠩ ᠲᠢᠶᠠᠨ ᠯᠢᠶᠠᠩ᠂ ᠭᠤᠸᠠᠨ ᠯᠢ ᠴᠦᠨ᠂ ᠯᠢᠦ ᡁᠢ ᠹᠧᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃   1 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠭᠤᠤᠯᠳᠠᠯᠭ᠎ᠠ ᠲᠠᠢ ᠵᠦᠶᠯᠡᠰ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠭᠤᠤᠯᠳᠠᠯᠭ᠎ᠠ ᠲᠠᠢ ᠵᠦᠶᠯᠡᠰ ᠤᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠴᠤ᠂ ᠣᠳᠣᠬᠠᠨ ᠤ ᠪᠠ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ  ᠃ ᠰᠢᠶᠠᠨ ᠤ ᠤᠳᠤᠷᠢᠳᠤᠯᠭ᠎ᠠ ᠸᠠᠩ ᠶᠠᠨ ᠪᠥᠸᠧ᠂ ᠯᠢᠦ ᡁᠢ ᠹᠧᠩ᠂ ᠵᠢᠶᠠ ᠭᠦᠸᠧ ᠬᠠᠢ᠂ ᠯᠢ ᠳ᠋ᠧ ᠯᠢᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃   1 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠰᠢᠶᠠᠨ ᠤ ᠳᠣᠲᠣᠷᠠᠬᠢ ᠬᠡᠰᠡᠭ ᠬᠤᠳᠠᠯᠳᠤᠭᠠᠨ ᠤ ᠲᠠᠯᠠᠪᠤᠷ᠂ ᠪᠠᠷᠠᠭᠠᠨ ᠤ ᠭᠦᠶᠯᠭᠡᠭᠡᠨ ᠤ ᠺᠣᠮᠫᠠᠨᠢ᠂ ᠲᠡᠷᠭᠡᠨ ᠥᠷᠲᠡᠭᠡ᠂ ᠠᠵᠤ ᠠᠬᠤᠶᠢᠯᠠᠯ ᠳᠤ ᠭᠦᠨᠵᠡᠭᠡᠶᠢᠷᠡᠨ᠂ ᠠᠶᠤᠯᠭᠦᠶ ᠦᠶᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ  ᠃ ᠰᠢᠶᠠᠨ ᠤ ᠤᠳᠤᠷᠢᠳᠤᠯᠭ᠎ᠠ  ᠪᠣᠤ ᠬᠥᠭᠵᠢᠯᠲᠦ᠂ ᠸᠠᠩ ᠶᠠᠨ ᠪᠥᠸᠧ᠂ ᠯᠢᠦ ᡁᠢ ᠹᠧᠩ᠂ ᠵᠢᠶᠠ ᠭᠦᠸᠧ ᠬᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃   1 ᠰᠠᠷ᠎ᠠ ᠶᠢᠨ 11 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠧᠩ ᠲᠢᠶᠠᠨ ᠯᠢᠶᠠᠩ ᠶᠦᠩ ᠠᠨ ᠪᠠᠯᠭᠠᠰᠤᠨ ᠤ ᠶᠦᠩ ᠠᠨ ᠲᠣᠰᠬᠤᠨ᠂ ᠪᠦ᠋ᠦ ᠱᠢ ᠪᠠᠯᠭᠠᠰᠤᠨ  ᠤ ᠪᠦ᠋ᠦ ᠹᠠᠨ ᠲᠣᠰᠬᠤᠨ᠂ ᠪᠦ᠋ᠦ ᠱᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠠᠵᠠᠷ ᠲᠤ ᠭᠦᠨᠵᠡᠭᠡᠶᠢᠷᠡᠨ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠱᠠᠯᠠᠪᠳᠠᠭᠤᠯᠤᠨ ᠵᠢᠯᠣᠭᠤᠳᠴᠤ᠂ ᠪᠠᠯᠭᠠᠰᠤ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 《 ᠳᠥᠷᠪᠡᠨ ᠲᠠᠯ᠎ᠠ 》 ᠶᠢᠨ ᠬᠠᠷᠢᠭᠤᠴᠠᠯᠭ᠎ᠠ᠂ 《 ᠲᠠᠪᠤᠨ ᠪᠠᠶᠢᠬᠤ 》 ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠳᠠᠯᠳᠠ ᠬᠡᠮ ᠪᠠᠭᠤᠷᠠᠶ ᠭᠤᠭᠴᠤᠭ᠎ᠠ  ᠶᠢ ᠵᠢᠭᠰᠠᠭᠠᠨ ᠪᠠᠶᠢᠴᠠᠭᠠᠵᠤ᠂ ᠠᠵᠢᠯ ᠤᠨ ᠰᠠᠨᠠᠯ ᠰᠠᠨᠠᠭᠤᠯᠭ᠎ᠠ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠵᠢᠯ  ᠢᠶᠠᠨ ᠲᠣᠬᠢᠷᠠᠭᠤᠯᠤᠨ ᠪᠠᠶᠢᠷᠢᠯᠠᠭᠤᠯᠪᠠ  ᠃ ᠰᠢᠶᠠᠨ ᠤ ᠤᠳᠤᠷᠢᠳᠤᠯᠭ᠎ᠠ ᠸᠠᠩ ᠶᠠᠨ ᠪᠥᠸᠧ᠂ ᠯᠢᠦ ᡁᠢ ᠹᠧᠩ ᠪᠣᠯᠤᠨ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠣᠷᠣᠯᠴᠠᠪᠠ  ᠃    1 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠧᠩ ᠲᠢᠶᠠᠨ ᠯᠢᠶᠠᠩ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 《 ᠲᠣᠤᠷᠵᠢᠭᠤᠯᠤᠭᠰᠠᠨ 》 ᠬᠠᠮᠢᠶᠠᠷᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠲᠠᠷᠠᠭᠠᠴᠢ ᠶᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ  ᠃ ᠰᠢᠶᠠᠨ ᠤ ᠤᠳᠤᠷᠢᠳᠤᠯᠭ᠎ᠠ ᠯᠢᠦ ᡁᠢ ᠹᠧᠩ ᠵᠢᠴᠢ ᠬᠡᠰᠡᠭ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃   1 ᠰᠠᠷ᠎ᠠ ᠶᠢᠨ 14 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠡᠭᠡᠵᠢᠩ ᠳᠤ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ  ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ 《 ᠳᠥᠷᠪᠡᠨ ᠲᠠᠯ᠎ᠠ ᠶᠢᠨ ᠬᠠᠷᠢᠭᠤᠴᠠᠯᠭ᠎ᠠ 》 ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠡᠪᠦᠯ ᠬᠠᠪᠤᠷ ᠤᠨ ᠤᠯᠠᠷᠢᠯ ᠤᠨ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠳᠠᠬᠢᠨ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ  ᠃ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠸᠠᠩ ᠶᠠᠨ ᠪᠥᠸᠧ᠂ ᠯᠢᠦ ᡁᠢ ᠹᠧᠩ᠂ ᠵᠢᠶᠠ ᠭᠦᠸᠧ ᠬᠠᠢ᠂ ᠰᠦᠩ ᠽᠧ ᠬᠠᠢ᠂ ᠯᠢ ᠳ᠋ᠧ ᠯᠢᠶᠠᠩ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠪᠢᠶᠠᠷᠢ ᠬᠤᠷᠠᠯ  ᠤᠨ ᠲᠠᠯᠠᠪᠠᠢ ᠳᠤ ᠬᠤᠷᠠᠯ ᠳᠤ ᠣᠷᠣᠯᠴᠠᠪᠠ  ᠃    1 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠧᠩ ᠲᠢᠶᠠᠨ ᠯᠢᠶᠠᠩ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠪᠣᠯᠤᠨ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃ ᠰᠢᠶᠠᠨ ᠤ ᠤᠳᠤᠷᠢᠳᠤᠯᠭ᠎ᠠ ᠸᠠᠩ ᠶᠠᠨ ᠪᠥᠸᠧ᠂ ᠶᠠᠩ  ᠪᠣᠤ ᠲᠢᠶᠠᠨ᠂ ᠯᠢᠦ ᡁᠢ ᠹᠧᠩ᠂ ᠯᠢ ᠼᠦᠨ ᠴᠢ᠂ ᠹᠧᠩ ᠵᠢᠶᠠᠨ ᠵᠦᠩ᠂ ᠵᠢᠶᠠ ᠭᠦᠸᠧ ᠬᠠᠢ ᠵᠢᠴᠢ ᠡᠯ᠎ᠡ ᠰᠢᠶᠠᠩ ᠪᠠᠯᠭᠠᠰᠤ᠂ ᠰᠢᠶᠠᠨ  ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃   1 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠴᠢᠪᠠᠲᠤ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ  ᠢ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠪᠠᠶᠢᠳᠠᠯ ᠢ ᠮᠡᠳᠡᠭᠳᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ  ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ  ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ  ᠰᠦᠨ ᠳ᠋ᠧ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ  ᠃ ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠵᠤ᠂ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠸᠠᠩ ᠶᠠᠨ ᠪᠥᠸᠧ᠂ ᠶᠠᠩ  ᠪᠣᠤ ᠲᠢᠶᠠᠨ᠂ ᠯᠢᠦ ᡁᠢ ᠹᠧᠩ᠂ ᠯᠢ ᠼᠦᠨ ᠴᠢ᠂ ᠹᠧᠩ ᠵᠢᠶᠠᠨ ᠵᠦᠩ᠂ ᠵᠢᠶᠠ ᠭᠦᠸᠧ ᠬᠠᠢ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠠᠷᠢᠭᠤᠴᠠᠯᠭᠠᠲᠠᠨ ᠨᠥᠬᠦᠳ ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ  ᠃   1 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠧᠩ ᠲᠢᠶᠠᠨ ᠯᠢᠶᠠᠩ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠪᠣᠯᠤᠨ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ 《 ᠳᠥᠷᠪᠡᠨ ᠲᠠᠯ᠎ᠠ 》 ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 《 ᠳᠥᠷᠪᠡᠨ ᠡᠷᠲᠡ 》ᠪᠠᠶᠢᠬᠤ ᠵᠠᠷᠴᠢᠮ ᠢ ᠪᠠᠷᠢᠮᠲᠠᠯᠠᠵᠤ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠡᠪᠦᠯ ᠬᠠᠪᠤᠷ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠬᠢᠪᠠ  ᠃ ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯᠳᠤᠭᠤᠯᠵᠤ᠂ ᠵᠢᠯᠣᠭᠤᠳᠬᠤ ᠭᠠᠵᠠᠷ ᠤᠨ ᠡᠯ᠎ᠡ ᠲᠤᠰᠬᠠᠶ ᠳᠤᠭᠤᠶᠢᠯᠠᠩ ᠤᠨ ᠳᠠᠷᠤᠭ᠎ᠠ᠂ ᠳᠠᠭᠠᠭᠠᠴᠢᠯᠠᠨ ᠬᠤᠯᠪᠣᠭᠠᠯᠠᠬᠤ ᠡᠭᠦᠷᠭᠡ ᠲᠠᠢ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ᠂ ᠰᠢᠶᠠᠨ ᠤ ᠰᠢᠭᠤᠳ ᠬᠠᠷᠢᠶ᠎ᠠ ᠨᠢᠭᠡᠴᠡ᠂ ᠡᠭᠴᠡ ᠬᠠᠮᠢᠶᠠᠷᠬᠤ ᠨᠢᠭᠡᠴᠡ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ  ᠤ ᠱᠦᠵᠢ᠂ ᠡᠯ᠎ᠡ ᠨᠡᠶᠢᠭᠡᠮ ᠲᠣᠭᠤᠷᠢᠭ ᠤᠨ ᠱᠦᠵᠢ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠥᠷᠲᠡᠭᠡ ᠠᠯᠪᠠᠨ ᠬᠡᠷ ᠤᠨ ᠬᠠᠷᠢᠭᠤᠴᠠᠯᠭᠠᠲᠠᠨ᠂ ᠲᠣᠰᠬᠤᠨ ᠤ 《 ᠬᠤᠶᠠᠷ ᠵᠥᠪᠯᠡᠯ 》 ᠤᠨ ᠭᠤᠤᠯ ᠪᠦᠷᠢᠯᠳᠦᠬᠦᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠪᠤᠰᠤᠳ ᠰᠢᠶᠠᠩ ᠪᠠᠯᠭᠠᠰᠤᠨ ᠤ ᠺᠠᠳ᠋ᠷ ᠡᠯ᠎ᠡ ᠰᠢᠶᠠᠩ ᠪᠠᠯᠭᠠᠰᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ  ᠃   1 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠧᠩ ᠲᠢᠶᠠᠨ ᠯᠢᠶᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠥᠬᠦᠶ ᠤᠴᠢᠷ ᠢ ᠲᠤᠰᠬᠠᠶ ᠰᠡᠳᠦᠪ ᠢᠶᠠᠷ ᠰᠤᠳᠤᠯᠪᠠ  ᠃ ᠰᠢᠶᠠᠨ ᠤ ᠤᠳᠤᠷᠢᠳᠤᠯᠭ᠎ᠠ ᠸᠠᠩ ᠶᠠᠨ ᠪᠥᠸᠧ᠂ ᠯᠢᠦ ᡁᠢ ᠹᠧᠩ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃   3 ᠳ᠋ᠤᠭᠠᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠨᠤᠲᠤᠭ ᠪᠡᠯᠴᠢᠭᠡᠷ ᠣᠶ ᠰᠢᠭᠤᠶ ᠶᠢᠨ ᠭᠠᠵᠠᠷ ᠢ ᠡᠪᠳᠡᠵᠦ ᠬᠠᠤᠯᠢ ᠲᠣᠭᠲᠠᠭᠠᠯ  ᠠᠴᠠ ᠵᠥᠷᠢᠴᠡᠭᠰᠡᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠂ ᠴᠢᠬᠤᠯᠠ ᠶᠡᠭᠡ ᠲᠥᠷᠥᠯ ᠵᠦᠶᠯ ᠤᠨ ᠠᠵᠢᠯ  ᠢᠶᠠᠨ ᠡᠬᠢᠯᠡᠭᠦᠯᠵᠦ ᠰᠡᠷᠭᠦᠭᠡᠭᠰᠡᠨ ᠵᠡᠷᠭᠡ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ  ᠃ ᠰᠢᠶᠠᠨ ᠤ ᠤᠳᠤᠷᠢᠳᠤᠯᠭ᠎ᠠ ᠪᠦ᠋ᠦ ᠬᠥᠭᠵᠢᠯᠲᠦ᠂ ᠯᠢᠦ ᡁᠢ ᠹᠧᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    3 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠪᠥᠬᠦ ᠰᠢᠶᠠᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᡁᠢ ᠹᠧᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠤᠩ ᠰᠢᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    3 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ  ᠤ ᠲᠠᠷᠢᠯᠭ᠎ᠠ ᠶᠢᠨ ᠠᠵᠢᠯ ᠪᠠ ᠰᠢᠶᠠᠨ ᠤ ᠣᠷᠣᠰᠢᠭᠤᠯᠭ᠎ᠠ ᠶᠢᠨ ᠭᠠᠵᠠᠷ ᠤᠨ ᠨᠣᠭᠤᠭᠠᠷᠠᠭᠤᠯᠤᠯᠲᠠ ᠶᠢᠨ ᠲᠥᠷᠥᠯ ᠵᠦᠶᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠵᠦᠶᠯ ᠤᠨ ᠠᠵᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠵᠤ᠂ ᠲᠠᠷᠠᠭᠠᠴᠢ  ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃ ᠰᠢᠶᠠᠨ ᠤ ᠤᠳᠤᠷᠢᠳᠤᠯᠭ᠎ᠠ ᠸᠠᠩ ᠶᠠᠨ ᠪᠥᠸᠧ᠂ ᠯᠢᠦ ᡁᠢ ᠹᠧᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    3 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠲᠦᠴᠢᠦᠸᠠᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ  ᠤ ᠭᠤᠴᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ  ᠃ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠯᠢᠦ ᡁᠢ ᠹᠧᠩ᠂ ᠯᠢ ᠳ᠋ᠧ ᠯᠢᠶᠠᠩ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ  ᠃    4 ᠰᠠᠷ᠎ᠠ ᠶᠢᠨ 7 ᠤ ᠡᠳᠦᠷ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ  ᠤ ᠱᠦᠵᠢ ᠯᠢᠦ ᠸᠧᠨ ᠱᠠᠨ 5 ᠬᠥᠮᠦᠨ ᠮᠠᠨ ᠤ ᠰᠢᠶᠠᠨ ᠳᠤ ᠬᠦᠷᠴᠦ ᠡᠪᠡᠳᠴᠢᠨ ᠦᠵᠡᠭᠦᠯᠬᠦ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠠᠮᠲᠤᠷᠠᠨ ᠰᠤᠷᠭᠠᠭᠤᠯᠢ ᠡᠷᠭᠢᠯᠡᠬᠦ᠂ 3 D ᠳᠠᠷᠤᠮᠠᠯᠯᠠᠬᠤ ᠮᠡᠷᠭᠡᠵᠢᠯ ᠤᠨ ᠬᠡᠷᠡᠭᠯᠡᠯᠲᠡ᠂ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠬᠤᠯᠪᠣᠭᠳᠠᠯ ᠪᠥᠬᠦᠶ ᠤᠴᠢᠷ ᠶᠠᠪᠤᠳᠠᠯ ᠢ ᠵᠣᠯᠭᠠᠯᠳᠤᠭᠤᠯᠬᠤ ᠶᠢᠨ ᠬᠠᠮᠲᠤ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭ᠎ᠠ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ  ᠃ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠸᠠᠩ ᠶᠠᠨ ᠪᠥᠸᠧ᠂ ᠯᠢᠦ ᡁᠢ ᠹᠧᠩ᠂ ᠯᠢ ᠼᠦᠨ ᠴᠢ ᠵᠢᠴᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠲᠠᠷᠢᠶᠠᠯᠠᠩ  ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠮᠴᠢᠯᠡᠭᠡᠨ ᠤ ᠪᠦᠯᠦᠭᠯᠡᠯ᠂ ᠬᠢᠲᠠᠳ ᠡᠮᠨᠡᠯᠭᠡ ᠶᠢᠨ ᠬᠤᠷᠢᠶ᠎ᠠ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    4 ᠰᠠᠷ᠎ᠠ ᠶᠢᠨ 7 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠪᠥᠬᠦ ᠰᠢᠶᠠᠨ ᠤ ᠡᠨᠧᠷᠭᠢ ᠶᠢᠨ ᠬᠤᠷᠣᠭᠳᠠᠯ ᠤᠨ 《 ᠬᠤᠶᠠᠷ ᠢ ᠬᠢᠵᠠᠭᠠᠷᠯᠠᠬᠤ 》ᠪᠠ ᠴᠢᠬᠤᠯᠠ ᠶᠡᠭᠡ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠠᠵᠢᠯ ᠤᠨ ᠲᠣᠬᠢᠷᠠᠭᠤᠯᠤᠯᠲᠠ  ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ 《 ᠬᠤᠶᠠᠷ ᠢ ᠬᠢᠵᠠᠭᠠᠷᠯᠠᠬᠤ 》 ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠴᠢᠬᠤᠯᠠ ᠶᠡᠭᠡ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠵᠢᠯ ᠳᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠭᠠᠷᠭᠠᠪᠠ  ᠃ ᠰᠢᠶᠠᠨ ᠤ ᠤᠳᠤᠷᠢᠳᠤᠯᠭ᠎ᠠ ᠪᠦ᠋ᠦ ᠬᠥᠭᠵᠢᠯᠲᠦ᠂ ᠯᠢᠦ ᡁᠢ ᠹᠧᠩ᠂ ᠹᠧᠩ ᠵᠢᠶᠠᠨ ᠵᠦᠩ ᠂ ᠵᠢᠶᠠ ᠭᠦᠸᠧ ᠬᠠᠢ᠂ ᠯᠢ ᠳ᠋ᠧ ᠯᠢᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    4 ᠳ᠋ᠦ᠋ᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠬᠡᠷ ᠤᠨ ᠡᠷᠬᠢᠯᠡᠭᠴᠢ ᠬᠠᠨ ᠶᠦᠨ ᠰᠢᠶᠠᠩ ᠲᠦᠴᠢᠦᠸᠠᠨ ᠰᠢᠶᠠᠨ ᠳᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠬᠡᠷ ᠤᠨ ᠡᠷᠬᠢᠯᠡᠭᠴᠢ ᠹᠸᠢ ᠯᠢ ᠰᠢᠨ᠂ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠶᠠᠩ  ᠪᠣᠤ ᠲᠢᠶᠠᠨ᠂ ᠯᠢᠦ ᡁᠢ ᠹᠧᠩ ᠵᠢᠴᠢ ᠠᠶᠢᠮᠠᠭ ᠰᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃   4 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠯᠢᠦᠶ ᠹᠧᠩ ᠴᠢᠤᠸᠠᠨ ᠠᠯᠠᠰᠢᠨ ᠦᠬᠡᠷ ᠬᠤᠨᠢ  ᠨᠢᠳᠦᠯᠡᠵᠦ ᠪᠣᠯᠪᠠᠰᠤᠷᠠᠭᠤᠯᠬᠤ ᠦᠶᠯᠡᠳᠪᠦᠷᠢ᠂  ᠲᠠᠢ ᠫᠢᠩ ᠰᠢᠶᠠᠩ ᠤᠨ ᠰᠠᠶᠢᠨᠬᠤᠸᠠᠷ ᠲᠣᠰᠬᠤᠨ ᠳᠤ ᠭᠦᠨᠵᠡᠭᠡᠶᠢᠷᠡᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠦᠬᠡᠷ ᠤᠨ ᠠᠵᠤ ᠦᠶᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ 《 ᠮᠠᠯ ᠠᠵᠤ ᠠᠬᠤᠶ ᠪᠠᠷ ᠲᠦᠴᠢᠦᠸᠠᠨ ᠢ ᠳᠠᠬᠢᠨ ᠴᠣᠭᠴᠠᠯᠠᠬᠤ 》 ᠢᠨᠵᠧᠨᠧᠷᠢᠩ  ᠤᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠠᠬᠢᠭᠤᠯᠪᠠ  ᠃ ᠰᠢᠶᠠᠨ ᠤ ᠤᠳᠤᠷᠢᠳᠤᠯᠭ᠎ᠠ ᠯᠢᠦ ᡁᠢ ᠹᠧᠩ᠂ ᠵᠢᠶᠠ ᠭᠦᠸᠧ ᠬᠠᠢ᠂ ᠼᠤᠤ ᠶᠦᠩ ᠰᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃    4 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠪᠥᠬᠦ ᠰᠢᠶᠠᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠵᠢᠷᠤᠮᠵᠢᠭᠤᠯᠤᠨ ᠬᠠᠮᠢᠶᠠᠷᠬᠤ ᠠᠵᠢᠯ  ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠵᠢᠷᠤᠮᠵᠢᠭᠤᠯᠤᠨ ᠬᠠᠮᠢᠶᠠᠷᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ  ᠃ ᠰᠢᠶᠠᠨ ᠤ ᠤᠳᠤᠷᠢᠳᠤᠯᠭ᠎ᠠ ᠭᠤᠸᠠᠨ ᠯᠢ ᠴᠦᠨ᠂  ᠪᠣᠤ ᠬᠥᠭᠵᠢᠯᠲᠦ᠂ ᠯᠢᠦ ᡁᠢ ᠹᠧᠩ᠂ ᠰᠦᠩ ᠽᠧ ᠬᠠᠢ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    4 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠰᠢᠶᠠᠨ ᠤ ᠡᠮᠴᠢᠯᠡᠭᠡᠨ ᠤ ᠪᠦᠯᠦᠭᠯᠡᠯ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠰᠢᠶᠠᠨ ᠤ ᠤᠳᠤᠷᠢᠳᠤᠯᠭ᠎ᠠ ᠸᠠᠩ ᠶᠠᠨ ᠪᠥᠸᠧ᠂ ᠯᠢᠦ ᡁᠢ ᠹᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃    4 ᠳ᠋ᠦ᠋ᠭᠡᠷ ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ  ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠰᠢᠶᠠᠨ ᠤ ᠤᠳᠤᠷᠢᠳᠤᠯᠭ᠎ᠠ ᠯᠢᠦ ᡁᠢ ᠹᠧᠩ᠂ ᠯᠢ ᠼᠦᠨ ᠴᠢ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃   4 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ ᠶᠦᠩ ᠠᠨ ᠪᠠᠯᠭᠠᠰᠤᠨ ᠤ ᠰᠧ ᠵᠢᠶᠠ ᠽᠢ ᠲᠣᠰᠬᠤᠨ ᠳᠤ ᠬᠦᠷᠴᠦ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ  ᠃ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ ᠵᠠᠩ ᠪᠢᠩ ᠢᠦ᠋ᠶ᠂ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂  ᠪᠣᠤ ᠬᠥᠭᠵᠢᠯᠲᠦ ᠵᠢᠴᠢ ᠲᠣᠭᠤᠷᠢᠭ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃   4 ᠰᠠᠷ᠎ᠠ ᠶᠢᠨ 15 ᠤ ᠡᠳᠦᠷ ᠭᠧᠩ ᠲᠢᠶᠠᠨ ᠯᠢᠶᠠᠩ᠂ ᠭᠤᠸᠠᠨ ᠯᠢ ᠴᠦᠨ᠂ ᠮᠠ ᠴᠢᠩ ᠶᠦᠨ᠂ ᠰᠦᠨ ᠹᠧᠩ ᠯᠢᠨ᠂ ᠴᠧᠨ ᠭᠦᠸᠧ ᠮᠢᠩ᠂  ᠪᠣᠤ ᠬᠥᠭᠵᠢᠯᠲᠦ᠂ ᠹᠠᠩ ᠭᠦᠸᠧ ᠴᠢᠶᠠᠩ᠂ ᠴᠢᠩ ᠾᠧ ᠵᠡᠷᠭᠡ ᠰᠢᠶᠠᠨ ᠤ ᠤᠳᠤᠷᠢᠳᠤᠯᠭ᠎ᠠ ᠲᠦᠴᠢᠦᠸᠠᠨ ᠰᠢᠶᠠᠨ ᠤ ᠰᠠᠶ ᠶᠢᠨ ᠬᠤᠸᠠ ᠣᠳᠣ ᠦᠶ᠎ᠡ ᠶᠢᠨ ᠲᠠᠷᠢᠶᠠᠯᠠᠩ ᠤᠨ ᠠᠮᠢ ᠠᠬᠤᠶ ᠶᠢᠨ ᠬᠦᠷᠢᠶᠡᠯᠡᠩ ᠲᠣᠭᠤᠷᠢᠭ ᠤᠨ ᠮᠣᠳᠣ ᠲᠠᠷᠢᠬᠤ ᠲᠤᠬᠠᠶ ᠶᠢᠨ ᠲᠠᠯᠠᠪᠠᠶ ᠳᠤ ᠬᠦᠷᠴᠦ᠂ ᠪᠦᠬᠦ ᠰᠢᠶᠠᠨ ᠤ ᠵᠢᠷᠭᠤᠭᠠᠨ ᠵᠠᠭᠤ ᠭᠠᠷᠤᠶ ᠺᠠᠳ᠋ᠷ ᠣᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ  ᠃    4 ᠰᠠᠷ᠎ᠠ ᠶᠢᠨ 17 ᠤ ᠡᠳᠦᠷ᠂ ᠲᠦᠴᠢᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠶᠢᠴᠢᠯᠠᠯᠳᠠ ᠶᠢᠨ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠵᠤ᠂ ᠲᠦᠴᠢᠦᠸᠠᠨ ᠰᠢᠶᠠᠨ ᠤ 2021 ᠣᠨ ᠤ ᠴᠢᠬᠤᠯᠠ ᠶᠡᠭᠡ ᠲᠦᠷᠦᠯ ᠵᠦᠢᠯ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠪᠡ  ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠴᠢᠦᠶ ᠵᠧᠨ ᠨᠢᠶᠠᠨ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠭᠦᠸᠧ ᠯᠢᠩ ᠶᠦᠨ᠂ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠠᠷᠤᠭ᠎ᠠ ᠸᠠᠩ  ᠬᠦᠢ ᠮᠢᠩ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠧᠶ ᠳ᠋ᠡ ᠶᠦᠩ᠂ ᠠᠶᠢᠮᠠᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠭᠤᠤ ᠬᠠᠶ ᠪᠢᠨ ᠳᠠᠶᠢᠴᠢᠯᠠᠯᠲᠠ ᠶᠢᠨ ᠶᠡᠭᠡ ᠬᠤᠷᠠᠯ ᠳᠤ ᠣᠷᠣᠯᠴᠠᠪᠠ  ᠃ ᠭᠧᠩ ᠲᠢᠶᠠᠨ ᠯᠢᠶᠠᠩ᠂ ᠮᠠ ᠴᠢᠩ ᠶᠦᠨ᠂ ᠴᠧᠨ ᠭᠦᠸᠧ ᠮᠢᠩ᠂  ᠪᠣᠤ ᠬᠥᠭᠵᠢᠯᠲᠦ᠂ ᠹᠠᠩ ᠭᠦᠸᠧ ᠴᠢᠶᠠᠩ᠂ ᠴᠢᠩ ᠾᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠥᠷᠥᠯ ᠵᠦᠶᠯ ᠤᠨ ᠥᠮᠴᠢᠲᠡᠨ᠂ ᠪᠠᠷᠢᠯᠭ᠎ᠠ ᠶᠢᠨ ᠡᠩᠨᠡᠭᠡ ᠳᠠᠶᠢᠴᠢᠯᠠᠯᠲᠠ ᠶᠢᠨ ᠶᠡᠭᠡ ᠬᠤᠷᠠᠯ ᠳᠤ ᠣᠷᠣᠯᠴᠠᠪᠠ  ᠃    4 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠬᠤᠲᠠ ᠶᠢᠨ ᠲᠣᠭᠤᠷᠢᠭ ᠤᠨ ᠬᠡᠰᠡᠭ ᠨᠢᠭᠡᠴᠡ᠂ ᠰᠤᠷᠭᠠᠭᠤᠯᠢ ᠶᠢᠨ ᠡᠷᠭᠢᠨ ᠲᠣᠭᠤᠷᠢᠨ ᠳᠤ ᠬᠦᠷᠴᠦ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠯᠢᠦ ᡁᠢ ᠹᠧᠩ᠂ ᠹᠧᠩ ᠵᠢᠶᠠᠨ ᠵᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃   4 ᠰᠠᠷ᠎ᠠ ᠶᠢᠨ 21 ᠤ ᠡᠳᠦᠷ᠂ ᠭᠢᠷᠢᠨ ᠮᠤᠵᠢ ᠶᠢᠨ ᠮᠠᠯ ᠠᠵᠤ ᠠᠬᠤᠶ ᠶᠢᠨ ᠬᠠᠮᠢᠶᠠᠷᠤᠯᠲᠠ ᠶᠢᠨ ᠲᠣᠪᠴᠢᠶᠠᠨ  ᠤ ᠳᠠᠷᠤᠭ᠎ᠠ ᠵᠠᠩ ᠭᠦᠸᠧ ᠬᠤᠸᠠ ᠲᠦᠴᠢᠦᠸᠠᠨ ᠰᠢᠶᠠᠨ ᠳᠤ ᠬᠦᠷᠴᠦ ᠮᠢᠬᠠᠨ ᠤ ᠦᠬᠡᠷ ᠤᠨ ᠠᠵᠤ ᠦᠶᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠵᠠᠩ ᠪᠢᠩ ᠢᠤᠢ᠂ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂  ᠪᠣᠤ ᠬᠥᠭᠵᠢᠯᠲᠦ᠂ ᠯᠢᠦ ᡁᠢ ᠹᠧᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃    4 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠱᠦᠶ ᠴᠢᠤᠸᠠᠨ ᠪᠠᠯᠭᠠᠰᠤᠨ ᠳᠤ ᠭᠦᠨᠵᠡᠭᠡᠶᠢᠷᠡᠵᠦ᠂ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠪᠠ ᠲᠠᠷᠢᠶᠠᠯᠠᠩ ᠤᠨ ᠬᠡᠷᠡᠭᠰᠡᠯ ᠤᠨ ᠨᠥᠭᠡᠴᠡᠯᠡᠯᠲᠡ᠂ ᠲᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ  ᠃ ᠰᠢᠶᠠᠨ ᠤ ᠤᠳᠤᠷᠢᠳᠤᠯᠭ᠎ᠠ  ᠪᠣᠤ ᠬᠥᠭᠵᠢᠯᠲᠦ᠂ ᠯᠢᠦ ᡁᠢ ᠹᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃   4 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠳᠤ ᠭᠦᠨᠵᠡᠭᠡᠶᠢᠷᠡᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠳᠤᠷᠢᠳᠤᠯᠭ᠎ᠠ ᠰᠦᠨ ᠹᠧᠩ ᠯᠢᠨ᠂ ᠯᠢᠦ ᡁᠢ ᠹᠧᠩ᠂ ᠽᠸᠤ ᠬᠤᠩ ᠴᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃    4 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠬᠤᠲᠠ ᠶᠢᠨ ᠲᠣᠭᠤᠷᠢᠭ ᠤᠨ ᠪᠠᠶᠢᠰᠢᠩ ᠬᠡᠷ ᠢ ᠰᠡᠯᠪᠢᠨ ᠵᠠᠰᠠᠵᠤ ᠰᠢᠨ᠎ᠡ ᠪᠠᠷ ᠪᠠᠶᠢᠭᠤᠯᠬᠤ ᠬᠠᠮᠢᠶᠠᠷᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 《 ᠲᠦᠴᠢᠦᠸᠠᠨ ᠪᠠᠯᠭᠠᠰᠤᠨ ᠤ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠬᠡᠷ ᠪᠠᠶᠢᠰᠢᠩ ᠢ ᠰᠡᠯᠪᠢᠨ ᠵᠠᠰᠠᠵᠤ ᠰᠢᠨ᠎ᠡ ᠪᠠᠷ ᠪᠠᠶᠢᠭᠤᠯᠬᠤ ᠠᠷᠭ᠎ᠠ 》 ᠶᠢ ᠰᠤᠳᠤᠯᠤᠨ ᠶᠠᠷᠢᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ  ᠃ ᠰᠢᠶᠠᠨ ᠤ ᠤᠳᠤᠷᠢᠳᠤᠯᠭ᠎ᠠ ᠯᠢᠦ ᡁᠢ ᠹᠧᠩ᠂ ᠯᠢ ᠬᠤᠩ ᠰᠢᠩ᠂ ᠹᠧᠩ ᠵᠢᠶᠠᠨ ᠵᠦᠩ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    4 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ  ᠃ ᠰᠢᠶᠠᠨ ᠤ ᠤᠳᠤᠷᠢᠳᠤᠯᠭ᠎ᠠ  ᠪᠣᠤ ᠬᠥᠭᠵᠢᠯᠲᠦ᠂ ᠯᠢᠦ ᡁᠢ ᠹᠧᠩ᠂ ᠯᠢ ᠬᠤᠩ ᠰᠢᠩ᠂ ᠵᠢᠶᠠ ᠭᠦᠸᠧ ᠬᠠᠢ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号