ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠢ ᠳᠠᠷᠤᠮᠠᠯᠯᠠᠨ ᠲᠠᠷᠬᠠᠭᠠᠬᠤ ᠲᠤᠬᠠᠶ  ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠮᠡᠳᠡᠭᠳᠡᠯ
ᠨᠡᠶᠢᠲᠡᠯᠡᠭᠰᠡᠨ ᠴᠠᠭ᠄
2021/8/30
            ᠲᠦᠴᠢᠤᠸᠠᠨ ᠵᠠᠰᠠᠭ ᠠᠯᠪᠠᠨ ᠲᠠᠷᠬᠠᠭᠠᠭᠰᠠᠨ  【2021】34 ᠳ᠋ᠣᠭᠠᠷ ᠲᠣᠭᠠᠳᠦ  ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄        ᠤᠯᠤᠰ ᠵᠢᠴᠢ ᠣᠷᠣᠨ ᠠᠶᠢᠮᠠᠭ ᠤᠨ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ︵ᠳᠣᠷᠣᠭᠰᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠭᠡᠵᠦ ᠲᠣᠪᠴᠢᠯᠠᠨ᠎ᠠ︶ ᠶᠢᠨ ᠠᠮᠤᠷ ᠲᠦᠪᠰᠢᠨ ᠤ ᠠᠵᠢᠯ ᠤᠨ ᠲᠤᠬᠠᠶ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ 2021 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠵᠡᠷᠭᠡ ᠡᠯ᠎ᠡ ᠲᠥᠷᠥᠯ ᠤᠨ ᠤᠯᠤᠰ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ︵ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠠᠭᠲᠠᠨ᠎ᠠ︶ ᠶᠢᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠲᠣ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠳᠤᠤᠷᠠᠬᠢ ᠮᠡᠲᠦ ᠲᠣᠳᠣᠷᠬᠠᠶᠢᠯᠠᠪᠠ᠄        ︵ᠨᠢᠭᠡ︶ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ᠄ ᠰᠤᠷᠭᠠᠨ ᠬᠥᠮᠦᠵᠢᠯ ᠤᠨ ᠶᠠᠮᠤᠨ ᠪᠠ ᠲᠣᠭᠤᠷᠢᠭ᠂ ᠠᠶᠢᠮᠠᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠢᠯᠭᠠᠯᠲᠠ ︵ᠬᠠᠷᠢᠭᠤᠯᠲᠠ︶ ᠶᠢᠨ ᠬᠠᠭᠤᠳᠠᠰᠤ ᠶᠢ ᠬᠠᠳᠠᠭᠠᠯᠠᠨ ᠬᠠᠮᠢᠶᠠᠷᠬᠤ᠂ ᠵᠥᠭᠡᠭᠡᠪᠦᠷᠢᠯᠡᠬᠦ᠂ ᠰᠢᠯᠭᠠᠬᠤ᠂ ᠡᠷᠡᠮᠡᠯᠵᠡᠯ ᠲᠠᠭᠯᠠᠬᠤ ᠵᠡᠷᠭᠡ ᠶᠢ ᠪᠠᠭᠲᠠᠭᠠᠭᠰᠠᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠬᠢᠨᠠᠯᠲᠠ ᠪᠠ ᠵᠢᠯᠣᠭᠤᠳᠣᠯᠭ᠎ᠠ ᠶᠢ ᠰᠠᠶᠢᠲᠤᠷ ᠬᠢᠨ᠎ᠠ ︔ ᠬᠠᠮᠢᠶ᠎ᠠ ᠪᠥᠬᠦᠶ ᠰᠢᠯᠭᠠᠯᠲᠠ ᠶᠢᠨ ᠶᠠᠪᠤᠳᠠᠯ ᠤᠨ ᠠᠵᠢᠯ ᠤᠨ ᠴᠤᠪᠤᠷᠠᠯ ᠢ ᠰᠤᠳᠤᠯᠵᠤ ᠨᠠᠷᠢᠯᠢᠬᠵᠢᠭᠤᠯᠤᠨ᠂ ᠲᠠᠰ ᠳᠠᠷᠠᠭᠠᠯᠠᠯ ᠢ ᠴᠢᠩᠳᠠᠯᠠᠵᠤ᠂ ᠰᠠᠬᠢᠯᠭ᠎ᠠ ᠪᠠᠲᠤ ᠶᠢ ᠴᠢᠩᠳᠠᠯᠠᠨ᠂ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠥᠬᠦᠶ ᠵᠢᠭᠠᠨ ᠵᠢᠯᠣᠭᠤᠳᠴᠤ ᠦᠢᠯᠡᠴᠢᠯᠡᠬᠦ ᠠᠵᠢᠯ ᠢ ᠦᠨᠡᠨ ᠬᠦ ᠰᠠᠶᠢᠲᠤᠷ ᠬᠢᠨ᠎ᠠ᠃        ᠨᠢᠭᠡᠳᠦᠭᠡᠷ ᠭᠠᠷ ᠪᠡᠶ᠎ᠡ ᠪᠠᠷ ᠢᠶᠠᠨ ᠠᠳᠬᠤᠵᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠰᠢᠯᠭᠠᠯᠲᠠ ︵ᠬᠠᠷᠢᠭᠤᠯᠲᠠ︶ ᠶᠢᠨ ᠬᠠᠭᠤᠳᠠᠰᠤ ᠶᠢᠨ ᠠᠮᠤᠷ ᠲᠦᠪᠰᠢᠨ ᠪᠠ ᠰᠢᠯᠭᠠᠯᠲᠠ ᠶᠢᠨ ᠠᠮᠤᠷ ᠲᠦᠪᠰᠢᠨ ᠢᠶᠠᠷ ᠠᠵᠢᠯ ᠤᠨ ᠭᠤᠤᠯᠳᠠᠯᠭ᠎ᠠ ᠪᠣᠯᠭᠠᠵᠤ᠂ ᠰᠢᠯᠭᠠᠯᠲᠠ ᠶᠢᠨ ᠶᠠᠪᠤᠳᠠᠯ ᠤᠨ ᠠᠵᠢᠯ ᠵᠢᠴᠢ ᠰᠢᠯᠭᠠᠯᠲᠠ ᠶᠢᠨ ᠠᠮᠤᠷ ᠲᠦᠪᠰᠢᠨ ᠤ ᠪᠥᠬᠦ ᠶᠠᠪᠤᠴᠠ ᠶᠢᠨ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠰᠤᠷᠭᠠᠨ ᠬᠥᠮᠦᠵᠢᠯ ᠤᠨ ᠲᠣᠪᠴᠢᠶ᠎ᠠ ᠰᠢᠯᠭᠠᠯᠲᠠ ᠠᠴᠠ ᠡᠮᠦᠨ᠎ᠡ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠬᠠᠨᠳᠤᠭᠤᠯᠤᠭᠰᠠᠨ ᠦᠨᠡᠨᠴᠢ ᠢᠲᠡᠭᠡᠮᠵᠢ ᠶᠢᠨ ᠬᠥᠮᠦᠵᠢᠯ ᠢ ᠰᠠᠶᠢᠲᠤᠷ ᠥᠷᠨᠢᠭᠦᠯᠬᠦ ᠬᠡᠷᠡᠭᠲᠡᠶ᠂ ᠰᠢᠯᠭᠠᠭᠤᠯᠤᠭᠴᠢ ᠪᠠ ᠭᠡᠷ ᠤᠨ ᠠᠬᠠᠮᠠᠳ ᠲᠤ ︽ᠰᠢᠯᠭᠠᠭᠤᠯᠤᠭᠴᠢ ᠶᠢᠨ ᠰᠢᠯᠭᠠᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠦᠯᠦᠨ᠎ᠡ᠂ ᠪᠠᠷᠢᠮᠵᠢᠶᠠᠲᠤ ᠰᠢᠯᠭᠠᠯᠲᠠ ᠶᠢᠨ ᠲᠠᠯᠠᠪᠤᠷ ᠤᠨ ᠰᠢᠯᠭᠠᠯᠲᠠ ᠳᠤ ᠣᠷᠣᠯᠴᠠᠬᠤ ᠣᠷᠴᠢᠨ ᠲᠣᠭᠤᠷᠢᠨ ᠢ ᠮᠡᠳᠡᠨ᠎ᠡ᠂ ᠰᠢᠯᠭᠠᠯᠲᠠ ᠶᠢᠨ ᠬᠤᠭᠤᠴᠠᠭᠠᠨ ᠳᠤ ᠬᠥᠮᠦᠨ ᠤ ᠵᠢᠰᠦ ᠶᠢ ᠢᠯᠭᠠᠨ ᠲᠠᠨᠢᠬᠤ ᠰᠢᠯᠭᠠᠨ ᠪᠠᠲᠤᠯᠠᠬᠤ᠂ ᠷᠠᠳᠢᠣ᠋ ᠬᠠᠯᠬᠠᠯᠲᠠ ᠶᠢᠨ ᠲᠥᠬᠦᠭᠡᠷᠦᠮᠵᠢ᠂ ᠲᠡᠮᠦᠷᠯᠢᠭ ᠬᠠᠢᠭᠤᠷ ᠵᠡᠷᠭᠡ ᠭᠡᠮ ᠬᠢᠬᠦ ᠶᠢ ᠡᠰᠡᠷᠭᠦᠴᠡᠬᠦ ᠲᠥᠬᠦᠭᠡᠷᠦᠮᠵᠢ ᠶᠢ ᠲᠣᠬᠢᠷᠠᠭᠤᠯᠬᠤ ᠪᠠ ᠬᠡᠷᠡᠭᠯᠡᠬᠦ ᠬᠢᠭᠡᠳ ᠳᠠᠭᠤ ᠳᠦᠷᠰᠦ ᠰᠢᠩᠭᠡᠭᠡᠯᠲᠡ ᠶᠢᠨ ᠲᠥᠬᠦᠭᠡᠷᠦᠮᠵᠢ ᠶᠢ ᠤᠭᠰᠠᠷᠠᠬᠤ ᠪᠠ ᠬᠡᠷᠡᠭᠯᠡᠬᠦ᠂ ᠰᠢᠯᠭᠠᠭᠤᠯᠤᠭᠴᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠶᠢᠨ ᠲᠥᠪ ᠴᠢᠩᠭ᠎ᠠ ᠠᠮᠠᠯᠠᠯᠲᠠ ᠪᠠᠨ ᠭᠦᠢᠴᠡᠳᠭᠡᠬᠦ ᠶᠢ ᠦᠨᠡᠨ ᠬᠦ ᠬᠥᠲᠥᠯᠥᠨ ᠵᠢᠯᠣᠭᠤᠳᠤᠨ᠎ᠠ᠂ ᠰᠢᠯᠭᠠᠯᠲᠠ ᠶᠢᠨ ᠬᠤᠭᠤᠴᠠᠭᠠᠨ ᠳᠤ ᠲᠣᠭᠲᠠᠭᠠᠯ ᠶᠣᠰᠣᠭᠠᠷ ᠬᠦᠯᠢᠶᠡᠨ ᠠᠪᠬᠤ ᠶᠢᠨ ᠬᠠᠮᠲᠤ ᠰᠢᠯᠭᠠᠯᠲᠠ ᠶᠢᠨ ᠴᠡᠭ ᠲᠤ ᠬᠠᠮᠵᠢᠯᠴᠠᠬᠤ ᠬᠡᠷᠡᠭᠲᠡᠶ᠂ ᠰᠢᠯᠭᠠᠯᠲᠠ ᠶᠢᠨ ᠲᠠᠯᠠᠪᠠᠢ ᠶᠢᠨ ᠡᠮᠦᠨᠡᠬᠢ ᠬᠠᠮᠢᠶ᠎ᠠ ᠪᠦᠬᠦᠢ ᠪᠠᠶᠢᠴᠠᠭᠠᠯᠲᠠ᠂ ᠰᠢᠯᠭᠠᠯᠲᠠ ᠶᠢᠨ ᠶᠠᠪᠤᠴᠠ ᠳᠠᠬᠢ ᠭᠡᠮ ᠬᠢᠬᠦ ᠶᠢ ᠡᠰᠡᠷᠭᠦᠴᠡᠬᠦ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠵᠥᠪᠰᠢᠶᠡᠷᠡᠨ᠎ᠡ᠂ ᠪᠠᠶᠢᠴᠠᠭᠠᠯᠲᠠ ᠪᠠ ᠵᠢᠷᠤᠭ ᠳᠦᠷᠰᠦ ᠴᠤᠭᠯᠠᠭᠤᠯᠬᠤ᠃ ᠬᠡᠷᠪᠡ ᠰᠠᠬᠢᠯᠭ᠎ᠠ ᠪᠠᠲᠤ ᠲᠦᠷᠢᠮ ᠲᠣᠭᠲᠠᠭᠠᠯ ᠢ ᠬᠦᠨᠳᠦ ᠨᠣᠴᠢᠲᠠᠶ ᠵᠥᠷᠢᠴᠡᠭᠰᠡᠨ ᠰᠢᠯᠭᠠᠭᠤᠯᠤᠭᠴᠢ ᠢᠯᠡᠷᠡᠬᠦ ᠶᠢᠨ ᠬᠠᠮᠲᠤ ᠵᠣᠬᠢᠬᠤ ᠨᠡᠶᠢᠭᠡᠮ ᠤᠨ ᠨᠥᠯᠥᠭᠡ ᠠᠪᠴᠢᠷᠠᠬᠤ ᠳᠤ ᠭᠦᠷᠪᠡᠯ ᠴᠢᠩᠭ᠎ᠠ ᠰᠢᠢᠳᠪᠦᠷᠢᠯᠡᠬᠦ ᠶᠢᠨ ᠬᠠᠮᠲᠤ ᠰᠢᠯᠭᠠᠭᠤᠯᠤᠭᠴᠢ ᠶᠢᠨ ᠪᠠᠶᠢᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠪᠠ ᠠᠩᠭᠢ ᠶᠢᠨ ᠡᠷᠬᠢᠯᠡᠭᠴᠢ ᠶᠢᠨ ᠬᠤᠯᠪᠣᠭᠳᠠᠯ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠬᠢᠨᠠᠨ ᠰᠢᠯᠭᠠᠭᠴᠢ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠰᠤᠷᠤᠭᠴᠢ ᠡᠯᠰᠡᠬᠦ ᠵᠥᠪᠯᠡᠯ ᠲᠠᠷᠬᠠᠭᠠᠭᠰᠠᠨ 201711 ᠳ᠋ᠦ᠋ᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠯᠲᠠ ᠶᠢᠨ ᠲᠠᠯᠠᠪᠠᠢ ᠂ ᠰᠢᠯᠭᠠᠯᠲᠠ ᠶᠢᠨ ᠲᠠᠯᠠᠪᠤᠷ ᠪᠠᠶᠢᠷᠢᠯᠠᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠰᠤᠷᠤᠭᠴᠢ ᠡᠯᠰᠡᠬᠦ ᠰᠢᠯᠭᠠᠯᠲᠠ ᠶᠢᠨ ᠠᠯᠪᠠᠨ ᠬᠡᠷ 201741 ᠳ᠋ᠦ᠋ᠭᠡᠷ ᠲᠣᠭᠠᠲᠤ︶ ᠶᠢᠨ ᠶᠣᠰᠣᠭᠠᠷ᠂ ︽ᠪᠣᠯᠪᠠᠰᠤᠷᠠᠭᠤᠯᠤᠯ ᠬᠢᠬᠦ ᠥᠬᠡᠶ ᠪᠣᠯ ᠠᠵᠢᠯ ᠤᠨ ᠪᠠᠶᠢᠷᠢ ᠳᠤ ᠭᠠᠷᠬᠤ ᠥᠬᠡᠶ᠂ ᠪᠣᠯᠪᠠᠰᠤᠷᠠᠭᠤᠯᠤᠯ ᠳᠤ ᠬᠢᠷᠢ ᠲᠡᠩᠴᠡᠭᠦ ᠥᠬᠡᠶ ᠪᠣᠯ ᠠᠵᠢᠯ ᠤᠨ ᠪᠠᠶᠢᠷᠢ ᠳᠤ ᠭᠠᠷᠬᠤ ᠥᠬᠡᠶ︾ ᠵᠠᠷᠴᠢᠮ ᠢ ᠪᠠᠷᠢᠮᠲᠠᠯᠠᠵᠤ᠂ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠴᠢᠩᠭ᠎ᠠ ᠪᠣᠯᠪᠠᠰᠤᠷᠠᠭᠤᠯᠤᠨ᠎ᠠ᠃ ᠰᠢᠯᠭᠠᠨ ᠪᠠᠶᠢᠴᠠᠭᠠᠭᠴᠢ ᠶᠢ ᠴᠢᠩᠭ᠎ᠠ ᠰᠣᠩᠭᠤᠨ ᠤᠷᠢᠵᠤ᠂ ᠬᠡᠷᠪᠡ ᠰᠠᠬᠢᠯᠭ᠎ᠠ ᠪᠠᠲᠤ ᠲᠦᠷᠢᠮ ᠲᠣᠭᠲᠠᠭᠠᠯ ᠢ ᠬᠦᠨᠳᠦ ᠨᠣᠴᠢᠲᠠᠶ ᠵᠥᠷᠢᠴᠡᠭᠰᠡᠨ ᠰᠢᠯᠭᠠᠨ ᠪᠠᠶᠢᠴᠠᠭᠠᠭᠴᠢ᠂ ᠠᠵᠢᠯᠲᠠᠨ ᠪᠤᠶᠤ ᠥᠪᠡᠷᠲᠡᠭᠡᠨ ᠵᠠᠰᠠᠬᠤ ᠣᠷᠣᠨ ᠠᠴᠠ ᠰᠢᠯᠭᠠᠨ ᠪᠠᠶᠢᠴᠠᠭᠠᠭᠴᠢ᠂ ᠠᠵᠢᠯᠲᠠᠨ ᠪᠣᠯᠭᠠᠬᠤ ᠥᠬᠡᠶ ᠪᠠᠷ ᠵᠠᠷᠯᠠᠨ ᠮᠡᠳᠡᠭᠳᠡᠭᠰᠡᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠤᠯᠪᠣᠭᠳᠠᠯ ᠪᠥᠬᠦᠶ ᠰᠢᠯᠭᠠᠨ ᠪᠠᠶᠢᠴᠠᠭᠠᠭᠴᠢ ᠪᠠ ᠠᠵᠢᠯᠲᠠᠨ ᠢ ᠴᠢᠩᠭ᠎ᠠ ᠰᠢᠢᠳᠪᠦᠷᠢᠯᠡᠵᠦ᠂ ᠬᠡᠰᠡᠭ ︵ᠪᠤᠶᠤ ᠪᠦᠬᠦᠨ︶ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠬᠠᠰᠤᠬᠤ ᠶᠢᠨ ᠬᠠᠮᠲᠤ ᠲᠤᠬᠠᠶ ᠶᠢᠨ ᠵᠢᠯ ᠳᠤ ᠰᠢᠯᠢᠳᠡᠭ ᠢ ᠨᠢ ᠳᠡᠪᠰᠢᠭᠦᠯᠬᠦ ᠥᠬᠡᠶ ᠪᠠᠶᠢᠬᠤ ᠶᠢᠨ ᠬᠠᠮᠲᠤ᠂ ᠰᠢᠯᠭᠠᠯᠲᠠ ᠶᠢᠨ ᠲᠠᠯᠠᠪᠠᠢ ᠶᠢᠨ ᠭᠤᠤᠯ ᠰᠢᠯᠭᠠᠭᠴᠢ ᠪᠠ ᠰᠢᠯᠭᠠᠨ ᠪᠠᠶᠢᠴᠠᠭᠠᠭᠴᠢ᠂ ᠠᠵᠢᠯᠲᠠᠨ ᠤ ᠪᠠᠶᠢᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠤ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠨ᠎ᠡ᠃        ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠵᠤ᠂ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠯᠭᠠᠯᠲᠠ ᠳᠤ ᠬᠤᠯᠪᠣᠭᠳᠠᠭᠰᠠᠨ ᠪᠠ ᠰᠣᠷᠣᠭᠴᠢ ᠡᠯᠰᠡᠬᠦ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠬᠠᠮᠢᠶ᠎ᠠ ᠪᠥᠬᠦᠶ ᠲᠣᠭᠲᠠᠭᠠᠯ ᠪᠠ ᠱᠠᠭᠠᠷᠳᠠᠯᠭ᠎ᠠ ᠶᠣᠰᠣᠭᠠᠷ ᠡᠯ᠎ᠡ ᠲᠥᠷᠥᠯ ᠤᠨ ᠰᠣᠷᠣᠭᠴᠢ ᠡᠯᠰᠡᠬᠦ ᠰᠢᠯᠭᠠᠯᠲᠠ ᠶᠢᠨ ᠭᠡᠨᠡᠳᠲᠡ ᠶᠢᠨ ᠬᠡᠷᠡᠭ ᠢ ᠲᠣᠬᠢᠲᠠᠶ ᠰᠢᠢᠳᠪᠦᠷᠢᠯᠡᠨ᠎ᠡ᠃ ᠰᠢᠯᠭᠠᠯᠲᠠ ᠶᠢᠨ ᠲᠠᠯᠠᠪᠠᠶ ᠶᠢ ᠬᠢᠨᠠᠨ ᠡᠵᠡᠮᠳᠡᠬᠦ ᠮᠡᠳᠡᠭᠡ ᠵᠠᠩᠭᠢ ᠶᠢᠨ ᠮᠡᠷᠭᠡᠵᠢᠯ ᠵᠡᠷᠭᠡ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯᠲᠠᠨ ᠪᠠ ᠠᠵᠢᠯᠯᠠᠭᠴᠢ ᠶᠢ ᠤᠷᠢᠳᠴᠢᠯᠠᠨ ᠪᠣᠯᠪᠠᠰᠤᠷᠠᠭᠤᠯᠵᠤ᠂ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠢᠭᠡᠳᠦᠯᠲᠡᠶ ᠠᠵᠢᠯᠯᠠᠭᠠᠨ ᠤ ᠲᠠᠰ ᠳᠠᠷᠠᠭᠠᠯᠠᠯ ᠪᠠ ᠮᠡᠷᠭᠡᠵᠢᠯ ᠤᠨ ᠪᠠᠷᠢᠮᠵᠢᠶ᠎ᠠ ᠵᠢᠷᠤᠮᠵᠢᠯ ᠶᠣᠰᠣᠭᠠᠷ ᠠᠵᠢᠯᠯᠠᠭᠤᠯᠬᠤ ᠶᠢ ᠪᠠᠲᠤᠯᠠᠵᠤ᠂ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠶᠢᠨ ᠬᠠᠮᠢᠶ᠎ᠠ ᠪᠥᠬᠦᠶ ᠲᠥᠬᠦᠭᠡᠷᠦᠮᠵᠢ ᠶᠢᠨ ᠬᠡᠷᠡᠭᠯᠡᠬᠦ ᠬᠤᠭᠤᠴᠠᠭᠠᠨ ᠳᠠᠬᠢ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠶ ᠳᠤᠨᠢ ᠵᠢᠯᠣᠭᠤᠳᠤᠨ ᠰᠢᠢᠳᠪᠦᠷᠢᠯᠡᠬᠦ ᠬᠡᠷᠡᠭᠲᠡᠶ᠃       ︵ᠬᠤᠶᠠᠷ︶ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠰᠤᠷᠭᠠᠨ ᠬᠥᠮᠦᠵᠢᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠥᠷᠭᠡᠨ ᠣᠯᠠᠨ ᠰᠢᠯᠭᠠᠭᠤᠯᠤᠭᠰᠠᠳ ᠲᠤ ᠠᠮᠤᠷ ᠲᠦᠪᠰᠢᠨ ᠪᠥᠭᠡᠳ ᠲᠣᠭᠲᠠᠭᠤᠨ ᠰᠢᠯᠭᠠᠯᠲᠠ ᠶᠢᠨ ᠣᠷᠴᠢᠨ ᠨᠥᠬᠦᠴᠡᠯ ᠢ ᠴᠢᠷᠮᠠᠶᠢᠨ ᠪᠤᠶ ᠪᠣᠯᠭᠠᠨ᠎ᠠ᠃ ᠰᠢᠯᠭᠠᠯᠲᠠ ᠶᠢᠨ ᠲᠠᠯᠠᠪᠡᠢ ᠵᠡᠷᠭᠡ ᠰᠢᠯᠭᠠᠯᠲᠠ ᠳᠤ ᠬᠤᠯᠪᠣᠭᠳᠠᠬᠤ ᠲᠠᠯᠠᠪᠤᠷ ᠵᠢᠴᠢ ᠡᠷᠭᠢᠨ ᠲᠣᠭᠤᠷᠢᠨ ᠤ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ᠂ ᠠᠮᠤᠷ ᠲᠦᠪᠰᠢᠨ ᠢ ᠬᠠᠮᠠᠭᠠᠯᠠᠬᠤ ᠠᠵᠢᠯ ᠢ ᠭᠤᠤᠯᠳᠠᠯᠭ᠎ᠠ ᠲᠠᠢ ᠬᠠᠷᠢᠭᠤᠴᠠᠨ᠎ᠠ︔ ᠰᠢᠯᠭᠠᠯᠲᠠ ᠳᠤ ᠬᠤᠯᠪᠣᠭᠳᠠᠭᠰᠠᠨ ᠢᠨᠲ᠋ᠧᠷ ᠰᠦᠯᠵᠢᠶᠡᠨ ᠤ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠬᠢᠨᠠᠨ ᠡᠵᠡᠮᠳᠡᠬᠦ ᠶᠢᠨ ᠬᠠᠮᠲᠤ ᠴᠠᠭ ᠲᠤᠬᠠᠶ ᠳᠤᠨᠢ ᠰᠢᠢᠳᠪᠦᠷᠢᠯᠡᠵᠦ᠂ ᠷᠠᠳᠢᠣ᠋ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠮᠡᠳᠡᠭᠡ ᠬᠤᠯᠪᠣᠭᠠᠨ ᠤ ᠲᠥᠬᠦᠭᠡᠷᠦᠮᠵᠢ᠂ ᠢᠨᠲ᠋ᠧᠷ ᠰᠦᠯᠵᠢᠶ᠎ᠡ ᠵᠡᠷᠭᠡ ᠶᠢ ᠠᠰᠢᠭᠯᠠᠨ ᠰᠢᠯᠭᠠᠯᠲᠠ ᠳᠤ ᠬᠡᠮ ᠬᠢᠬᠦ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠮᠲᠤ ᠪᠠᠷ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠴᠦ᠂ ᠰᠦᠯᠵᠢᠶᠡᠨ ᠤ ᠣᠷᠴᠢᠨ ᠨᠥᠬᠦᠴᠡᠯ ᠢ ᠴᠡᠪᠡᠷᠰᠢᠭᠦᠯᠦᠨ᠎ᠡ︔ ᠬᠠᠤᠯᠢ ᠪᠤᠰᠤ ᠵᠠᠭᠤᠴᠢ ᠶᠢᠨ ᠰᠣᠷᠣᠭᠴᠢ ᠡᠯᠰᠡᠬᠦ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠰᠢᠯᠭᠠᠯᠲᠠ ᠳᠤ ᠬᠤᠯᠪᠣᠭᠳᠠᠭᠰᠠᠨ ᠪᠠ ᠰᠣᠷᠣᠭᠴᠢ ᠡᠯᠰᠡᠬᠦ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠢᠯᠭᠠᠯᠲᠠ ᠳᠤ ᠬᠡᠮ ᠬᠢᠬᠦ ᠪᠦᠯᠬᠦᠮ ᠤᠨ ᠬᠢᠭᠰᠡᠨ ᠬᠡᠷᠡᠭ ᠪᠠ ᠬᠠᠤᠯᠢ ᠪᠤᠰᠤ ᠵᠠᠭᠤᠴᠢ ᠶᠢᠨ ᠰᠣᠷᠣᠭᠴᠢ ᠡᠯᠰᠡᠬᠦ ᠮᠡᠬᠡᠯᠡᠯ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠳᠤ ᠭᠤᠤᠯᠳᠠᠯᠭ᠎ᠠ ᠲᠠᠢ ᠴᠣᠬᠢᠯᠲᠠ ᠥᠭᠬᠦ ᠶᠢᠨ ᠬᠠᠮᠲᠤ ᠴᠠᠭ ᠲᠤᠬᠠᠶ ᠳᠤᠨᠢ ᠢᠯᠡᠴᠢᠯᠡᠨ᠎ᠡ᠃ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢ ᠬᠠᠮᠵᠢᠨ ᠰᠢᠯᠭᠠᠭᠤᠯᠤᠭᠴᠢ ᠶᠢᠨ ᠡᠷᠦᠬᠡ ᠠᠮᠠ ᠶᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ︔  ᠴᠠᠭᠳᠠᠭᠠᠨ ᠤ ᠬᠦᠴᠦᠨ ᠢ ᠭᠦᠢᠴᠡᠳ ᠲᠣᠬᠢᠷᠠᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠰᠢᠯᠭᠠᠯᠲᠠ ᠶᠢᠨ ᠬᠤᠭᠤᠴᠠᠭᠠᠨ ᠤ ᠬᠠᠮᠢᠶ᠎ᠠ ᠪᠥᠬᠦᠶ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠰᠢᠯᠭᠠᠯᠲᠠ ᠶᠢᠨ ᠬᠠᠭᠤᠳᠠᠰᠤ ᠶᠢ ᠵᠥᠭᠡᠭᠡᠪᠦᠷᠢᠯᠡᠬᠦ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ ᠬᠤᠭᠤᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠪᠠ ᠰᠤᠷᠭᠠᠭᠤᠯᠢ ᠶᠢ ᠬᠠᠮᠵᠢᠨ ᠰᠢᠯᠭᠠᠯᠲᠠ ᠳᠤ ᠬᠤᠯᠪᠣᠭᠳᠠᠬᠤ ᠰᠣᠷᠣᠭᠴᠢ ᠡᠯᠰᠡᠬᠦ ᠲᠠᠯᠠᠪᠤᠷ ︵ᠰᠢᠯᠭᠠᠯᠲᠠ ᠶᠢᠨ ᠲᠠᠯᠠᠪᠠᠢ᠂ ᠰᠣᠷᠣᠭᠴᠢ ᠶᠢᠨ ᠪᠠᠶᠢᠷᠢ ᠵᠡᠷᠭᠡ︶ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠠ︔ ᠰᠢᠯᠭᠠᠯᠲᠠ ᠶᠢᠨ ᠲᠠᠯᠠᠪᠠᠢ ᠶᠢᠨ ᠡᠷᠬᠢᠨ ᠲᠣᠭᠤᠷᠢᠨ ︵ᠵᠣᠴᠢᠳ ᠤᠨ ᠪᠠᠭᠤᠳᠠᠯ᠂ ᠳᠡᠯᠭᠡᠭᠦᠷ᠂ ᠰᠦᠯᠵᠢᠶᠡᠨ ᠤ ᠪᠠᠭᠠᠷ᠂ ᠬᠤᠭᠤᠯᠠᠨ ᠬᠡᠷ᠂ ᠲᠦᠷᠢᠶᠡᠰᠦᠨ ᠬᠡᠷ ᠵᠡᠷᠭᠡ︶ ᠤ ᠠᠮᠤᠷ ᠲᠦᠪᠰᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ︔ ᠰᠢᠯᠭᠠᠯᠲᠠ ᠶᠢᠨ ᠠᠵᠢᠯ ᠪᠠ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠠᠵᠢᠯ ᠤᠨ ᠬᠠᠷᠢᠴᠠᠯᠠᠰᠢ ᠦᠭᠡᠢ ᠠᠮᠤᠷ ᠲᠦᠪᠰᠢᠨ ᠢ ᠪᠠᠲᠤᠯᠠᠬᠤ ᠬᠡᠷᠡᠭᠲᠡᠶ︔ ᠰᠢᠯᠭᠠᠯᠲᠠ ᠶᠢᠨ ᠠᠵᠢᠯᠲᠠᠨ ᠢ ᠲᠡᠭᠡᠭᠡᠪᠦᠷᠢᠯᠡᠨ ᠬᠦᠷᠭᠡᠬᠦ ᠪᠠ ᠰᠢᠯᠭᠠᠭᠤᠯᠤᠭᠴᠢ ᠶᠢ ᠲᠡᠭᠡᠭᠡᠪᠦᠷᠢᠯᠡᠨ ᠬᠦᠷᠭᠡᠬᠦ ᠲᠡᠷᠭᠡ ᠬᠥᠰᠬᠡ ᠶᠢᠨ ᠰᠠᠭᠠᠳ ᠥᠬᠡᠶ ᠨᠡᠪᠲᠡᠷᠡᠬᠦ ᠪᠠ ᠠᠮᠤᠷ ᠲᠦᠪᠰᠢᠨ ᠪᠠᠶᠢᠬᠤ ᠶᠢ ᠪᠠᠲᠤᠯᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠰᠢᠯᠭᠠᠯᠲᠠ ᠶᠢᠨ ᠭᠠᠵᠠᠷ ᠤᠨ ᠡᠷᠬᠢᠨ ᠲᠣᠭᠤᠷᠢᠨ ᠤ ᠲᠡᠷᠭᠡ ᠬᠥᠰᠬᠡ ᠪᠠ ᠬᠤᠯᠪᠣᠭᠳᠠᠯ ᠪᠥᠬᠦᠶ ᠵᠠᠮ ᠤᠨ ᠬᠡᠰᠡᠭ ᠢ ᠵᠠᠬᠢᠷᠤᠨ ᠬᠠᠮᠢᠶᠠᠷᠴᠤ᠂ ᠬᠥᠲᠥᠯᠥᠨ ᠵᠢᠯᠣᠭᠤᠳᠴᠤ᠂ ᠵᠠᠮ ᠬᠠᠷᠢᠯᠴᠠᠭᠠᠨ ᠤ ᠰᠠᠭᠠᠳ ᠥᠬᠡᠶ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠯᠲᠠ ᠠᠴᠠ ᠡᠮᠦᠨ᠎ᠡ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠴᠢᠮ ᠭᠦᠢᠴᠡᠳᠭᠡᠬᠦ ᠴᠢᠬᠤᠯᠠᠲᠠᠶ ᠰᠢᠯᠭᠠᠭᠤᠯᠤᠭᠴᠢ ᠶᠢ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠨ᠂ ᠤᠷᠢᠳ ᠢᠶᠠᠷ ᠦᠨᠡᠮᠯᠡᠯ ᠵᠣᠬᠢᠶᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠰᠣᠷᠣᠭᠴᠢ ᠡᠯᠰᠡᠬᠦ ᠰᠢᠯᠭᠠᠯᠲᠠ ᠶᠢᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠢᠴᠢ ᠨᠡᠶᠢᠭᠡᠮ ᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠵᠦ᠂ ᠰᠢᠯᠭᠠᠯᠲᠠ ᠶᠢᠨ ᠲᠠᠯᠠᠪᠡᠢ ᠶᠢᠨ ᠭᠤᠤᠯ ᠰᠢᠯᠭᠠᠯᠲᠠ ᠶᠢ ᠬᠠᠮᠵᠢᠨ ︵ᠰᠢᠯᠭᠠᠯᠲᠠ ᠶᠢᠨ ᠬᠤᠭᠤᠴᠠᠭᠠᠨ ᠳᠠᠬᠢ ᠬᠠᠮᠢᠶ᠎ᠠ ᠪᠥᠬᠦᠶ ᠠᠮᠤᠷ ᠢ ᠬᠠᠮᠠᠭᠠᠯᠠᠬᠤ ᠠᠵᠢᠯ︶ ᠭᠡᠨᠡᠳᠲᠡ ᠶᠢᠨ ᠬᠡᠷᠡᠭ ᠢ ᠰᠢᠢᠳᠪᠦᠷᠢᠯᠡᠨ᠎ᠡ︔ ᠬᠢᠯᠢ ᠶᠢᠨ ᠳᠣᠲᠣᠷ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠵᠣᠷᠢᠭᠤᠳᠠ ᠭᠠᠷᠭᠠᠭᠰᠠᠨ ᠭᠡᠨᠡᠳᠲᠡ ᠶᠢᠨ ᠬᠡᠷᠡᠭ ᠢ ᠡᠪᠳᠡᠬᠦ ᠠᠵᠢᠯᠯᠠᠭ᠎ᠠ ᠶᠢ ᠲᠤᠷᠰᠢᠨ ᠪᠠᠶᠢᠴᠠᠭᠠᠬᠤ᠂ ᠬᠢᠨᠠᠨ ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠶᠢ ᠬᠠᠷᠢᠭᠤᠴᠠᠨ᠎ᠠ︔ ᠰᠢᠯᠭᠠᠯᠲᠠ ᠳᠤ ᠬᠡᠮ ᠬᠢᠭᠰᠡᠨ ᠰᠡᠵᠢᠭᠯᠡᠯᠲᠡᠶ ᠬᠤᠯᠠᠭᠤᠨ ᠰᠣᠨᠣᠰᠴᠤ ᠬᠤᠯᠠᠭᠤᠨ ᠰᠡᠭᠦᠳᠡᠷᠯᠡᠬᠦ ᠲᠤᠰᠬᠠᠶ ᠬᠡᠷᠡᠭᠯᠡᠭᠡᠨ ᠤ ᠪᠠᠭᠠᠵᠢ ᠬᠡᠷᠡᠭᠰᠡᠯ ᠳᠤ ᠮᠡᠷᠭᠡᠵᠢᠯ ᠤᠨ ᠬᠢᠨᠠᠨ ᠲᠣᠭᠲᠠᠭᠠᠯᠲᠠ ᠬᠢᠵᠦ᠂ ᠬᠠᠮᠢᠶ᠎ᠠ ᠪᠥᠬᠦᠶ ᠠᠵᠢᠯ ᠤᠨ ᠳᠡᠮᠵᠢᠯᠭᠡ ᠬᠠᠩᠭᠠᠵᠤ᠂ ᠰᠢᠯᠭᠠᠯᠲᠠ ᠳᠤ ᠬᠡᠮ ᠬᠢᠭᠰᠡᠨ ᠪᠠᠭᠠᠵᠢ ᠬᠡᠷᠡᠭᠰᠡᠯ ᠫᠠᠨᠽᠠᠯᠠᠬᠤ ᠦᠢᠯᠡ ᠠᠵᠢᠯᠯᠠᠭ᠎ᠠ ᠶᠢ ᠲᠤᠷᠰᠢᠨ ᠪᠠᠶᠢᠴᠠᠭᠠᠵᠤ ᠬᠢᠨᠠᠨ ᠡᠵᠡᠮᠳᠡᠨ᠎ᠡ᠃        ︵ᠭᠤᠷᠪᠠ︶ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ ᠡᠯ᠎ᠡ ᠰᠠᠯᠠᠭ᠎ᠠ ᠮᠥᠴᠢᠷ ᠢ ᠵᠢᠯᠣᠭᠤᠳᠴᠤ ᠪᠠᠶᠢᠭᠠᠳ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠯᠭᠠᠵᠤ ᠪᠠᠴᠢᠮ ᠪᠠᠶᠢᠳᠠᠯ ᠢ ᠠᠷᠭᠠᠴᠠᠬᠤ  ᠵᠢᠩᠭᠢᠨᠢ ᠪᠠᠶᠢᠯᠳᠣᠭᠠᠨ ᠤ ᠰᠣᠷᠢᠯᠲᠠ ᠶᠢ ᠴᠢᠩᠭᠠᠳᠬᠠᠨ᠂ ᠭᠡᠨᠡᠳᠲᠡ ᠶᠢᠨ ᠬᠡᠷᠡᠭ ᠢ ᠳᠠᠷᠦ᠋ᠢᠬᠠᠨ ᠰᠢᠢᠳᠪᠦᠷᠢᠯᠡᠬᠦ ᠬᠡᠷᠡᠭᠲᠡᠶ᠃ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ᠂ ᠰᠢᠯᠭᠠᠯᠲᠠ ᠶᠢᠨ ᠲᠠᠯᠠᠪᠡᠢ᠂ ᠰᠢᠯᠭᠠᠭᠤᠯᠤᠭᠴᠢ ᠲᠥᠪᠯᠡᠷᠡᠭᠰᠡᠨ ᠰᠤᠷᠭᠠᠭᠤᠯᠢ ᠶᠢᠨ ᠪᠢᠴᠢᠯ ᠺᠣᠮᠫᠢᠦ᠋ᠲ᠋ᠧᠷ ᠤᠨ ᠲᠠᠰᠤᠭ᠂ ᠪᠠᠶᠢᠷᠢ ᠶᠢᠨ ᠬᠡᠷ ᠵᠡᠷᠭᠡ ᠲᠠᠯᠠᠪᠤᠷ ᠭᠠᠵᠠᠷ ᠲᠤ ᠭᠠᠯ ᠰᠡᠷᠭᠡᠶᠢᠯᠡᠯᠲᠡ ᠶᠢᠨ ᠪᠡᠯᠡᠳᠬᠡᠮᠵᠢ ᠶᠢᠨ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠪᠠᠶᠢᠴᠠᠭᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃        ︵ᠳᠥᠷᠪᠡ︶ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ᠂ ᠠᠮᠢ ᠨᠠᠰᠤ ᠶᠢ ᠳᠡᠭᠡᠳᠦᠯᠡᠬᠦ ᠵᠣᠷᠢᠯᠲᠠ ᠪᠠᠷ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭ᠎ᠠ ︵ᠢᠯᠠᠩᠭᠤᠶ᠎ᠠ ᠰᠢᠯᠭᠠᠯᠲᠠ ᠠᠴᠠ ᠡᠮᠦᠨ᠎ᠡ᠂ ᠰᠢᠯᠭᠠᠵᠤ ᠤᠷᠤᠭᠰᠠᠨ᠂ ᠡᠷᠡᠮᠡᠯᠵᠡᠯ ᠲᠠᠭᠯᠠᠬᠤ ᠵᠡᠷᠭᠡ ᠴᠢᠬᠤᠯᠠ ᠴᠠᠭ ᠬᠤᠭᠤᠴᠠᠭ᠎ᠠ︶ ᠶᠢᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠠᠪᠤᠷᠠᠨ ᠵᠠᠰᠠᠬᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠯᠭᠠᠯᠲᠠ ᠶᠢᠨ ᠲᠠᠯᠠᠪᠡᠢ ᠵᠢᠴᠢ ᠡᠷᠬᠢᠨ ᠲᠣᠭᠤᠷᠢᠨ ᠤ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠬᠢᠨᠠᠨ ᠬᠡᠮᠵᠢᠯᠲᠡ ᠪᠠ ᠬᠢᠨᠠᠯᠲᠠ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠰᠢᠯᠭᠠᠭᠤᠯᠤᠭᠴᠢ ᠶᠢᠨ ᠡᠷᠡᠭᠦᠯ ᠮᠡᠨᠳᠦ ᠶᠢᠨ ᠬᠠᠮᠠᠭᠠᠯᠠᠯᠲᠠ ᠪᠠ ᠰᠡᠳᠬᠢᠴᠡ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠢ ᠪᠠᠷ ᠰᠠᠶᠢᠲᠤᠷ ᠨᠠᠶᠢᠳᠠᠪᠤᠷᠢᠵᠢᠭᠤᠯᠤᠨ᠎ᠠ᠃ ᠠᠵᠢᠯ ᠤᠨ ᠲᠣᠭᠲᠠᠴᠠ ᠪᠠ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠦᠨ᠂ ᠡᠭᠦᠰᠦᠭᠰᠡᠨ ᠪᠠᠶᠢᠳᠠᠯ ᠭᠠᠷᠤᠮᠠᠭᠴᠠ ᠲᠦᠷᠭᠡᠨ ᠴᠤᠤᠷᠢᠶᠠᠳᠤᠨ ᠳᠠᠭᠠᠵᠤ᠂ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠭᠠᠵᠠᠷ ᠲᠤ ᠬᠢᠵᠢᠭ ᠢ ᠰᠡᠷᠭᠡᠶᠢᠯᠡᠬᠦ ᠳᠡᠳ᠋ ᠭᠤᠤᠯ ᠰᠢᠯᠭᠠᠯᠲᠠ ᠂ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠵᠢᠯᠲᠠᠨ ᠪᠠ ᠪᠠᠴᠢᠮ ᠪᠠᠶᠢᠳᠠᠯ ᠢ ᠠᠷᠭᠠᠴᠠᠬᠤ ᠲᠡᠷᠭᠡ ᠲᠣᠬᠢᠷᠠᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃        ︵ᠲᠠᠪᠤ︶ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠄ ᠰᠢᠯᠭᠠᠯᠲᠠ ᠳᠤ ᠬᠤᠯᠪᠣᠭᠳᠠᠬᠤ ᠬᠢᠵᠢᠭ ᠢ ᠰᠡᠷᠭᠡᠶᠢᠯᠡᠬᠦ ᠪᠠ ᠰᠢᠯᠭᠠᠯᠲᠠ ᠶᠢᠨ ᠠᠵᠢᠯ ᠤᠨ ᠵᠠᠷᠤᠳᠠᠯ ᠢ ᠦᠨᠡᠨ ᠬᠦ ᠪᠠᠲᠤᠯᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠶ ᠶᠠᠪᠤᠭᠳᠠᠬᠤ ᠳᠤ ᠬᠦᠴᠦᠲᠡᠶ ᠵᠠᠷᠤᠳᠠᠯ ᠤᠨ ᠳᠡᠮᠵᠢᠯᠭᠡ ᠬᠠᠩᠭᠠᠨ᠎ᠠ᠃        ︵ᠵᠢᠷᠭᠤᠭ᠎ᠠ︶ ᠰᠢᠶᠠᠨ ᠤ ᠨᠢᠭᠤᠴᠠ ᠶᠢ ᠬᠠᠮᠠᠭᠠᠯᠠᠬᠤ ᠲᠣᠪᠴᠢᠶ᠎ᠠ᠄ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠲᠠᠢ ᠨᠢᠭᠲᠠ ᠬᠠᠮᠵᠢᠯᠴᠠᠨ᠂ ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠪᠣᠯᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠡᠯ᠎ᠡ ᠭᠤᠭᠴᠤᠭ᠎ᠠ ᠶᠢᠨ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠠᠵᠢᠯ ᠳᠤ ᠴᠢᠩᠭ᠎ᠠ ᠬᠢᠨᠠᠯᠲᠠ ᠪᠠᠶᠢᠴᠠᠭᠠᠯᠲᠠ ᠬᠢᠨ᠎ᠡ᠃ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ ᠤᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠰᠢᠯᠭᠠᠯᠲᠠ ᠶᠢᠨ ᠬᠠᠭᠤᠳᠠᠰᠤ ᠶᠢᠨ ᠲᠡᠭᠡᠭᠡᠪᠦᠷᠢ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ ᠬᠤᠭᠤᠴᠠᠭᠠᠨ ᠳᠠᠬᠢ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠵᠡᠷᠭᠡ ᠶᠢ ᠪᠠᠶᠢᠴᠠᠭᠠᠨ ᠵᠢᠯᠣᠭᠤᠳᠤᠨ᠎ᠠ︔ ᠰᠢᠯᠭᠠᠯᠲᠠ ᠶᠢᠨ ᠬᠠᠭᠤᠳᠠᠰᠤ ᠶᠢ ᠲᠣᠭᠠᠯᠠᠨ ᠪᠦᠷᠢᠳᠬᠡᠬᠦ᠂ ᠪᠠᠶᠢᠴᠠᠭᠠᠬᠤ᠂ ᠬᠥᠮᠥᠷᠭᠡ ᠳᠤ ᠣᠷᠣᠭᠤᠯᠬᠤ ᠵᠡᠷᠭᠡ ᠭᠤᠤᠯᠳᠠᠯᠭ᠎ᠠ ᠲᠠᠢ ᠭᠤᠭᠴᠣᠭᠠᠨ ᠤ ᠠᠵᠢᠯ ᠳᠤ ᠬᠢᠨᠠᠯᠲᠠ ᠲᠠᠯᠪᠢᠬᠤ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠨ᠎ᠠ︔ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢ ᠬᠠᠮᠵᠢᠨ ᠲᠣᠭᠲᠠᠭᠠᠯ ᠶᠣᠰᠣᠭᠠᠷ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠶᠠᠪᠤᠳᠠᠯ ᠢ ᠲᠣᠬᠢᠲᠠᠶ ᠰᠢᠢᠳᠪᠦᠷᠢᠯᠡᠨ᠎ᠡ᠃        ︵ᠳᠣᠯᠤᠭ᠎ᠠ︶ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠠᠮᠢᠶ᠎ᠠ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠰᠤᠷᠭᠠᠭᠤᠯᠢ ᠶᠢᠨ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠥᠷᠥᠯ᠂ ᠰᠤᠷᠭᠠᠭᠤᠯᠢ ᠶᠢᠨ ᠬᠤᠭᠤᠯᠠᠨ ᠬᠡᠷ ᠲᠤ ᠪᠠᠶᠢᠴᠠᠭᠠᠯᠲᠠ ᠵᠢᠯᠣᠭᠤᠳᠣᠯᠭ᠎ᠠ ᠬᠢᠵᠦ᠂ ᠬᠢᠵᠢᠭ ᠲᠠᠷᠬᠠᠬᠤ ᠵᠢᠴᠢ ᠬᠠᠮᠲᠤᠯᠢᠭ ᠤᠨ ᠴᠢᠨᠠᠷᠲᠠᠶ ᠢᠳᠡᠭᠡᠨ ᠳᠤ ᠬᠤᠤᠷᠳᠠᠭᠳᠠᠬᠤ ᠵᠡᠷᠭᠡ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠢᠯᠭᠠᠯᠲᠠ ᠬᠢᠬᠦ᠂ ᠡᠷᠡᠮᠡᠯᠵᠡᠯ ᠲᠠᠭᠯᠠᠬᠤ ᠵᠡᠷᠭᠡ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠵᠡᠷᠭᠡ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠠ᠃ ᠷᠠᠳᠢᠣ᠋ ᠬᠤᠯᠪᠣᠭᠠᠨ ᠤ ᠪᠠᠭᠠᠵᠢ ᠬᠡᠷᠡᠭᠰᠡᠯ ᠡᠵᠡᠩᠨᠡᠨ ᠪᠣᠷᠣᠯᠠᠭᠤᠯᠬᠤ ᠵᠠᠬ᠎ᠠ ᠳᠡᠯᠭᠡᠭᠦᠷ ᠢ ᠴᠢᠩᠭ᠎ᠠ ᠬᠠᠮᠢᠶᠠᠷᠴᠤ᠂ ᠬᠠᠤᠯᠢ ᠪᠤᠰᠤ ᠬᠤᠯᠪᠣᠭᠠᠨ ᠤ ᠪᠠᠭᠠᠵᠢ ᠬᠡᠷᠡᠭᠰᠡᠯ ᠪᠣᠷᠣᠯᠠᠭᠤᠯᠬᠤ ᠶᠠᠪᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠯᠭᠠᠯᠲᠠ ᠳᠤ ᠬᠡᠮ ᠬᠢᠬᠦ ᠪᠠᠭᠠᠵᠢ ᠦᠢᠯᠡᠳᠴᠦ ᠪᠣᠷᠣᠯᠠᠭᠤᠯᠬᠤ᠂ ᠫᠠᠨᠽᠠᠯᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠴᠦ᠂ ᠬᠠᠤᠯᠢ ᠪᠤᠰᠤ ᠪᠠᠷ ᠰᠣᠷᠣᠭᠴᠢ ᠡᠯᠰᠡᠬᠦ ᠵᠠᠭᠤᠴᠢ ᠳᠤ ᠴᠣᠬᠢᠯᠲᠠ ᠥᠭᠭᠦᠨ᠎ᠡ᠃ ᠡᠭᠦᠨ ᠤ ᠬᠠᠮᠲᠤ ᠰᠢᠯᠭᠠᠯᠲᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠰᠢᠯᠭᠠᠯᠲᠠ ᠶᠢᠨ ᠬᠠᠭᠤᠷᠮᠠᠭ ᠮᠠᠭᠤ ᠬᠡᠷᠡᠭᠰᠡᠯ ᠢ ᠪᠣᠷᠣᠯᠠᠭᠤᠯᠬᠤ ᠶᠢ ᠡᠷᠡᠰ ᠬᠤᠷᠢᠭᠯᠠᠨ᠎ᠠ᠃         ︵ᠨᠠᠢᠮᠠ︶ ᠰᠢᠶᠠᠨ ᠤ ᠵᠡᠮᠳᠡᠭᠴᠦᠳ ᠤᠨ ᠬᠤᠯᠪᠣᠭ᠎ᠠ᠄ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠡᠮᠳᠡᠭᠴᠦᠳ ᠤᠨ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠡᠷᠬᠡ ᠲᠡᠭᠰᠢ ᠪᠠᠷ ᠣᠷᠣᠯᠴᠠᠬᠤ ᠶᠢ ᠪᠠᠲᠤᠯᠠᠬᠤ ᠬᠡᠷᠡᠭᠲᠡᠶ᠃         ︵ᠶᠢᠰᠦ︶ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠄ ᠰᠢᠯᠭᠠᠯᠲᠠ ᠶᠢᠨ ᠲᠠᠯᠠᠪᠠᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠤᠷᠢᠳᠴᠢᠯᠠᠨ ᠵᠢᠭᠰᠠᠭᠠᠨ ᠪᠠᠶᠢᠴᠠᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠢᠯᠭᠠᠯᠲᠠ ᠳᠤ ᠬᠤᠯᠪᠣᠭᠳᠠᠬᠤ ᠭᠠᠵᠠᠷ ᠤᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ᠎ᠡ᠃       ︵ᠠᠷᠪᠠ︶ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠤᠬᠠᠭᠤᠯᠭ᠎ᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠥᠷᠥᠯ ᠤᠨ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠥᠪ ᠲᠠᠯ᠎ᠠ ᠶᠢᠨ ᠤᠬᠠᠭᠤᠯᠭ᠎ᠠ ᠵᠢᠯᠣᠭᠤᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠬᠤ ᠬᠡᠷᠡᠭᠲᠡᠶ︔ ᠰᠢᠯᠭᠠᠯᠲᠠ ᠳᠤ ᠬᠤᠯᠪᠣᠭᠳᠠᠬᠤ ᠰᠤᠷᠤᠭᠴᠢ ᠡᠯᠰᠡᠬᠦ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠭᠤᠴᠢᠯᠠᠭᠤᠷ ᠳᠡᠭᠡᠷᠡᠬᠢ ᠡᠷᠡᠭᠦᠯ ᠪᠤᠰᠤ ᠮᠡᠳᠡᠭᠡ ᠵᠠᠩᠭᠢ ᠶᠢᠨ ᠰᠡᠷᠭᠡᠶᠢᠯᠡᠯᠲᠡ ᠶᠢ ᠴᠢᠩᠭᠠᠳᠬᠠᠨ᠂ ᠰᠢᠯᠭᠠᠯᠲᠠ ᠶᠢᠨ ᠠᠮᠤᠷ ᠲᠦᠪᠰᠢᠨ᠂ ᠰᠤᠷᠤᠭᠴᠢ ᠡᠯᠰᠡᠬᠦ ᠡᠮᠬᠢ ᠳᠢᠭᠯᠢᠮ ᠪᠠ ᠨᠡᠶᠢᠭᠡᠮ ᠤᠨ ᠲᠣᠭᠲᠠᠭᠤᠨ ᠢ ᠨᠥᠯᠥᠭᠡᠯᠡᠬᠦ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠢᠳᠪᠦᠷᠢᠯᠡᠨ᠎ᠡ᠃       ︵ᠠᠷᠪᠠᠨ ᠨᠢᠭᠡ︶ ᠴᠠᠬᠢᠯᠭᠠᠨ ᠬᠠᠩᠭᠠᠬᠤ ᠺᠣᠮᠫᠠᠨᠢ᠄ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠵᠢᠴᠢ ᠰᠢᠯᠭᠠᠯᠲᠠ ᠶᠢᠨ ᠲᠠᠯᠠᠪᠡᠢ ᠶᠢᠨ ᠰᠤᠷᠭᠠᠭᠤᠯᠢ ᠶᠢᠨ ᠠᠵᠢᠯᠯᠠᠬᠤ ᠴᠠᠭ ᠬᠤᠭᠤᠴᠠᠭ᠎ᠠ ᠶᠣᠰᠣᠭᠠᠷ᠂ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ᠂ ᠪᠠᠷᠢᠮᠵᠢᠶᠠᠲᠤ ᠰᠢᠯᠭᠠᠯᠲᠠ ᠶᠢᠨ ᠲᠠᠯᠠᠪᠡᠢ᠂ ᠡᠷᠡᠮᠡᠯᠵᠡᠯ ᠲᠠᠭᠯᠠᠬᠤ ᠲᠠᠯᠠᠪᠤᠷ ᠵᠡᠷᠭᠡ ᠶᠢ ᠪᠠᠭᠲᠠᠭᠠᠭᠰᠠᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯᠯᠠᠬᠤ ᠲᠠᠯᠠᠪᠤᠷ ᠭᠠᠵᠠᠷ ᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠭᠤᠤᠯᠳᠠᠯᠭ᠎ᠠ ᠲᠠᠢ ᠪᠠᠲᠤᠯᠠᠵᠤ᠂ ᠰᠢᠯᠭᠠᠯᠲᠠ᠂ ᠡᠷᠡᠮᠡᠯᠵᠡᠯ ᠲᠠᠭᠯᠠᠬᠤ ᠵᠡᠷᠭᠡ ᠰᠣᠷᠣᠭᠴᠢ ᠡᠯᠰᠡᠬᠦ ᠰᠢᠯᠭᠠᠯᠲᠠ ᠶᠢᠨ ᠠᠵᠢᠯᠯᠠᠬᠤ ᠴᠠᠭ ᠬᠤᠭᠤᠴᠠᠭ᠎ᠠ ᠶᠢᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ︔ ᠰᠢᠯᠭᠠᠯᠲᠠ ᠶᠢᠨ ᠲᠠᠯᠠᠪᠡᠢ᠂ ᠡᠷᠡᠮᠡᠯᠵᠡᠯ ᠲᠠᠭᠯᠠᠬᠤ ᠲᠠᠯᠠᠪᠤᠷ ᠵᠡᠷᠭᠡ ᠠᠴᠠ ᠡᠭᠦᠰᠦᠭᠰᠡᠨ ᠭᠡᠨᠡᠳᠲᠡ ᠴᠠᠬᠢᠯᠭᠠᠨ ᠵᠣᠭᠰᠣᠬᠤ ᠰᠠᠭᠠᠳ ᠢ ᠴᠠᠭ ᠲᠤᠬᠠᠶ ᠳᠤᠨᠢ ᠠᠷᠢᠯᠭᠠᠵᠤ᠂ ᠭᠡᠨᠡᠳᠲᠡ ᠡᠭᠦᠰᠦᠭᠰᠡᠨ ᠬᠡᠷᠡᠭ ᠢ ᠰᠠᠶᠢᠲᠤᠷ ᠰᠢᠢᠳᠪᠦᠷᠢᠯᠡᠨ᠎ᠡ᠃        ︵ᠠᠷᠪᠠᠨ ᠬᠤᠶᠠᠷ︶ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ᠄  ᠢᠨᠲ᠋ᠧᠷ ᠰᠦᠯᠵᠢᠶᠡᠨ ᠤ ᠠᠵᠢᠯ ᠲᠥᠷᠥᠯ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠤᠨ ᠰᠢᠪᠠᠳᠠᠬᠤ ᠶᠢ ᠬᠠᠷᠢᠭᠤᠴᠠᠵᠤ᠂ ᠰᠢᠯᠭᠠᠯᠲᠠ ᠳᠤ ᠬᠤᠯᠪᠣᠭᠳᠠᠬᠤ ᠰᠣᠷᠣᠭᠴᠢ ᠡᠯᠰᠡᠬᠦ ᠬᠠᠮᠢᠶ᠎ᠠ ᠪᠥᠬᠦᠶ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃        ︵ᠠᠷᠪᠠᠨ ᠭᠤᠷᠪᠠ︶ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠰᠢᠯᠭᠠᠯᠲᠠ ᠶᠢᠨ ᠲᠠᠯᠠᠪᠡᠢ ᠶᠢᠨ ᠣᠶᠢᠷ᠎ᠠ ᠬᠠᠪᠢ ᠶᠢᠨ ᠪᠠᠷᠢᠯᠭ᠎ᠠ ᠶᠢᠨ ᠭᠠᠵᠠᠷ ᠤᠨ ᠠᠵᠢᠯ ᠢ ᠵᠣᠭᠰᠣᠭᠠᠬᠤ ᠪᠤᠶᠤ ᠠᠵᠢᠯᠯᠠᠬᠤ ᠴᠠᠭ ᠢ ᠳᠣᠭᠢᠷᠠᠭᠤᠯᠬᠤ ᠶᠢ ᠬᠠᠷᠢᠭᠤᠴᠠᠵᠤ᠂ ᠱᠤᠤᠬᠢᠶᠠᠨ ᠢ ᠬᠢᠵᠠᠭᠠᠷᠯᠠᠨ᠎ᠠ︔ ᠬᠤᠲᠠ ᠶᠢᠨ ᠲᠣᠭᠤᠷᠢᠭ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠲᠣᠬᠢᠷᠠᠭᠤᠯᠵᠤ᠂ ᠵᠠᠮ ᠤᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠪᠠᠷᠢᠯᠭ᠎ᠠ ᠶᠢᠨ ᠠᠵᠢᠯ ᠵᠢᠴᠢ ᠪᠠᠶᠠᠷ ᠤᠨ ᠶᠣᠰᠣᠯᠠᠯ ᠤᠨ ᠫᠤᠤᠵᠢᠩ ᠲᠠᠯᠪᠢᠬᠤ᠂ ᠶᠣᠰᠣᠯᠠᠯ ᠤᠨ ᠫᠤᠤ ᠵᠡᠷᠭᠡ ᠶᠢᠨ ᠠᠪᠴᠢᠷᠠᠭᠰᠠᠨ ᠱᠤᠤᠭᠢᠶᠠᠨ ᠤ ᠨᠥᠯᠥᠭᠡ ᠶᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃         ︵ᠠᠷᠪᠠᠨ ᠳᠥᠷᠪᠡ︶ ᠰᠢᠶᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠰᠢᠯᠭᠠᠯᠲᠠ ᠶᠢᠨ ᠭᠠᠵᠠᠷ ᠪᠠ ᠰᠢᠯᠭᠠᠭᠤᠯᠤᠭᠰᠠᠳ ᠤᠨ ᠢᠳᠡᠵᠦ ᠤᠤᠭᠤᠬᠤ ᠬᠤᠨᠣᠵᠤ ᠬᠡᠪᠲᠡᠬᠦ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠳᠡᠯᠭᠡᠭᠡ ᠮᠠᠶᠢᠮᠠᠶ ᠭᠠᠷᠭᠠᠬᠤ᠂ ᠵᠡᠭᠡᠯᠢ ᠳᠠᠭᠠᠤ ᠪᠠᠷᠬᠢᠷᠠᠨ ᠬᠤᠳᠠᠯᠳᠤᠬᠤ᠂ ᠵᠠᠮ ᠡᠵᠡᠯᠡᠬᠦ ᠵᠡᠷᠭᠡ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠬᠡᠷᠡᠭᠲᠡᠶ᠃         ︵ᠠᠷᠪᠠᠨ ᠲᠠᠪᠤ︶ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠄ ᠰᠢᠯᠭᠠᠯᠲᠠ ᠶᠢᠨ ᠬᠤᠭᠤᠴᠠᠭᠠᠨ ᠳᠤ ᠲᠡᠷᠭᠡ ᠬᠥᠰᠬᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠰᠢᠯᠭᠠᠭᠤᠯᠤᠭᠰᠠᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃         ︵ᠠᠷᠪᠠᠨ ᠵᠢᠷᠭᠤᠭ᠎ᠠ︶ ᠡᠯ᠎ᠡ ᠴᠢᠮᠡᠭᠡ ᠬᠤᠯᠪᠣᠭᠠᠨ ᠤ ᠡᠵᠡᠩᠨᠡᠯᠲᠡ ᠶᠢᠨ ᠺᠣᠮᠫᠠᠨᠢ᠄ ᠰᠦᠯᠵᠢᠶ᠎ᠡ ᠵᠢᠴᠢ ᠭᠠᠷ ᠤᠲᠠᠰᠤᠨ ᠤ ᠣᠬᠤᠷ ᠮᠡᠳᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠳᠤ ᠬᠤᠯᠪᠣᠭᠳᠠᠬᠤ ᠰᠤᠷᠤᠭᠴᠢ ᠡᠯᠰᠡᠬᠦ ᠳᠤ ᠬᠤᠯᠪᠣᠭᠳᠠᠬᠤ ᠮᠠᠭᠤ ᠮᠡᠳᠡᠭᠡ ᠵᠠᠩᠭᠢ ᠶᠢ ᠴᠢᠩᠭ᠎ᠠ ᠰᠡᠷᠭᠡᠶᠢᠯᠡᠵᠦ᠂ ᠬᠤᠷᠢᠭᠯᠠᠨ ᠲᠠᠰᠤᠯᠬᠤ ᠪᠠ ᠴᠠᠭ ᠲᠤᠬᠠᠶ ᠳᠤᠨᠢ ᠢᠯᠭᠠᠷᠠᠭᠤᠯᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠡᠪᠲᠡᠷᠡᠯᠴᠡᠵᠦ ᠬᠠᠮᠵᠢᠯᠴᠠᠨ᠎ᠠ᠂ ᠬᠡᠷᠪᠡ ᠠᠰᠠᠭᠤᠳᠠᠯ ᠢ ᠣᠯᠵᠤ ᠮᠡᠳᠡᠪᠡᠯ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠵᠦ ᠪᠠᠶᠢᠴᠠᠭᠠᠨ ᠰᠢᠢᠳᠪᠦᠷᠢᠯᠡᠨ᠎ᠡ᠃ ᠡᠭᠦᠨ ᠤ ᠬᠠᠮᠲᠤ᠂ ᠰᠣᠷᠣᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠪᠣᠯᠤᠨ ᠰᠢᠯᠭᠠᠯᠲᠠ ᠶᠢᠨ ᠲᠠᠯᠠᠪᠠᠢ ᠶᠢᠨ ᠮᠡᠳᠡᠭᠡ ᠬᠤᠯᠪᠣᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃ ᠭᠤᠤᠯᠳᠠᠭᠤ ᠰᠢᠯᠭᠠᠯᠲᠠ ᠶᠢᠨ ᠰᠡᠳᠦᠪ ᠢ ᠬᠠᠳᠠᠭᠠᠯᠠᠨ ᠬᠠᠮᠢᠶᠠᠷᠬᠤ ᠬᠤᠭᠤᠴᠠᠭᠠᠨ ᠳᠤ᠂ ᠰᠢᠯᠭᠠᠯᠲᠠ ᠶᠢᠨ ᠬᠤᠭᠤᠴᠠᠭᠠᠨ ᠳᠤ ᠪᠠ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠬᠤᠭᠤᠴᠠᠭᠠᠨ ᠳᠤ ᠨᠢᠭᠡᠳᠦᠭᠡᠷ ᠳᠤᠮᠳᠠᠳᠤ ᠰᠤᠷᠭᠠᠭᠤᠯᠢ ᠵᠢᠴᠢ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠰᠦᠯᠵᠢᠶᠡᠨ ᠳᠤ ᠭᠠᠷᠬᠤ ᠳᠤ ᠮᠡᠷᠭᠡᠵᠢᠯ ᠤᠨ ᠳᠡᠮᠵᠢᠯᠭᠡ ᠪᠠ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠰᠦᠯᠵᠢᠶᠡᠨ ᠤ ᠰᠠᠭᠠᠳ ᠥᠬᠡᠶ ᠨᠡᠪᠲᠡᠷᠡᠬᠦ ᠪᠠ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ  ᠲᠠᠯᠠᠪᠠᠢ ᠶᠢᠨ ᠬᠠᠮᠢᠶ᠎ᠠ ᠪᠥᠬᠦᠶ ᠲᠥᠬᠦᠭᠡᠷᠦᠮᠵᠢ ᠶᠢᠨ ᠬᠡᠪ ᠤᠨ ᠠᠵᠢᠯ ᠢ ᠦᠨᠡᠨ ᠬᠦ ᠪᠠᠲᠤᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号