2021 ᠤᠨ ᠤ ᠭᠤᠷᠪᠠᠳᠤᠭᠠᠷ ᠬᠤᠭᠤᠴᠠᠭ᠎ᠠ
ᠨᠡᠶᠢᠲᠡᠯᠡᠭᠰᠡᠨ ᠴᠠᠭ᠄
2021/8/28
   ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ ( 5 ᠰᠠᠷ᠎ᠠ ᠶᠢᠨ 1 ᠤ ᠡᠳᠦᠷ ᠠᠴᠠ 6 ᠰᠠᠷ᠎ᠠ  ᠶᠢᠨ 30 ᠤ ᠡᠳᠦᠷ )    5 ᠰᠠᠷ᠎ᠠ ᠶᠢᠨ 25 ᠤ ᠡᠳᠦᠷ᠂ ᠪᠦᠬᠦ ᠤᠯᠤᠰ ᠤᠨ《 ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ 》 ᠶᠢᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ《 ᠡᠷᠬᠢᠨ ᠬᠠᠷᠠᠬᠤ 》ᠠᠵᠢᠯ ᠤᠨ ᠬᠤᠷᠠᠯ ᠬᠤᠷᠠᠯᠳᠤᠪᠠ  ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠵᠢᠴᠢ ᠬᠤᠯᠪᠣᠭᠳᠠᠯ ᠪᠦᠬᠦᠢ ᠨᠢᠭᠡᠴᠢ᠂ ᠡᠯ᠎ᠡ ᠰᠢᠶᠠᠩ ᠪᠠᠯᠭᠠᠰᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃    5 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠳᠠᠭᠠᠭᠠᠴᠢᠯᠠᠨ ᠬᠠᠷᠢᠯᠴᠠᠬᠤ ᠨᠢᠭᠡᠴᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠬᠥᠮᠦᠵᠢᠯ ᠴᠡᠭᠴᠡᠯᠡᠯᠲᠡ ᠶᠢᠨ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ᠂ ᠰᠢᠶᠠᠨ  ᠤ ᠤᠳᠤᠷᠢᠳᠤᠯᠭ᠎ᠠ ᠰᠦᠨ ᠹᠧᠩ ᠯᠢᠨ᠂ ᠽᠸᠤ ᠾᠦᠩ ᠴᠧᠩ᠂ ᠴᠧᠨ ᠬᠠᠶ ᠰᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃    5 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠶᠡᠷᠦᠩᠬᠡᠶ ᠬᠤᠷᠠᠯᠳᠤᠭᠤᠯᠤᠭᠴᠢ ᠭᠧᠩ ᠲᠢᠶᠠᠨ ᠯᠢᠶᠠᠩ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ  ᠢ ᠰᠤᠳᠤᠯᠵᠤ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃ ᠰᠢᠶᠠᠨ  ᠤ ᠤᠳᠤᠷᠢᠳᠤᠯᠭ᠎ᠠ ᠰᠦᠨ ᠹᠧᠩ ᠯᠢᠨ᠂ ᠪᠦ᠋ᠦ ᠬᠥᠭᠵᠢᠯᠲᠦ᠂ ᠽᠸᠤ ᠬᠤᠩ ᠴᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    5 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠲᠤᠰᠬᠠᠶ ᠰᠡᠳᠦᠪᠲᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠪᠠ ᠪᠡᠭᠡᠵᠢᠩ ᠥᠪᠥᠷ ᠮᠣᠩᠭᠤᠯ  ᠤᠨ ᠬᠠᠮᠵᠢᠯᠴᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠪᠦ᠋ᠦ ᠬᠥᠭᠵᠢᠯᠲᠦ᠂ ᠽᠠᠩ ᠬᠠᠢ ᠵᠢᠶᠠ᠂ ᠬᠤᠸᠠᠩ ᠢ ᠬᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃   5 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ 《 ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ 》 ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ  ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠦᠨ ᠹᠧᠩ ᠯᠢᠨ᠂ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠽᠸᠤ ᠬᠤᠩ ᠴᠧᠩ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    6 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠠᠴᠠ ᠭᠤᠤᠯᠯᠠᠨ ᠡᠷᠭᠢᠯᠡᠵᠦ᠂ ᠲᠦᠴᠢᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ  ᠠᠴᠠ ᠳᠠᠭᠠᠭᠠᠴᠢᠯᠠᠨ ᠡᠷᠭᠢᠯᠡᠭᠰᠡᠨ 《 ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢ ᠠᠬᠢᠭᠤᠯᠬᠤ 》 ᠪᠠᠷ ᠭᠤᠤᠯ ᠰᠡᠳᠦᠪ ᠪᠣᠯᠭᠠᠭᠰᠠᠨ 2021 ᠣᠨ ᠤ ᠲᠦᠴᠢᠦᠸᠠᠨ ᠰᠢᠶᠠᠨ ᠤ 《 ᠠᠶᠤᠯᠭᠦᠶ ᠦᠶᠯᠡᠳᠪᠦᠷᠢᠯᠡᠯ ᠤᠨ ᠰᠠᠷ᠎ᠠ 》 《 ᠠᠶᠤᠯᠭᠦᠶ ᠦᠶᠯᠡᠳᠪᠦᠷᠢᠯᠡᠯ ᠤᠨ ᠲᠠᠯ᠎ᠠ ᠨᠤᠲᠤᠭ  ᠤᠨ ᠠᠶᠠᠯᠠᠯ 》 ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠯᠢᠴᠢᠤᠸᠠᠨ ᠲᠠᠯᠠᠪᠠᠶ ᠳᠤ ᠶᠠᠪᠤᠭᠳᠠᠵᠤ᠂ ᠰᠢᠶᠠᠨ  ᠤ ᠤᠳᠤᠷᠢᠳᠤᠯᠭ᠎ᠠ ᠭᠧᠩ ᠲᠢᠶᠠᠨ ᠯᠢᠶᠠᠩ᠂ ᠯᠢᠦ ᡁᠢ ᠹᠧᠩ᠂ ᠵᠢᠶᠠ ᠭᠦᠸᠧ ᠬᠠᠶ᠂ ᠯᠢᠳᠧ ᠯᠢᠶᠠᠩ ᠠᠵᠢᠯᠯᠠᠭ᠎ᠠ  ᠳᠤ ᠣᠷᠣᠯᠴᠠᠵᠤ᠂ ᠪᠥᠬᠦ ᠰᠢᠶᠠᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠵᠢᠴᠢ ᠡᠯ᠎ᠡ ᠬᠦᠷᠢᠶᠡᠨ ᠤ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 200 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃    6 ᠳ᠋ᠤᠭᠠᠷ ᠰᠠᠷ᠎ᠠ ᠶᠢᠨ 2 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠥᠬᠦ ᠤᠯᠤᠰ ᠤᠨ 《 ᠲᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠣᠶᠢᠵᠢᠭᠤᠯᠬᠤ ᠪᠠ ᠬᠥᠭᠵᠢᠭᠡᠬᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ  ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠪᠠ  ᠃ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠸᠠᠩ ᠶᠠᠨ ᠪᠥᠸᠧ᠂ ᠯᠢ ᠼᠦᠨ ᠴᠢ᠂ ᠯᠢ ᠬᠤᠩ ᠰᠢᠩ᠂ ᠯᠢᠦ ᠰᠢᠩ ᠬᠤᠸᠠ ᠵᠢᠴᠢ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠦᠴᠢᠦᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃     6 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠭᠠᠭᠠᠴᠢᠯᠠᠨ ᠰᠢᠶᠳᠪᠦᠷᠢᠯᠡᠵᠦ ᠲᠣᠭᠲᠠᠭᠤᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠠᠭᠠᠭᠠᠴᠢᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠶᠯᠡᠰ ᠢ ᠰᠢᠶᠳᠪᠦᠷᠢᠯᠡᠬᠦ ᠲᠣᠭᠲᠠᠭᠤᠨ ᠡᠵᠡᠮᠳᠡᠬᠦ ᠠᠵᠢᠯ ᠢ ᠠᠬᠢᠭᠤᠯᠬᠤ ᠲᠤᠬᠠᠶ ᠰᠤᠳᠤᠯᠪᠠ ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠢᠴᠢ ᠬᠡᠰᠡᠭ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    6 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠲᠦᠴᠢᠦᠸᠠᠨ ᠰᠢᠶᠠᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠴᠡᠭ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠢᠯᠭᠠᠯᠲᠠ ᠠᠴᠠ ᠡᠮᠦᠨᠡᠬᠢ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ  ᠃ ᠰᠢᠶᠠᠨ ᠤ ᠤᠳᠤᠷᠢᠳᠤᠯᠭ᠎ᠠ ᠯᠢ ᠼᠦᠨ ᠴᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ  ᠃    6 ᠰᠠᠷ᠎ᠠ ᠶᠢᠨ 3 ᠤ ᠡᠳᠦᠷ 4 ᠤ ᠡᠳᠦᠷ ᠪᠣᠯᠲᠠᠯ᠎ᠠ᠂ ᠱᠢ ᠵᠢᠶ ᠠᠭᠠᠷ ᠤᠨ ᠠᠶᠠᠯᠠᠯ ᠤᠨ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠹᠦ᠋ ᠴᠦᠨ ᠶᠠᠨ ᠨᠠᠷ ᠲᠦᠴᠢᠦᠸᠠᠨ ᠰᠢᠶᠠᠨ ᠳᠤ ᠬᠦᠷᠴᠦ ᠠᠭᠠᠷ ᠤᠨ ᠠᠶᠠᠯᠠᠯ ᠤᠨ ᠠᠵᠤ ᠠᠬᠤᠶ  ᠶᠢᠨ ᠣᠷᠣᠨ ᠢ ᠵᠠᠯᠭᠠᠯᠳᠤᠭᠤᠯᠬᠤ ᠲᠥᠷᠥᠯ ᠵᠦᠶᠯ ᠢ ᠰᠢᠨᠵᠢᠯᠡᠨ ᠪᠠᠶᠢᠴᠠᠭᠠᠪᠠ  ᠃ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠪᠦ᠋ᠦ ᠬᠥᠭᠵᠢᠯᠲᠦ᠂ ᠯᠢ ᠬᠤᠩ ᠰᠢᠩ᠂ ᠵᠢᠶᠠ ᠭᠦᠸᠧ ᠬᠠᠢ᠂ ᠯᠢ ᠳ᠋ᠧ ᠯᠢᠶᠠᠩ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠲᠤᠰ ᠰᠢᠨᠵᠢᠯᠡᠨ ᠪᠠᠶᠢᠴᠠᠭᠠᠬᠤ ᠪᠠ ᠶᠠᠷᠢᠯᠴᠠᠬᠤ ᠬᠤᠷᠠᠯ ᠳᠤ ᠣᠷᠣᠯᠴᠠᠪᠠ  ᠃    6 ᠰᠠᠷ᠎ᠠ ᠶᠢᠨ 4 ᠤ ᠦᠳᠡ ᠶᠢᠨ ᠡᠮᠦᠨ᠎ᠡ᠂ ᠲᠦᠴᠢᠦᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠰᠢᠶᠠᠨ ᠤ ᠤᠳᠤᠷᠢᠳᠤᠯᠭ᠎ᠠ ᠴᠢᠦᠶ ᠵᠧᠨ ᠨᠢᠶᠠᠨ᠂ ᠭᠧᠩ ᠲᠢᠶᠠᠨ ᠯᠢᠶᠠᠩ᠂ ᠴᠢᠨ ᠷᠦᠩ᠂ ᠭᠤᠸᠠᠨ ᠯᠢ ᠴᠦᠨ᠂ ᠪᠤᠤ ᠬᠥᠭᠵᠢᠯᠲᠦ᠂ ᠨᠢᠩ ᠬᠠᠶ ᠶᠠᠨ᠂ ᠽᠠᠩ ᠬᠠᠶ ᠵᠢᠶᠠ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ  ᠃ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠪᠥᠬᠦ ᠠᠵᠢᠯᠲᠠᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ  ᠃    6 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠲᠦᠴᠢᠦᠸᠠᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ  ᠤ ᠭᠤᠴᠢᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 6 ᠰᠠᠷ᠎ᠠ ᠶᠢᠨ 8 ᠤ ᠡᠳᠦᠷ ᠤᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ  ᠃ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠰᠦᠨ ᠹᠧᠩ ᠯᠢᠨ᠂ ᠯᠢᠦ ᡁᠢ ᠹᠧᠩ᠂ ᠯᠢ ᠳ᠋ᠧ ᠯᠢᠶᠠᠩ ᠵᠢᠴᠢ ᠡᠯ᠎ᠡ ᠰᠢᠶᠠᠩ ᠪᠠᠯᠭᠠᠰᠤ᠂ ᠰᠢᠶᠠᠨ  ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ  ᠃     6 ᠳ᠋ᠤᠭᠠᠷ ᠰᠠᠷ᠎ᠠ ᠶᠢᠨ 11 ᠤ ᠡᠳᠦᠷ᠂ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠸᠢᠳᠢᠣ᠋ ᠬᠤᠷᠠᠯ ᠬᠤᠷᠠᠯᠳᠤᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠥᠬᠡᠶ ᠦᠶᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠪᠤᠤ ᠬᠥᠭᠵᠢᠯᠲᠦ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠦᠴᠢᠦᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃     6 ᠰᠠᠷ᠎ᠠ ᠶᠢᠨ 15 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠰᠦᠨᠳᠧ ᠮᠢᠨ ᠲᠦᠴᠢᠦᠸᠠᠨ ᠰᠢᠶᠠᠨ ᠳᠤ ᠬᠦᠷᠴᠦ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠨᠠᠮ ᠤᠨ ᠲᠡᠦᠬᠡ ᠰᠤᠷᠤᠯᠴᠠᠯᠭ᠎ᠠ ᠬᠥᠮᠦᠵᠢᠯ ᠤᠨ ᠬᠠᠷᠢᠯᠴᠠᠬᠤ ᠴᠡᠭ ᠪᠤᠤ ᠱᠢ ᠪᠠᠯᠭᠠᠰᠤᠨ  ᠤ ᠪᠤᠤ ᠴᠧᠩ ᠲᠣᠰᠬᠤᠨ ᠳᠤ ᠬᠦᠷᠴᠦ ᠳᠠᠭᠠᠭᠠᠴᠢᠯᠠᠨ ᠬᠠᠷᠢᠯᠴᠠᠬᠤ ᠠᠵᠢᠯ ᠥᠷᠨᠢᠭᠦᠯᠪᠡ᠃ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠸᠠᠩ ᠶᠠᠨ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠵᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     6 ᠳ᠋ᠤᠭᠠᠷ ᠰᠠᠷ᠎ᠠ ᠶᠢᠨ 22 ᠤᠨ ᠡᠳᠦᠷ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ  ᠶᠢᠨ ᠳ᠋ᠦᠩᠨᠡᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠵᠤ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠡᠷᠦ ᠪᠤᠰᠤ ᠶᠢᠨ ᠥᠩᠭᠡᠷᠡᠯᠲᠡ ᠪᠣᠯᠤᠨ ᠴᠢᠬᠤᠯᠠ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠦᠨ ᠳ᠋ᠦᠩᠨᠡᠵᠦ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠶᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠷᠰᠢᠯᠭ᠎ᠠ ᠶᠢ ᠭᠦᠨᠵᠡᠭᠡᠶ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ  ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠲᠡᠶᠢᠰᠢ ᠡᠷᠡᠰ ᠭᠤᠶᠢᠪᠢᠰᠢ ᠥᠬᠡᠶ ᠪᠠᠷ ᠯᠠᠪᠳᠠᠭᠤᠨ ᠪᠠᠲᠤᠲᠠᠶ ᠤᠷᠤᠭᠰᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠰᠢᠨ᠎ᠡ ᠱᠠᠲᠤ ᠦᠶ᠎ᠡ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠴᠢᠦᠶ ᠵᠧᠨ ᠨᠢᠶᠠᠨ᠂ ᠭᠧᠩ ᠲᠢᠶᠠᠨ ᠯᠢᠶᠠᠩ᠂ ᠴᠧᠨ ᠭᠦᠸᠧ ᠮᠢᠩ᠂ ᠵᠧᠦ ᠱᠢ ᠷᠦᠩ᠂ ᠨᠢᠩ ᠬᠠᠶ ᠶᠠᠨ᠂ ᠶᠠᠩ ᠪᠤᠤ ᠲᠢᠶᠠᠨ ᠵᠢᠴᠢ ᠰᠢᠶᠠᠨ ᠤ ᠪᠠᠶᠢᠴᠠᠭᠠᠬᠤ ᠬᠤᠷᠢᠶᠠᠨ ᠤ ᠣᠷᠣᠯᠠᠭᠴᠢ ᠪᠠᠶᠢᠴᠠᠭᠠᠬᠤ ᠳᠠᠷᠤᠭ᠎ᠠ ᠭᠤᠤ ᠹᠧᠩ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠮᠢᠶᠠᠷᠤᠯᠲᠠ ᠶᠢᠨ ᠨᠢᠭᠡᠴᠢ ᠶᠢᠨ ᠬᠠᠷᠢᠭᠤᠴᠠᠯᠭᠠᠲᠠᠨ᠂ ᠰᠢᠶᠠᠨ ᠤ ᠳᠣᠲᠣᠷᠠᠬᠢ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠰᠠᠶᠢᠰᠢᠶᠠᠯ ᠢ ᠭᠥᠷᠳᠡᠭᠰᠡᠨ ᠲᠡᠷᠢᠭᠦᠨ ᠤ ᠬᠤᠪᠢ ᠬᠥᠮᠦᠨ ᠂ ᠲᠡᠷᠢᠭᠦᠨ ᠤ ᠬᠠᠮᠲᠤ ᠶᠢᠨ ᠲᠥᠯᠥᠭᠡᠯᠡᠭᠴᠢ ᠲᠦᠴᠢᠦᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ  ᠳᠤ ᠣᠷᠣᠯᠴᠠᠪᠠ᠃     6 ᠰᠠᠷ᠎ᠠ ᠶᠢᠨ 22 ᠤᠨ ᠡᠳᠦᠷ᠂ ᠤᠯᠤᠰ ᠤᠨ ᠡᠳ᠋ ᠤᠨ ᠵᠠᠰᠠᠭ ᠤᠨ ᠶᠠᠮᠤᠨ ᠤ ᠲᠥᠰᠦᠪ ᠢ ᠬᠢᠨᠠᠨ ᠲᠣᠭᠲᠠᠭᠠᠬᠤ ᠲᠥᠪ ᠤᠨ ᠺᠠᠳ᠋ᠷ ᠭᠧᠩ ᠵᠧᠨ ᠬᠤᠸᠠ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠲᠦᠴᠢᠦᠸᠠᠨ ᠰᠢᠶᠠᠨ ᠳᠤ ᠬᠦᠷᠴᠦ ᠡᠮᠴᠢᠯᠡᠭᠡᠨ ᠤ ᠦᠶᠯᠡᠴᠢᠯᠡᠭᠡ ᠬᠢᠭᠡᠳ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠶᠢᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠰᠦᠩ ᠽᠧ ᠬᠠᠢ ᠵᠢᠴᠢ ᠲᠣᠭᠤᠷᠢᠭ᠂ ᠠᠶᠢᠮᠠᠭ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      6 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠪᠦ᠋ᠦ ᠱᠢ ᠪᠠᠯᠭᠠᠰᠤ ᠳᠤ ᠭᠦᠨᠵᠡᠭᠡᠶᠢᠷᠡᠨ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ᠂ ᠭᠤᠣᠯ ᠤᠨ ᠳᠠᠷᠤᠭ᠎ᠠ ᠶᠢᠨ ᠳᠦᠷᠢᠮ᠂ ᠶᠢᠨ ᠵᠢᠶᠧ ᠬᠤᠤ ᠶᠢᠨ ᠪᠠᠭᠤᠷᠢ ᠶᠢᠨ ᠬᠠᠮᠠᠭᠠᠯᠠᠯᠲᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨ ᠭᠠᠵᠠᠷ  ᠲᠤᠨᠢ ᠭᠤᠣᠯ ᠢᠶᠠᠷ ᠲᠣᠭᠤᠷᠢᠨ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᠪᠤᠤ ᠬᠥᠭᠵᠢᠯᠲᠦ᠂ ᠯᠢᠦ ᠰᠢᠩ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃     6 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠧᠩ ᠲᠢᠶᠠᠨ ᠯᠢᠶᠠᠩ ᠳᠥᠷᠪᠡᠳ ᠪᠠᠯᠭᠠᠰᠤᠨ ᠤ ᠬᠤᠩ ᠭᠤᠸᠠᠩ ᠲᠣᠰᠬᠤᠨ ᠤ ᠬᠤᠲᠠ ᠪᠠᠯᠭᠠᠰᠤᠨ ᠤ ᠤᠰᠤᠨ ᠤ ᠰᠤᠷᠪᠤᠯᠵᠢ ᠶᠢᠨ ᠭᠠᠵᠠᠷ᠂ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠶᠠᠳᠤᠭᠠᠷ ᠰᠤᠷᠭᠠᠭᠤᠯᠢ ᠶᠢᠨ ᠲᠣᠭᠤᠷᠢᠭ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ᠂ ᠷᠦᠢ ᠡᠯ ᠠᠮᠢᠳᠤ ᠪᠣᠳᠠᠰ ᠤᠨ ᠬᠤᠶᠠᠳᠤᠭᠠᠷ ᠬᠤᠭᠤᠴᠠᠭ᠎ᠠ᠂ ᠶᠡᠷᠦᠩᠬᠡᠶᠢᠯᠡᠭᠰᠡᠨ ᠲᠠᠩᠰᠠ ᠡᠪᠬᠡᠮᠡᠯ ᠤᠨ ᠣᠷᠳᠣᠨ᠂ ᠮᠢᠨ ᠯᠧ ᠰᠠᠭᠤᠭᠠᠯᠢ ᠲᠣᠭᠤᠷᠢᠭ ᠵᠡᠷᠭᠡ ᠭᠠᠵᠠᠷ ᠲᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ  ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠰᠢᠶᠠᠨ ᠤ ᠤᠳᠤᠷᠢᠳᠤᠯᠭ᠎ᠠ ᠵᠢᠶᠠ ᠭᠦᠸᠧ ᠬᠠᠶ᠂ ᠰᠥᠩ ᠽᠧ ᠬᠠᠶ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃    6 ᠳ᠋ᠤᠭᠠᠷ ᠰᠠᠷ᠎ᠠ ᠶᠢᠨ 30 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠰᠢᠤᠢ ᠵᠦᠦᠸ᠋᠂ ᠳᠡᠳ᠋ ᠡᠷᠬᠢᠯᠡᠭᠴᠢ ᠲᠦᠩ ᠪᠦ᠋ ᠯᠢᠨ ᠲᠦᠴᠢᠦᠸᠠᠨ ᠰᠢᠶᠠᠨ  ᠳᠤ ᠬᠦᠷᠴᠦ ᠠᠬᠠᠮᠠᠳ ᠨᠠᠮ ᠤᠨ ᠭᠡᠰᠢᠭᠦᠨ ᠪᠣᠯᠤᠨ ᠠᠮᠢᠳᠤᠷᠠᠯ ᠨᠢ ᠬᠦᠴᠢᠷᠳᠡᠯᠲᠡᠶ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ  ᠃ ᠰᠢᠶᠠᠨ ᠤ ᠤᠳᠤᠷᠢᠳᠤᠯᠭ᠎ᠠ ᠭᠧᠩ ᠲᠢᠶᠠᠨ ᠯᠢᠶᠠᠩ᠂ ᠯᠢᠦ ᠴᠦᠨ ᠯᠢ᠂ ᠸᠠᠩ ᠸᠧᠨ ᠭᠧ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠲᠣᠬᠤᠨᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号