ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/30
ᠲᠦᠴᠢᠦᠸᠠᠨ ᠵᠠᠰᠠᠭ ᠠᠯᠪᠠᠨ ᠲᠠᠷᠬᠠᠭᠠᠭᠰᠠᠨ 【202130】 ᠳ᠋ᠤᠭᠠᠷ ᠲᠣᠭᠠᠲᠤ       ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄        ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠨᠢᠭᠲᠠ ᠤᠶᠠᠯᠳᠤᠭᠤᠯᠬᠤ ᠶᠢ ᠠᠬᠢᠭᠤᠯᠤᠨ᠂ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠬᠦ ᠶᠢᠨ ᠲᠤᠰᠠᠳᠠ᠂ ᠣᠲᠣ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠤᠴᠢᠷ ᠢ ᠳᠤᠤᠷᠠᠬᠢ ᠮᠡᠲᠦ ᠮᠡᠳᠡᠭᠳᠡᠪᠡ᠄        ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭ ᠬᠤᠭᠤᠴᠠᠭ᠎ᠠ ᠪᠣᠯᠤᠨ ᠬᠡᠪᠴᠢᠶ᠎ᠡ          ᠰᠢᠶᠠᠨ ᠤ ᠬᠠᠷᠢᠶ᠎ᠠ ᠵᠠᠰᠠᠭ ᠵᠠᠬᠢᠷᠭᠠᠨ ᠤ ᠣᠷᠣᠨ ᠨᠢ ᠴᠥᠮ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠠᠷᠢᠶᠠᠯᠠᠭᠳᠠᠵᠤ᠂ ᠪᠦᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠤᠯᠠᠷᠢᠯ ᠤᠨ ᠴᠢᠨᠠᠷᠲᠠᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠭᠡᠵᠦ ᠬᠤᠪᠢᠶᠠᠨ᠎ᠠ᠃       ︵ᠨᠢᠭᠡ︶ ᠪᠦᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠡᠪᠴᠢᠶ᠎ᠡ      1. ᠲᠦᠴᠢᠦᠸᠠᠨ ᠰᠢᠶᠠᠨ ᠤ ᠯᠣᠣ ᠳᠧᠦ ᠱᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ︔      2. ᠲᠦᠴᠢᠦᠸᠠᠨ ᠰᠢᠶᠠᠨ ᠤ ᠲᠠᠷᠢᠮᠠᠯ ᠪᠡᠯᠴᠢᠭᠡᠷ ᠪᠣᠯᠤᠨ ᠪᠠᠶᠢᠭᠠᠯᠢ ᠶᠢᠨ ᠨᠤᠲᠤᠭ ᠪᠡᠯᠴᠢᠭᠡᠷ ᠤᠨ ᠣᠷᠣᠨ︔      3.G 111 ᠤᠯᠤᠰ ᠤᠨ ᠵᠠᠮ ᠪᠠ ᠮᠤᠵᠢ ᠶᠢᠨ ᠬᠤᠭᠤᠷᠣᠨᠳᠣᠬᠢ ᠶᠡᠭᠡ ᠵᠠᠮ ᠵᠡᠷᠭᠡ ᠤᠯᠤᠰ ᠮᠤᠵᠢ ᠶᠢᠨ ᠭᠤᠣᠯ ᠵᠠᠮ᠂ ᠰᠢᠶᠠᠨ ᠰᠢᠶᠠᠩ ᠤᠨ ᠵᠠᠰᠠᠮᠠᠯ ᠵᠠᠮ ᠤᠨ ᠬᠤᠶᠠᠷ ᠬᠠᠵᠠᠭᠤ ᠶᠢᠨ ᠣᠶᠢᠲᠤ ᠭᠠᠵᠠᠷ︔      4.ᠤᠯᠤᠰ ᠤᠨ ᠭᠤᠤᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠶ ᠶᠢᠨ ᠲᠥᠷᠥᠯ ᠵᠦᠢᠯ ᠤᠨ ᠣᠷᠣᠨ︔      5.ᠣᠶ ᠰᠢᠭᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠪᠣᠯᠤᠨ ᠰᠢᠨ᠎ᠡ ᠪᠠᠷ ᠣᠶᠢᠵᠢᠭᠤᠯᠬᠤ ᠭᠠᠵᠠᠷ︔      6.ᠵᠢᠵᠢᠭ ᠰᠠᠪᠠ ᠭᠠᠵᠠᠷ ᠢ ᠵᠠᠰᠠᠬᠤ ᠲᠥᠷᠥᠯ ᠵᠦᠢᠯ ᠤᠨ ᠣᠷᠣᠨ ᠵᠡᠷᠭᠡ ᠭᠤᠣᠯᠳᠠᠯᠭ᠎ᠠ ᠲᠠᠢ ᠣᠷᠣᠨ᠃      ︵ᠬᠤᠶᠠᠷ︶ ᠮᠠᠯᠵᠢᠬᠤ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠯᠠᠷᠢᠯ ᠤᠨ ᠴᠢᠨᠠᠷᠲᠠᠶ ᠴᠠᠭ ᠬᠤᠭᠤᠴᠠᠭ᠎ᠠ ᠪᠣᠯᠤᠨ ᠬᠡᠪᠴᠢᠶ᠎ᠡ᠃      1 . ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭ᠄ 4  ᠰᠠᠷ᠎ᠠ ᠶᠢᠨ 15 ᠤ ᠡᠳᠦᠷ --10  ᠰᠠᠷ᠎ᠠ ᠶᠢᠨ 15 ᠤ ᠡᠳᠦᠷ᠃      2 . ᠪᠡᠯᠴᠢᠭᠡᠷᠯᠡᠭᠦᠯᠬᠦ ᠶᠢ ᠴᠠᠭᠠᠵᠠᠯᠠᠬᠤ ᠬᠦᠷᠢᠶ᠎ᠡ ᠬᠡᠪᠴᠢᠶ᠎ᠡ᠄ ᠪᠦᠬᠦ ᠰᠢᠶᠠᠨ ᠤ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷᠠᠬᠢ ᠪᠦᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠪᠤᠰᠤᠳ ᠣᠷᠣᠨ ᠪᠦᠰᠡ᠃        ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠤ ᠰᠢᠳᠬᠡᠨ ᠲᠣᠷᠭᠠᠬᠤ ᠱᠠᠭᠠᠷᠳᠠᠯᠭ᠎ᠠ        ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠮᠠᠯ ᠪᠡᠯᠴᠢᠭᠡᠷᠯᠡᠭᠦᠯᠦᠭᠰᠡᠨ ᠪᠣᠯ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠠᠤᠯᠢ ᠶᠣᠰᠣᠭᠠᠷ ᠰᠢᠳᠬᠡᠨ ᠲᠣᠷᠭᠠᠨ᠎ᠠ᠃        ᠭᠤᠷᠪᠠ᠂ ᠠᠵᠢᠯ ᠤᠨ ᠪᠠᠲᠤᠯᠠᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠪᠦᠬᠦ ᠰᠢᠶᠠᠨ ᠤ ᠮᠠᠯᠵᠢᠬᠤ ᠶᠢ ᠴᠠᠭᠠᠵᠠᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠪᠠᠷ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠦᠬᠦᠢ ᠰᠢᠶᠠᠨ ᠤ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤᠨ ᠤ ᠳᠠᠷᠤᠭ᠎ᠠ ᠪᠠᠷ ᠪᠦᠷᠢᠯᠳᠦᠬᠦᠨ ᠪᠣᠯᠭᠠᠭᠰᠠᠨ ᠰᠢᠶᠠᠨ ᠤ ᠮᠠᠯᠵᠢᠬᠤ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠮᠠᠯᠵᠢᠬᠤ ᠶᠢ ᠴᠠᠭᠠᠵᠠᠯᠠᠬᠤ ᠠᠵᠢᠯ ᠤᠨ ᠵᠣᠬᠢᠶᠠᠨ ᠪᠠᠶᠢᠭᠤᠯᠤᠨ ᠤᠳᠤᠷᠢᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠵᠡᠷᠭᠡ ᠶᠢ ᠪᠦᠬᠦ ᠲᠠᠯ᠎ᠠ ᠪᠠᠷ ᠬᠠᠷᠢᠭᠤᠴᠠᠵᠤ᠂ ᠮᠠᠯᠵᠢᠬᠤ ᠶᠢ ᠴᠠᠭᠠᠵᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠦ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠨ᠎ᠡ᠂᠃ ᠡᠯ᠎ᠡ ᠰᠢᠶᠠᠩ ᠪᠠᠯᠭᠠᠰᠤ ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠤᠭᠤᠳ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠷ ᠯᠠᠪᠯᠠᠯᠲᠠ ᠪᠣᠯᠭᠠᠨ ᠠᠵᠢᠯ ᠤᠨ ᠲᠤᠰᠬᠠᠶ ᠠᠩᠭᠢ ᠵᠣᠬᠢᠶᠠᠨ ᠪᠠᠶᠢᠭᠤᠯᠵᠤ᠂ ᠡᠯ᠎ᠡ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠷ ᠭᠤᠣᠯ ᠪᠣᠯᠭᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠡᠭᠡ ᠠᠩᠭᠢ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠬᠤ ᠬᠡᠷᠡᠭᠲᠡᠶ᠃      ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠠᠷᠢᠶ᠎ᠠ ᠣᠷᠣᠨ ᠳᠤᠨᠢ ᠬᠠᠮᠢᠶᠠᠷᠤᠭᠤᠯᠵᠤ ᠱᠠᠲᠤ ᠬᠤᠪᠢᠶᠠᠨ ᠬᠠᠷᠢᠭᠤᠴᠠᠬᠤ ᠶᠢ ᠴᠢᠩᠳᠠᠯᠠᠵᠤ᠂ ᠨᠠᠮ ᠵᠠᠰᠠᠭ ᠤᠨ ᠨᠢᠭᠡᠳᠦᠭᠡᠷ ᠭᠠᠷ ᠡᠷᠬᠡᠪᠰᠢ ᠪᠡᠶ᠎ᠡ ᠪᠠᠷ ᠢᠶᠠᠨ ᠠᠳᠬᠤᠵᠤ᠂ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠠᠷᠢᠶᠠᠯᠠᠩ ᠮᠠᠯᠵᠢᠯ ᠣᠶ ᠰᠢᠭᠤᠶ ᠶᠢᠨ ᠲᠠᠯᠠᠪᠠᠶ ᠨᠢ ᠪᠡᠯᠴᠢᠭᠡᠷᠯᠡᠭᠦᠯᠬᠦ ᠶᠢ ᠴᠠᠭᠠᠵᠠᠯᠠᠵᠤ ᠲᠣᠭᠤᠷᠢᠨ ᠪᠠᠶᠢᠴᠠᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠶᠠᠩ ᠪᠠᠯᠭᠠᠰᠤ ᠬᠢᠭᠡᠳ ᠣᠷᠣᠨ ᠪᠦᠰᠡ ᠶᠢᠨ ᠳᠣᠲᠣᠷᠠᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠠᠷᠢᠶᠠᠯᠠᠩ ᠮᠠᠯᠵᠢᠯ ᠣᠶ ᠰᠢᠭᠤᠶ ᠶᠢᠨ ᠲᠠᠯᠠᠪᠠᠶ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢ ᠢᠯᠭᠠᠷᠠᠭᠤᠯᠤᠨ᠎ᠠ᠃ ᠰᠢᠶᠠᠨ ᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠰᠤᠨ ᠠᠰᠢᠭᠯᠠᠯᠲᠠ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠡᠭᠡ ᠠᠩᠭᠢ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠬᠡᠷᠡᠭᠵᠢᠭᠦᠯᠬᠦ ᠳᠤᠭᠤᠶᠢᠯᠠᠩ ᠪᠠᠶᠢᠭᠤᠯᠤᠨ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠴᠢᠨ ᠠᠬᠤᠢ ᠶᠢ ᠡᠪᠳᠡᠭᠰᠡᠳ ᠢ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠭᠤᠯᠬᠤ ᠬᠡᠷᠡᠭᠲᠡᠢ᠃ ᠬᠤᠶᠠᠷ ᠠᠯᠪᠠᠨ ᠬᠡᠷ ᠤᠨ ᠬᠢᠨᠠᠨ ᠪᠠᠶᠢᠴᠠᠭᠠᠬᠤ ᠠᠯᠪᠠᠨ ᠬᠡᠷ ᠬᠢᠨᠠᠨ ᠵᠢᠯᠣᠭᠤᠳᠴᠤ ᠪᠠᠶᠢᠴᠠᠭᠠᠬᠤ ᠶᠢ ᠬᠠᠷᠢᠭᠤᠴᠠᠵᠤ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠶᠠᠷ ᠠᠯᠪᠠᠨ ᠬᠡᠷ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠵᠢᠯᠴᠠᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠶ᠃       ︵ᠭᠤᠷᠪᠠ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠳᠤᠭᠤᠶᠢᠯᠠᠩ ᠨᠢ ᠲᠤᠰ ᠪᠡᠶ᠎ᠡ ᠶᠢᠨ ᠬᠢᠨᠠᠯᠲᠠ ᠪᠠᠨ ᠴᠢᠩᠭᠠᠳᠬᠠᠵᠤ᠂ ︽ᠬᠠᠤᠯᠢ ᠬᠡᠷᠡᠭᠵᠢᠭᠦᠯᠬᠦ ᠳᠤ ᠡᠷᠬᠡᠪᠰᠢ ᠤᠷᠢᠳᠠᠪᠠᠷ ᠰᠠᠬᠢᠯᠭ᠎ᠠ ᠪᠠᠲᠤ ᠶᠢ ᠰᠠᠬᠢᠵᠤ᠂ ᠬᠥᠮᠦᠨ ᠢ ᠱᠠᠭᠠᠷᠳᠠᠬᠤ ᠳᠤ ᠡᠷᠬᠡᠪᠰᠢ ᠤᠷᠢᠳᠠᠪᠠᠷ ᠰᠠᠬᠢᠯᠭ᠎ᠠ ᠪᠠᠲᠤ ᠶᠢ ᠬᠡᠷᠡᠭᠵᠢᠭᠦᠯᠵᠦ᠂ ᠬᠠᠤᠯᠢ ᠴᠠᠭᠠᠵᠠ ᠶᠢ ᠬᠡᠷᠡᠭᠵᠢᠭᠦᠯᠬᠦ ᠬᠡᠷᠡᠭᠲᠡᠶ︾ ᠭᠡᠰᠡᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠠᠬᠢᠯᠭ᠎ᠠ ᠪᠠᠲᠤ ᠶᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠠᠵᠢᠯᠲᠠᠨ ᠳᠤ ᠭᠠᠷᠤᠭᠰᠠᠨ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠵᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ᠂ ᠬᠠᠤᠯᠢ ᠶᠢ ᠴᠢᠩᠭ᠎ᠠ ᠬᠡᠷᠡᠭᠵᠢᠭᠦᠯᠦᠭᠰᠡᠨ ᠦᠭᠡᠶ᠂ ᠰᠢᠢᠳᠪᠦᠷᠢᠯᠡᠭᠰᠡᠨ ᠨᠢ ᠭᠤᠣᠯᠴᠢ ᠪᠤᠰᠤ᠂ ᠢᠳᠡᠬᠦ ᠠᠪᠬᠤ ᠭᠠᠴᠢᠬᠤ ᠨᠡᠬᠡᠬᠦ ᠵᠡᠷᠭᠡ ᠦᠵᠡᠭᠳᠡᠯ᠂ ᠢᠯᠠᠩᠭᠤᠶ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠳ ᠨᠢ ᠮᠠᠯ ᠠᠵᠤ ᠠᠬᠤᠶ ᠶᠢᠨ ᠲᠣᠮᠣ ᠡᠷᠦᠬᠡ᠂ ᠮᠠᠯᠵᠢᠯ ᠤᠨ ᠫᠦᠰᠡ ᠯᠦᠭᠡ ᠰᠥᠯᠪᠡᠭᠡᠯᠳᠦᠵᠦ᠂ ᠮᠡᠳᠡᠭᠡ ᠴᠢᠮᠡᠭᠡ ᠨᠡᠪᠲᠡᠷᠡᠯᠴᠡᠭᠰᠡᠨ ᠢ ᠨᠢ ᠬᠠᠤᠯᠢ ᠴᠠᠭᠠᠵᠠ ᠰᠠᠬᠢᠯᠭ᠎ᠠ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ ᠣᠯᠠᠨ ᠲᠦᠮᠡᠨ ᠢᠯᠡᠴᠢᠯᠡᠨ ᠮᠡᠳᠡᠭᠦᠯᠬᠦ᠂ ᠬᠢᠨᠠᠨ ᠵᠢᠯᠣᠭᠤᠳᠬᠤ ᠳᠤᠭᠤᠶᠢᠯᠠᠩ᠂ ᠤᠳᠤᠷᠢᠳᠤᠯᠭ᠎ᠠ ᠨᠠᠷ ᠢᠶᠠᠷ ᠳᠠᠮᠵᠢᠭᠤᠯᠤᠨ ᠣᠯᠵᠤ ᠮᠡᠳᠡᠭᠰᠡᠨ ᠰᠢᠶᠠᠩ ᠪᠠᠯᠭᠠᠰᠤ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠨᠢ ᠬᠦᠴᠦᠨ ᠦᠭᠡᠶ ᠪᠠᠶᠢᠬᠤ ᠶᠢ ᠣᠯᠵᠤ ᠮᠡᠳᠡᠪᠡᠯ᠂ ᠨᠢᠭᠡᠳᠦᠭᠡᠷ ᠤᠳᠠᠭ᠎ᠠ ᠮᠡᠳᠡᠭᠳᠡᠨ ᠴᠡᠭᠴᠡᠯᠡᠨ ᠰᠠᠶᠢᠵᠢᠷᠠᠭᠤᠯᠬᠤ᠂ ᠬᠤᠶᠠᠳᠤᠭᠠᠷ ᠤᠳᠠᠭ᠎ᠠ ᠨᠡᠪᠲᠡᠷᠡᠭᠦᠯᠦᠨ ᠮᠡᠳᠡᠭᠦᠯᠬᠦ᠂ ᠭᠤᠷᠪᠠᠳᠤᠭᠠᠷ ᠤᠳᠠᠭ᠎ᠠ ᠪᠣᠯᠵᠣᠨ ᠶᠠᠷᠢᠯᠴᠠᠵᠤ ᠰᠠᠨᠠᠭᠤᠯᠬᠤ᠂ ᠭᠤᠣᠯ ᠤᠳᠤᠷᠢᠳᠤᠯᠭ᠎ᠠ ᠪᠣᠯᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠶᠢᠨ ᠵᠡᠷᠭᠡᠴᠡᠭᠡᠪᠡᠷ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠬᠠᠤᠯᠢ ᠰᠠᠬᠢᠯᠭ᠎ᠠ ᠶᠢᠨ ᠶᠣᠰᠣᠭᠠᠷ ᠴᠢᠩᠭ᠎ᠠ ᠨᠡᠬᠡᠮᠵᠢᠯᠡᠬᠦ ᠬᠡᠷᠡᠭᠲᠡᠶ᠃        ︵ᠳᠥᠷᠪᠡ︶ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠬᠤ ᠲᠣᠭᠲᠠᠴᠠ ᠶᠢ ᠪᠠᠶᠢᠭᠤᠯᠤᠨ᠎ᠠ᠃ ᠰᠢᠶᠠᠨ ᠤ ᠵᠠᠰᠠᠭ ᠤᠨ ᠣᠷᠳᠣᠨ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠶᠠᠯᠳᠤᠭᠤᠯᠬᠤ ᠶᠢ ᠬᠡᠷᠡᠭᠯᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠢᠨᠠᠨ ᠵᠢᠯᠣᠭᠤᠳᠬᠤ ᠳᠤᠭᠤᠶᠢᠯᠠᠩ᠂ ᠬᠠᠤᠯᠢ ᠬᠡᠷᠡᠭᠵᠢᠭᠦᠯᠬᠦ ᠳᠤᠭᠤᠶᠢᠯᠠᠩ ᠤᠨ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠮᠡᠳᠡᠭᠡ ᠵᠠᠩᠭᠢ ᠶᠢᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠵᠢᠯ ᠤᠨ ᠨᠡᠪᠲᠡᠷᠡᠯᠴᠡᠭᠡ ᠪᠠᠨ ᠴᠢᠩᠭᠠᠳᠬᠠᠨ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠪᠠᠨ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠥᠳᠡᠯᠦᠯ ᠪᠠᠶᠢᠳᠠᠯ ᠪᠣᠯᠤᠨ ᠠᠬᠢᠴᠠ ᠶᠢ ᠴᠠᠭ ᠲᠤᠬᠠᠶ ᠳᠤᠨᠢ᠂ ᠣᠨᠣᠪᠴᠢᠲᠠᠶ ᠡᠵᠡᠮᠰᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠦᠬᠦ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ᠂ ᠬᠠᠤᠯᠢ ᠬᠡᠷᠡᠭᠵᠢᠭᠦᠯᠬᠦ ᠳᠤᠭᠤᠶᠢᠯᠠᠩ ᠨᠢ ᠲᠣᠭᠲᠠᠮᠠᠯ ᠬᠤᠭᠤᠴᠠᠭ᠎ᠠ ᠲᠠᠢ ᠪᠠᠷ ᠰᠢᠶᠠᠨ ᠤ ᠵᠠᠰᠠᠭ ᠤᠨ ᠣᠷᠳᠣᠨ ᠳᠤ ᠠᠵᠢᠯ ᠤᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠬᠠᠷᠠᠯᠲᠠᠲᠤ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠬᠤ ᠬᠡᠷᠡᠭᠲᠡᠶ᠃ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ᠂ ᠰᠢᠮᠳᠠᠭᠤᠯᠤᠨ ᠵᠢᠯᠣᠭᠤᠳᠬᠤ ᠳᠤᠭᠤᠶᠢᠯᠠᠩ᠂ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠣᠯᠵᠤ ᠮᠡᠳᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠦᠴᠦᠨ ᠦᠭᠡᠶ ᠪᠠᠶᠢᠳᠠᠯ ᠢ ᠬᠠᠤᠯᠢ ᠬᠡᠷᠡᠭᠵᠢᠭᠦᠯᠬᠦ ᠳᠤᠭᠤᠶᠢᠯᠠᠩ ᠳᠤ ᠴᠠᠭ ᠲᠤᠬᠠᠶ ᠳᠤᠨᠢ ᠨᠡᠪᠲᠡᠷᠡᠭᠦᠯᠵᠦ᠂ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃                       ᠳᠠᠭᠠᠯᠳᠤᠭᠤᠯᠤᠯ᠄ ᠲᠦᠴᠢᠦᠸᠠᠨ ᠰᠢᠶᠠᠨ ᠤ ᠮᠠᠯᠵᠢᠬᠤ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ                                                                            2021 ᠣᠨ ᠤ 5 ᠳ᠋ᠤᠭᠠᠷ ᠰᠠᠷ᠎ᠠ ᠶᠢᠨ 5 ᠤ ᠡᠳᠦᠷ                      ᠳᠠᠭᠠᠯᠳᠤᠭᠤᠯᠤᠯ᠄ ᠲᠦᠴᠢᠦᠸᠠᠨ ᠰᠢᠶᠠᠨ ᠤ ᠮᠠᠯᠵᠢᠬᠤ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ   ᠳᠤᠭᠤᠶᠢᠯᠠᠩ          ᠤᠨ           ᠳᠠᠷᠤᠭ᠎ᠠ᠄      ᠭᠧᠩ ᠲᠢᠶᠠᠨ ᠯᠢᠶᠠᠩ      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ᠄      ᠪᠦᠦ    ᠬᠥᠭᠵᠢᠯᠲᠦ       ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠳᠤᠭᠤᠶᠢᠯᠠᠩ ᠤᠨ       ᠳᠡᠳ᠋      ᠳᠠᠷᠤᠭ᠎ᠠ᠄        ᠽᠸᠤ ᠬᠤᠩ ᠴᠧᠩ     ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠪᠦᠷᠢᠯᠳᠦᠬᠦᠨ᠄                                   ᠯᠠᠨ ᠰᠢᠶᠠᠨ ᠹᠧᠩ       ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ                                               ᠯᠢ    ᠹᠦ᠋   ᠱᠧᠩ      ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ                                                   ᠯᠢᠦ   ᠢ    ᠸᠧᠶ       ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ                                                 ᠨᠢᠦ   ᠵᠠᠨ  ᠵᠢᠶᠦ᠋ᠨ    ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ                                                ᠯᠢ     ᠯᠢ             ᠰᠢᠶᠠᠨ ᠤ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ                                                  ᠭᠤᠤ ᠸᠧᠶ ᠭᠦᠸᠧ     ᠰᠢᠶᠠᠨ ᠤ ᠤᠰᠤᠨ ᠠᠰᠢᠭᠯᠠᠯᠲᠠ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ                                               ᠳ᠋ᠦ᠋ ᠴᠠᠩ ᠴᠦᠨ        ᠲᠦᠴᠢᠦᠸᠠᠨ ᠪᠠᠯᠭᠠᠰᠤᠨ ᠤ ᠳᠠᠷᠤᠭ᠎ᠠ                                                ᠫᠠᠩ ᠯᠢᠶᠠᠩ            ᠯᠢᠦ  ᠬᠤ᠋ ᠪᠠᠯᠭᠠᠰᠤᠨ ᠤ ᠳᠠᠷᠤᠭ᠎ᠠ                                               ᠸᠠᠩ ᡁᠢ ᠶᠤᠸᠠᠨ         ᠲᠦᠷᠦᠯᠵᠢ ᠪᠠᠯᠭᠠᠰᠤᠨ ᠤ ᠳᠠᠷᠤᠭ᠎ᠠ                                               ᠵᠠᠩ ᠶᠠᠨ ᠯᠢᠩ         ᠱᠦᠶ ᠴᠢᠤᠸᠠᠨ ᠪᠠᠯᠭᠠᠰᠤᠨ ᠤ ᠳᠠᠷᠤᠭ᠎ᠠ                                                  ᠴᠢ ᠵᠢᠶᠦ᠋ᠨ             ᠶᠦᠩ ᠠᠨ ᠪᠠᠯᠭᠠᠰᠤᠨ ᠤ ᠳᠠᠷᠤᠭ᠎ᠠ                                                 ᠸᠠᠩ ᠱᠤᠸᠠᠩ ᠵᠢᠤᠢ      ᠪᠦᠦ ᠱᠢ ᠪᠠᠯᠭᠠᠰᠤᠨ ᠤ ᠳᠠᠷᠤᠭ᠎ᠠ                                               ᠸᠠᠩ ᠵᠠᠨ ᠱᠧᠩ        ᠰᠢᠤᠸᠠᠢ ᠲᠢᠶᠠᠨ ᠰᠤᠮᠤ ᠶᠢᠨ ᠳᠠᠷᠤᠭ᠎ᠠ                                               ᠸᠠᠩ ᠶᠦᠩ ᠵᠢᠶᠠᠩ      ᠲᠠᠢ ᠫᠢᠩ ᠰᠢᠶᠠᠩ ᠤᠨ ᠳᠠᠷᠤᠭ᠎ᠠ                                               ᠵᠠᠩ ᠬᠤᠢ              ᠵᠢᠦ ᠯᠦᠩ ᠰᠢᠶᠠᠩ ᠤᠨ ᠳᠠᠷᠤᠭ᠎ᠠ           ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ᠂ ᠬᠠᠤᠯᠢ ᠬᠡᠷᠡᠭᠵᠢᠭᠦᠯᠬᠦ ᠳᠤᠭᠤᠶᠢᠯᠠᠩ ᠪᠣᠯᠤᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠠᠯᠪᠠᠨ ᠭᠡᠷ ᠢ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢᠦ ᠢ ᠸᠧᠶ ᠨᠥᠬᠦᠷ ᠬᠠᠪᠰᠤᠷᠭᠠᠨ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠬᠠᠮᠢᠶᠠᠷᠤᠯᠲᠠ ᠪᠣᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃           ᠨᠢᠭᠡ᠂ ᠬᠠᠤᠯᠢ ᠬᠡᠷᠡᠭᠵᠢᠭᠦᠯᠬᠦ ᠳᠤᠭᠤᠶᠢᠯᠠᠩ         ᠰᠢᠶᠠᠨ ᠤ ᠱᠠᠲᠤᠨ ᠳᠤ ᠬᠤᠶᠠᠷ ᠬᠠᠤᠯᠢ ᠬᠡᠷᠡᠭᠵᠢᠭᠦᠯᠬᠦ ᠳᠤᠭᠤᠶᠢᠯᠠᠩ ᠪᠠᠶᠢᠭᠤᠯᠵᠤ᠂ ᠨᠢᠭᠡ ᠳᠤᠭᠤᠶᠢᠯᠠᠩ ᠨᠢ ᠰᠢᠶᠠᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷ ᠲᠦᠷᠦᠭᠦᠯᠡᠭᠦᠯᠦᠨ᠂ ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ ᠤᠨ ᠪᠠᠷᠠᠭᠤᠨ ᠲᠠᠯ᠎ᠠ ᠶᠢᠨ ᠣᠷᠣᠨ ᠪᠦᠰᠡ ᠶᠢ ᠪᠣᠳᠠᠲᠠᠶ ᠬᠠᠷᠢᠭᠤᠴᠠᠭᠤᠯᠤᠨ᠎ᠠ᠃ ᠬᠤᠶᠠᠳᠤᠭᠠᠷ ᠳᠤᠭᠤᠶᠢᠯᠠᠩ ᠨᠢ ᠤᠰᠤᠨ ᠠᠰᠢᠭᠯᠠᠯᠲᠠ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠡᠭᠡ ᠠᠩᠭᠢ ᠪᠠᠷ ᠲᠦᠷᠦᠭᠦᠯᠡᠭᠦᠯᠦᠨ᠂ ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ ᠠᠴᠠ ᠵᠡᠭᠦᠨᠰᠢᠬᠢ ᠣᠷᠣᠨ ᠪᠦᠰᠡ ᠶᠢ ᠪᠣᠳᠠᠲᠠᠶ ᠬᠠᠷᠢᠭᠤᠴᠠᠨ᠎ᠠ᠃           ᠬᠠᠤᠯᠢ ᠬᠡᠷᠡᠭᠵᠢᠭᠦᠯᠬᠦ ᠣᠷᠣᠨ᠄ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠲᠠᠯᠠᠪᠠᠢ ᠶᠢᠨ ᠬᠦᠷᠢᠶᠡᠯᠡᠩ᠃           ᠬᠤᠶᠠᠷ᠂ ᠬᠢᠨᠠᠨ ᠵᠢᠯᠣᠭᠤᠳᠬᠤ ᠳᠤᠭᠤᠶᠢᠯᠠᠩ           ᠳᠤᠭᠤᠶᠢᠯᠠᠩ ᠤᠨ ᠳᠠᠷᠤᠭ᠎ᠠ᠄          ᠰᠦᠨ ᠵᠠᠨ ᠺᠦᠶ      ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ           ᠪᠦᠷᠢᠯᠳᠦᠬᠦᠨ᠄                      ᠬᠤᠤ ᠯᠢ ᠵᠢᠤᠸᠠᠨ     ᠰᠢᠶᠠᠨ ᠤ ᠨᠠᠮ ᠤᠨ ᠬᠤᠷᠢᠶᠠᠨ ᠤ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ                                               ᠯᠢᠦ ᠸᠧᠶ         ᠰᠢᠶᠠᠨ ᠤ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠤᠨ ᠡᠷᠬᠢᠯᠡᠭᠴᠢ                                     ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠬᠥᠮᠦᠰ ᠢ ᠰᠣᠩᠭᠤᠨ ᠲᠣᠮᠢᠯᠠᠨ᠎ᠠ               ᠰᠢᠪᠠᠳᠠᠨ ᠵᠢᠯᠣᠭᠤᠳᠬᠤ ᠣᠷᠣᠨ ᠪᠦᠰᠡ᠄ ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠲᠠᠯᠠᠪᠠᠶ ᠶᠢᠨ ᠬᠦᠷᠢᠶᠡᠯᠡᠩ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ      2021 ᠣᠨ ᠤ 5 ᠰᠠᠷ᠎ᠠ ᠶᠢᠨ 5 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号