ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ  2021 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠶᠢᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ ᠤᠨ ᠲᠣᠬᠠᠢ ᠮᠠᠳᠡᠭᠳᠡᠯ
ᠨᠡᠶᠢᠲᠡᠯᠡᠭᠰᠡᠨ ᠴᠠᠭ᠄
2021/8/30
          ᠲᠦᠴᠢᠦᠸᠠᠨ‌ᠵᠠᠰᠠᠭ ᠠᠯᠪᠠᠨ ᠲᠠᠷᠬᠠᠭᠠᠭᠰᠠᠨ【2021】41 ᠳ᠋ᠣᠭᠠᠷ ᠲᠣᠭᠠᠳᠦᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄       ︽ᠲᠦᠴᠢᠦᠸᠠᠨ ᠰᠢᠶᠠᠨ ᠤ 2021 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                           2021 ᠣᠨ ᠤ 6 ᠳ᠋ᠤᠭᠠᠷ ᠰᠠᠷ᠎ᠠ ᠶᠢᠨ 1 ᠤ ᠡᠳᠦᠷ       ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ︽ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢᠳ ᠤᠨ ᠨᠥᠬᠦᠪᠥᠷᠢ ᠥᠭᠬᠦ ᠠᠵᠢᠯ ᠤᠨ ᠬᠡᠷᠡᠭᠵᠢᠭᠦᠯᠬᠦ ᠲᠥᠰᠦᠯ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠰᠢᠩ ᠡᠳ᠋ ᠠᠷᠠᠯᠵᠢᠶ᠎ᠠ 202014  ᠳ᠋ᠦ᠋ᠭᠡᠷ ᠲᠣᠭᠠᠲᠤ︶᠂ ︽ᠡᠷᠳᠡᠨᠢ ᠰᠢᠰᠢ ᠦᠢᠯᠡᠳᠪᠦᠷᠢᠯᠡᠭᠴᠢᠳ ᠤᠨ ᠨᠥᠬᠦᠪᠥᠷᠢ ᠥᠭᠬᠦ ᠲᠦᠷᠢᠮ ᠢ ᠪᠠᠶᠢᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ 201670 ᠳ᠋ᠤᠭᠠᠷ ᠲᠣᠭᠠᠲᠤ︶᠂ ︽ᠡᠷᠳᠡᠨᠢ ᠰᠢᠰᠢ ᠪᠠ ᠰᠢᠷ᠎ᠠ ᠪᠤᠷᠴᠠᠭ ᠤᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠲᠡᠭᠦᠯᠳᠡᠷᠵᠢᠭᠦᠯᠬᠦ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠠᠯᠪᠠᠨ ᠲᠢᠩᠬᠢᠮ ᠤᠨ ᠮᠡᠳᠡᠭᠳᠡᠯ︾ ︵ᠬᠢᠩᠭᠠᠨ ᠵᠠᠬᠢᠷᠭ᠎ᠠ ᠠᠯᠪᠠᠨ ᠥᠰᠥᠭ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃         ᠨᠢᠭᠡ᠂ ᠵᠢᠯᠣᠭᠤᠳᠬᠤ ᠦᠵᠡᠯ ᠰᠠᠨᠠᠭ᠎ᠠ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠪᠠ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠶᠢ ᠡᠭᠦᠳᠬᠦ ᠶᠢ ᠪᠠᠲᠤ ᠪᠠᠬᠢ ᠪᠤᠢ ᠪᠣᠯᠭᠠᠬᠤ ᠬᠡᠷᠡᠭᠲᠡᠶ᠂ ᠵᠣᠬᠢᠴᠠᠭᠤᠯᠬᠤ᠂ ᠨᠣᠭᠤᠭᠠᠨ᠂ ᠨᠡᠭᠡᠭᠡᠬᠦ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ᠂ ᠨᠠᠮ ᠤᠨ ᠲᠥᠪ ᠬᠤᠷᠢᠶ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ᠂ ᠡᠷᠳᠡᠨᠢ ᠰᠢᠰᠢ ᠶᠢ ᠢᠳᠡᠪᠬᠢᠲᠡᠢ ᠠᠬᠢᠭᠤᠯᠤᠨ᠎ᠠ᠂ ᠰᠢᠷ᠎ᠠ ᠪᠤᠷᠴᠠᠭ ᠬᠤᠳᠠᠯᠳᠤᠨ ᠠᠪᠴᠤ ᠬᠠᠳᠠᠭᠠᠯᠠᠬᠤ ᠳᠦᠷᠢᠮ ᠤᠨ ᠥᠭᠡᠷᠡᠴᠢᠯᠡᠯᠲᠡ᠂ ᠡᠷᠳᠡᠨᠢ ᠰᠢᠰᠢ ᠶᠢ ᠬᠡᠷᠡᠭᠵᠢᠭᠦᠯᠬᠦ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠶᠢᠨ ᠨᠥᠬᠦᠪᠥᠷᠢ᠂ ᠠᠬᠢᠭᠤᠯᠬᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠶᠢᠨ ᠬᠠᠩᠭᠠᠯᠭ᠎ᠠ ᠬᠡᠷᠡᠭᠴᠡᠭᠡ ᠦᠨᠳᠦᠰᠦᠨ ᠳᠡᠭᠡᠨ ᠲᠡᠩᠴᠡᠭᠦᠷᠢᠲᠡᠶ ᠪᠠᠶᠢᠬᠤ ᠪᠠ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠵᠣᠬᠢᠴᠠᠩᠭᠤᠶ ᠬᠥᠭᠵᠢᠬᠦ ᠶᠢ ᠪᠡᠶᠡᠯᠡᠭᠦᠯᠦᠨ᠎ᠡ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠦᠨᠳᠦᠰᠦᠨ ᠠᠰᠢᠭ ᠣᠷᠣᠯᠭ᠎ᠠ ᠶᠢ ᠪᠠᠲᠤᠯᠠᠨ᠎ᠠ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠨ᠎ᠠ᠃         ᠬᠤᠶᠠᠷ᠂ ᠦᠨᠳᠦᠰᠦᠨ ᠵᠠᠷᠴᠢᠮ       ︵ᠨᠢᠭᠡ︶ ᠵᠠᠬ᠎ᠠ ᠳᠡᠯᠭᠡᠭᠦᠷ ᠠᠴᠠ ᠦᠨ᠎ᠡ ᠲᠣᠭᠲᠠᠭᠠᠬᠤ᠂ ᠦᠨ᠎ᠡ ᠪᠠ ᠨᠥᠬᠦᠪᠥᠷᠢ ᠶᠢ ᠰᠠᠯᠭᠠᠬᠤ᠃ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠬᠤᠳᠠᠯᠳᠤᠨ ᠠᠪᠴᠤ ᠨᠥᠭᠡᠴᠡᠯᠡᠬᠦ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠦᠨ᠎ᠡ ᠬᠠᠩᠰᠢ ᠵᠠᠬ᠎ᠠ ᠳᠡᠯᠭᠡᠭᠦᠷ ᠠᠴᠠ ᠪᠣᠶ ᠪᠣᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠠᠴᠠ ᠤᠯᠤᠰ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢᠳ ᠲᠤ ᠵᠣᠬᠢᠬᠤ ᠬᠡᠮᠵᠢᠶᠡᠨ ᠤ ᠬᠠᠷᠠᠭᠠᠯᠵᠠᠯ ᠦᠵᠡᠭᠦᠯᠦᠨ᠎ᠡ᠃          ᠨᠥᠬᠦᠪᠥᠷᠢ ᠥᠭᠴᠦ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠲᠠᠷᠢᠮᠠᠯ ᠤᠨ ᠠᠰᠢᠭ ᠣᠯᠵᠠᠪᠤᠷᠢ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃        ︵ᠬᠤᠶᠠᠷ︶ ᠲᠣᠭᠲᠠᠭᠰᠠᠨ ᠲᠣᠭᠠᠨ ᠤ ᠨᠥᠬᠦᠪᠥᠷᠢ ᠥᠭᠴᠦ᠂ ᠪᠦᠲᠦᠴᠡ ᠶᠢ ᠨᠢ ᠲᠣᠬᠢᠷᠠᠭᠤᠯᠤᠨ᠎ᠠ᠃ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠦᠨ᠎ᠡ ᠬᠠᠩᠰᠢ ᠵᠠᠬ᠎ᠠ ᠳᠡᠯᠭᠡᠭᠦᠷ ᠠᠴᠠ ᠪᠦᠷᠢᠯᠳᠦᠭᠰᠡᠨ ᠰᠠᠭᠤᠷᠢᠨ ᠳᠡᠭᠡᠷ᠎ᠡ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠲᠠᠷᠢᠮᠠᠯ ᠤᠨ ᠲᠠᠯᠠᠪᠠᠢ ᠪᠣᠯᠤᠨ ᠤᠨᠠᠯᠲᠠ ᠶᠢ ᠶᠡᠷᠦᠩᠬᠡᠶᠢᠯᠡᠨ ᠪᠣᠳᠣᠯᠬᠢᠯᠠᠵᠤ᠂ ᠦᠨ᠎ᠡ ᠬᠠᠩᠰᠢ᠂ ᠡᠳ᠋ ᠤᠨ ᠵᠠᠰᠠᠭ ᠤᠨ ᠨᠥᠬᠦᠪᠥᠷᠢ ᠶᠢᠨ ᠦᠢᠯᠡᠳᠪᠦᠷᠢᠯᠡᠯ ᠳᠤ ᠦᠵᠡᠭᠦᠯᠬᠦ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠢᠳᠡᠭ ᠴᠢᠨᠠᠷ ᠰᠠᠶᠢᠨ ᠦᠨ᠎ᠡ ᠬᠠᠩᠰᠢ ᠶᠢ ᠢᠯᠡᠷᠡᠭᠦᠯᠵᠦ᠂ ᠪᠦᠬᠦ ᠰᠢᠶᠠᠨ ᠤ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠤᠨ᠎ᠠ᠃         ︵ᠭᠤᠷᠪᠠ︶ ᠢᠯᠡ ᠲᠣᠳᠣᠷᠬᠠᠶ ᠪᠠᠶᠢᠯᠭᠠᠵᠤ᠂ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠶ᠃ ᠨᠥᠬᠦᠪᠥᠷᠢ ᠶᠢᠨ ᠪᠡᠯᠡ ᠮᠥᠩᠭᠦ ᠶᠢ ᠨᠥᠬᠦᠪᠥᠷᠢᠯᠡᠬᠦ ᠪᠠᠷᠢᠮᠵᠢᠶ᠎ᠠ ᠨᠢ ᠲᠣᠳᠣᠷᠬᠠᠶ᠂ ᠠᠵᠢᠯᠯᠠᠬᠤ ᠶᠠᠪᠤᠴᠠ ᠨᠢ ᠵᠢᠷᠤᠮᠵᠢᠯ ᠲᠠᠢ᠂ ᠬᠡᠷᠡᠭᠵᠢᠭᠦᠯᠬᠦ ᠶᠠᠪᠤᠴᠠ ᠨᠢ ᠢᠯᠡ ᠲᠣᠳᠣ ᠪᠠᠶᠢᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠦᠨᠡᠨᠬᠦ ᠴᠢᠩᠭᠠᠳᠬᠠᠨ᠂ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠶ᠃           ᠭᠤᠷᠪᠠ᠂ ᠭᠤᠣᠯ ᠠᠭᠤᠯᠭ᠎ᠠ       ︵ᠨᠢᠭᠡ︶ ᠨᠥᠬᠦᠪᠥᠷᠢ ᠬᠦᠷᠲᠡᠬᠦ ᠡᠲᠡᠭᠡᠳ       ᠨᠥᠬᠦᠪᠥᠷᠢ ᠭᠥᠷᠳᠡᠬᠦ ᠡᠲᠡᠭᠡᠳ ᠪᠣᠯ ᠪᠥᠬᠦ ᠰᠢᠶᠠᠨ ᠤ ᠬᠠᠤᠯᠢ ᠶᠣᠰᠣᠨ ᠤ ᠲᠠᠷᠢᠶᠠᠨ ᠭᠠᠵᠠᠷ ︵ᠬᠠᠤᠯᠢ ᠶᠣᠰᠣᠨ ᠤ ᠵᠢᠷᠤᠮ ᠢᠶᠠᠷ ᠳᠠᠮᠵᠢᠭᠤᠯᠤᠨ ᠬᠠᠤᠯᠢ ᠶᠣᠰᠣᠨ ᠤ ᠡᠵᠡᠩᠨᠡᠯᠲᠡ ᠶᠢᠨ ᠡᠷᠬᠡ︶ ᠳᠡᠭᠡᠷ᠎ᠡ᠂ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠳᠠᠷᠢᠬᠤ ᠪᠣᠳᠠᠲᠠᠶ ᠦᠢᠯᠡᠳᠪᠦᠷᠢᠯᠡᠭᠴᠢ ︵ᠲᠣᠰ ᠭᠠᠵᠠᠷ ᠤᠨ ᠲᠠᠷᠢᠶᠠᠴᠢᠨ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠨ ᠤ ᠬᠤᠷᠰᠢᠶ᠎ᠠ᠂ ᠬᠠᠤᠯᠢ ᠶᠣᠰᠣᠨ ᠤ ᠭᠠᠳᠠᠨ᠎ᠠ ᠠᠴᠠ ᠢᠷᠡᠭᠰᠡᠨ ᠲᠦᠷᠢᠶᠡᠰᠦᠯᠡᠨ ᠳᠠᠷᠢᠭᠴᠢ ᠵᠡᠷᠭᠡ ᠪᠠᠭᠲᠠᠨ᠎ᠠ︶ ᠪᠣᠯᠤᠨ᠎ᠠ᠃ ᠭᠠᠵᠠᠷ ᠰᠢᠷᠣᠶ ᠶᠢ ᠡᠷᠭᠢᠯᠳᠦᠭᠦᠯᠬᠦ ᠡᠷᠦᠬᠡ ᠳᠤ ᠪᠣᠯ ᠨᠥᠬᠦᠪᠥᠷᠢ ᠪᠡᠯᠡ ᠮᠥᠩᠭᠦ ᠶᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠪᠣᠳᠠᠲᠠᠶ ᠲᠠᠷᠢᠭᠰᠠᠨ ᠦᠢᠯᠡᠳᠪᠦᠷᠢᠯᠡᠭᠴᠢ ᠳᠤ ᠥᠭᠬᠦ ᠬᠡᠷᠡᠭᠲᠡᠶ᠃        ︵ᠬᠤᠶᠠᠷ︶ ᠨᠥᠬᠦᠪᠥᠷᠢ ᠥᠭᠬᠦ ᠪᠠᠷᠢᠮᠵᠢᠶ᠎ᠠ         ᠠᠶᠢᠮᠠᠭ ᠤᠨ ᠡᠳ᠋ ᠤᠨ ᠵᠠᠰᠠᠭ ᠤᠨ ᠪᠠᠭᠤᠯᠭᠠᠭᠰᠠᠨ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠶᠢᠨ ᠨᠥᠬᠦᠪᠥᠷᠢ ᠶᠢᠨ ᠪᠡᠯᠡ ᠮᠥᠩᠭᠦ ᠶᠢᠨ ᠶᠡᠷᠦᠩᠬᠡᠶ ᠲᠤᠭ᠎ᠠ ᠵᠢᠴᠢ ᠪᠦᠬᠦ ᠰᠢᠶᠠᠨ ᠤ ᠨᠥᠬᠦᠪᠥᠷᠢ ᠣᠯᠭᠤᠪᠠᠰᠤ ᠵᠣᠬᠢᠬᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠲᠠᠷᠢᠬᠤ ᠲᠠᠯᠠᠪᠠᠶ ᠶᠢᠨ ᠶᠡᠷᠦᠩᠬᠡᠶ ᠮᠦ ᠶᠢᠨ ᠲᠤᠭ᠎ᠠ ᠶᠢ ᠦᠨᠳᠦᠰᠦᠯᠡᠨ᠂ ᠨᠢᠭᠡᠴᠢ ᠲᠠᠯᠠᠪᠠᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠨ᠎ᠠ᠃         ︵ᠭᠤᠷᠪᠠ︶ ᠨᠥᠬᠦᠪᠥᠷᠢ ᠥᠭᠬᠦ ᠦᠨᠳᠦᠰᠦᠯᠡᠯ         2021 ᠣᠨ ᠤ ᠡᠷᠳᠡᠨᠢ ᠰᠢᠰᠢ᠂ ᠲᠥᠮᠥᠰᠥ ᠦᠢᠯᠡᠳᠪᠦᠷᠢᠯᠡᠭᠴᠢ ᠳᠤ ᠨᠥᠬᠦᠪᠥᠷᠢ ᠥᠭᠬᠦ ᠲᠠᠯ᠎ᠠ ᠪᠠᠷ᠄ 2021 ᠣᠨ ᠤ ᠡᠷᠳᠡᠨᠢ ᠰᠢᠰᠢ᠂ ᠲᠥᠮᠥᠰᠥ ᠳᠠᠷᠢᠬᠤ ᠲᠠᠯᠠᠪᠠᠶ ᠶᠢ ᠦᠨᠳᠦᠰᠦᠯᠡᠨ᠎ᠡ᠃ ᠲᠤᠭ᠎ᠠ ᠪᠠᠷᠢᠮᠲᠠ ᠶᠢ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠴᠢᠦᠸᠠᠨ ᠤ ᠪᠠᠶᠢᠴᠠᠭᠠᠯᠲᠠ ᠶᠢᠨ ᠠᠩᠭᠢ ᠶᠢᠨ ᠬᠢᠨᠠᠨ ᠬᠠᠷᠭᠤᠭᠤᠯᠵᠤ ᠨᠠᠶᠢᠷᠠᠭᠤᠯᠤᠨ ᠵᠣᠬᠢᠶᠠᠭᠰᠠᠨ ᠡᠷᠳᠡᠨᠢ ᠰᠢᠰᠢ᠂ ᠲᠥᠮᠥᠰᠥ ᠳᠠᠷᠢᠬᠤ ᠡᠷᠦᠬᠡ ᠶᠢᠨ ᠨᠡᠷᠡᠰ ᠤᠨ ᠳᠡᠪᠲᠡᠷ ᠳᠡᠭᠡᠷ᠎ᠡ᠂ ᠡᠯ᠎ᠡ ᠡᠷᠦᠬᠡ ᠶᠢᠨ ᠡᠷᠳᠡᠨᠢ ᠰᠢᠰᠢ᠂ ᠲᠥᠮᠥᠰᠥ ᠶᠢᠨ ᠪᠣᠳᠠᠲᠠᠶ ᠳᠠᠷᠢᠬᠤ ᠲᠠᠯᠠᠪᠠᠶ ᠶᠢ ᠬᠡᠷᠡᠭᠯᠡᠨ᠎ᠡ︔ 2021 ᠣᠨ ᠤ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠠᠯ᠎ᠠ ᠪᠠᠷ᠄ 2020 ᠣᠨ ᠤ ᠰᠢᠷ᠎ᠠ ᠪᠤᠷᠴᠠᠭ ᠳᠠᠷᠢᠬᠤ ᠲᠠᠯᠠᠪᠠᠶ ᠶᠢ ᠦᠨᠳᠦᠰᠦᠯᠡᠨ᠎ᠡ᠃ ᠲᠤᠭ᠎ᠠ ᠪᠠᠷᠢᠮᠲᠠ ᠶᠢ ᠬᠡᠷᠡᠭᠯᠡᠬᠦ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠴᠢᠦᠸᠠᠨ ᠤ ᠪᠠᠶᠢᠴᠠᠭᠠᠯᠲᠠ ᠶᠢᠨ ᠠᠩᠭᠢ ᠬᠢᠨᠠᠨ ᠬᠠᠷᠭᠤᠭᠤᠯᠵᠤ ᠨᠠᠶᠢᠷᠠᠭᠤᠯᠤᠨ ᠵᠣᠬᠢᠶᠠᠭᠰᠠᠨ ᠰᠢᠷ᠎ᠠ ᠪᠤᠷᠴᠠᠭ ᠳᠠᠷᠢᠬᠤ ᠡᠷᠦᠬᠡ ᠶᠢᠨ ᠨᠡᠷ᠎ᠡ ᠶᠢᠨ ᠪᠦᠷᠢᠳᠬᠡᠯ ᠳᠤ᠂ ᠡᠯ᠎ᠡ ᠡᠷᠦᠬᠡ ᠶᠢᠨ ᠰᠢᠷ᠎ᠠ ᠪᠤᠷᠴᠠᠭ ᠤᠨ ᠪᠣᠳᠠᠲᠠᠶ ᠳᠠᠷᠢᠬᠤ ᠲᠠᠯᠠᠪᠠᠶ᠃        ︵ᠳᠥᠷᠪᠡ︶ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠶᠢᠨ ᠪᠣᠳᠠᠲᠠᠶ ᠲᠠᠷᠢᠭᠰᠠᠨ ᠲᠠᠯᠠᠪᠠᠶ ᠶᠢ ᠬᠢᠨᠠᠨ ᠬᠠᠷᠭᠤᠭᠤᠯᠬᠤ ᠵᠢᠷᠦᠮ᠃ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠴᠢᠦᠸᠠᠨ ᠤ ᠪᠠᠶᠢᠴᠠᠭᠠᠯᠲᠠ ᠶᠢᠨ ᠠᠩᠭᠢ ᠨᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠭᠰᠠᠳ ᠢ ᠬᠢᠨᠠᠨ ᠬᠠᠷᠭᠤᠭᠤᠯᠵᠤ᠂ ᠪᠣᠳᠠᠲᠠᠶ ᠲᠠᠷᠢᠬᠤ ᠲᠠᠯᠠᠪᠠᠶ ᠶᠢ ᠡᠷᠬᠡᠪᠰᠢ ᠳᠣᠣᠷᠠᠬᠢ ᠳᠡᠰ ᠳᠠᠷᠠᠭᠠᠯᠠᠯ ᠤᠨ ᠶᠣᠰᠣᠭᠠᠷ ᠶᠠᠪᠤᠭᠳᠠᠭᠤᠯᠬᠤ ᠬᠡᠷᠡᠭᠲᠡᠶ᠃       1 . ᠮᠡᠳᠡᠭᠦᠯᠬᠦ᠂ ᠨᠠᠶᠢᠷᠠᠭᠤᠯᠤᠨ ᠳᠡᠪᠲᠡᠷᠯᠡᠬᠦ᠃ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠴᠢᠬᠢ ᠭᠠᠷᠤᠭᠰᠠᠨ ᠤ ᠳᠠᠷᠠᠭ᠎ᠠ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠪᠠᠶᠢᠭ᠎ᠠ ᠭᠠᠵᠠᠷ ᠤᠨ ᠢᠶᠠᠨ ᠲᠣᠰᠬᠤᠨ ᠤ ᠠᠷᠠᠳ ᠤᠨ ᠵᠥᠪᠯᠡᠯ ︵ᠲᠠᠷᠢᠶᠠᠯᠠᠩ ᠤᠨ ᠲᠠᠯᠠᠪᠠᠶ᠂ ᠣᠶ ᠰᠢᠭᠤᠶ ᠶᠢᠨ ᠲᠠᠯᠠᠪᠠᠶ᠂ ᠤᠰᠤᠨ ᠴᠥᠭᠦᠷᠥᠮ︶ ᠳᠡᠭᠡᠨ ᠲᠠᠷᠢᠬᠤ ᠲᠠᠯᠠᠪᠠᠶ ᠪᠠᠨ ᠦᠨᠡᠨ ᠪᠣᠳᠠᠲᠠᠶ ᠪᠠᠷ ᠮᠡᠳᠡᠭᠦᠯᠵᠦ᠂ ᠲᠠᠷᠢᠭᠰᠠᠨ ᠲᠠᠯᠠᠪᠠᠶ ᠪᠠᠨ ᠬᠤᠳᠠᠯ ᠢᠶᠠᠷ ᠮᠡᠳᠡᠭᠦᠯᠪᠡᠯ ᠨᠥᠬᠦᠪᠥᠷᠢ ᠥᠭᠬᠦ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠬᠡᠷᠡᠭᠲᠡᠶ᠃ ᠲᠣᠰᠬᠤᠨ ᠤ ᠠᠷᠠᠳ ᠤᠨ ᠵᠥᠪᠯᠡᠯ ︵ᠲᠠᠷᠢᠶᠠᠯᠠᠩ ᠤᠨ ᠲᠠᠯᠠᠪᠠᠶ᠂ ᠣᠶ ᠰᠢᠭᠤᠶ ᠶᠢᠨ ᠲᠠᠯᠠᠪᠠᠶ᠂ ᠤᠰᠤᠨ ᠴᠥᠭᠦᠷᠥᠮ ︶ ᠤᠳ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠬᠤ ᠡᠷᠦᠬᠡ ᠶᠢᠨ ᠨᠡᠷ᠎ᠡ ᠶᠢᠨ ᠪᠦᠷᠢᠳᠬᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠷ᠎ᠡ ᠶᠢᠨ ᠪᠦᠷᠢᠳᠬᠡᠯ ᠢᠶᠠᠨ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠨᠡᠷ᠎ᠡ ᠶᠢᠨ ᠪᠦᠷᠢᠳᠬᠡᠯ ᠳᠤ ᠳᠠᠷᠢᠭᠴᠢ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷᠡᠴᠢ ᠪᠠᠷᠢᠮᠲᠠ ︵ᠪᠤᠶᠤ ᠭᠠᠵᠠᠷ ᠰᠢᠷᠣᠶ ᠶᠢᠨ ᠡᠷᠭᠢᠯᠲᠡ ᠶᠢᠨ ᠭᠡᠷ᠎ᠡ︶᠂ ᠬᠦᠴᠦᠨ ᠪᠥᠬᠦᠶ ︽ᠪᠦᠬᠦᠨ ᠳᠤ ᠳᠣᠭᠢᠷᠠᠬᠤ ᠺᠠᠷᠲ︾ ᠤᠨ ᠲᠠᠩᠰᠠᠨ ᠨᠣᠮᠧᠷ ︵︽ᠪᠦᠬᠦᠨ ᠳᠤ ᠳᠣᠭᠢᠷᠠᠬᠤ ᠺᠠᠷᠲ︾ ᠪᠠᠶᠢᠬᠤ ᠥᠬᠡᠶ ᠪᠣᠯ ᠳᠠᠷᠦ᠋ᠢᠬᠠᠨ ᠭᠦᠢᠴᠡᠳᠭᠡᠬᠦ ᠬᠡᠷᠡᠭᠲᠡᠶ︶᠂ ᠬᠠᠤᠯᠢ ᠶᠣᠰᠣᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠶᠢᠨ ᠪᠣᠳᠠᠲᠠᠶ ᠳᠠᠷᠢᠬᠤ ᠲᠠᠯᠠᠪᠠᠶ ᠵᠡᠷᠭᠡ ᠠᠭᠤᠯᠭ᠎ᠠ ᠪᠠᠭᠲᠠᠨ᠎ᠠ᠃        2 . ᠪᠠᠶᠢᠴᠠᠭᠠᠬᠤ᠂ ᠢᠯᠡ ᠨᠡᠶᠢᠲᠡᠯᠡᠬᠦ᠃ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠬᠢᠨᠠᠨ ᠬᠠᠷᠭᠤᠭᠤᠯᠵᠤ᠂ ᠡᠯ᠎ᠡ ᠲᠣᠰᠬᠤᠨ ︵ᠲᠠᠷᠢᠶᠠᠯᠠᠩ ᠤᠨ ᠲᠠᠯᠠᠪᠠᠶ᠂ ᠣᠶ ᠰᠢᠭᠤᠶ ᠶᠢᠨ ᠲᠠᠯᠠᠪᠠᠶ᠂ ᠤᠰᠤᠨ ᠴᠥᠭᠦᠷᠥᠮ︶ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠳᠠᠷᠢᠬᠤ ᠲᠠᠯᠠᠪᠠᠶ ᠶᠢᠨ ᠨᠡᠷ᠎ᠡ ᠶᠢᠨ ᠪᠦᠷᠢᠳᠬᠡᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠨᠡᠷ᠎ᠡ ᠶᠢᠨ ᠪᠦᠷᠢᠳᠬᠡᠯ ᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠬᠤ ᠡᠷᠦᠬᠡ ᠶᠢᠨ ᠮᠡᠳᠡᠭᠦᠯᠦᠭᠰᠡᠨ ᠲᠠᠷᠢᠬᠤ ᠲᠠᠯᠠᠪᠠᠶ ᠶᠢ ᠡᠷᠦᠬᠡ ᠳᠤ ᠬᠦᠷᠴᠦ ᠪᠠᠶᠢᠴᠠᠭᠠᠯᠲᠠ ᠬᠢᠬᠦ ᠪᠠ ᠲᠠᠷᠢᠶᠠᠨ ᠭᠠᠵᠠᠷ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠬᠦ ᠬᠡᠷᠡᠭᠲᠡᠶ᠂ ᠡᠭᠦᠨ ᠤ ᠬᠠᠮᠲᠤ ᠬᠢᠨᠠᠨ ᠬᠠᠷᠭᠤᠭᠤᠯᠤᠭᠰᠠᠨ ᠲᠠᠷᠢᠮᠠᠯ ᠤᠨ ᠡᠷᠦᠬᠡ ᠶᠢᠨ ᠨᠡᠷᠡᠰ ᠤᠨ ᠪᠦᠷᠢᠳᠬᠡᠯ ᠢ ᠲᠤᠭ᠎ᠠ ᠪᠦᠷᠢᠳᠬᠡᠯ ᠤᠨ ᠲᠣᠪᠴᠢᠶ᠎ᠠ ᠪᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠴᠢᠦᠸᠠᠨ ᠤ ᠪᠠᠶᠢᠴᠠᠭᠠᠯᠲᠠ ᠶᠢᠨ ᠠᠩᠭᠢ ᠳᠤ ᠮᠡᠳᠡᠭᠦᠯᠦᠨ ᠬᠦᠷᠭᠡᠨ᠎ᠡ᠂ ᠲᠤᠭ᠎ᠠ ᠪᠦᠷᠢᠳᠬᠡᠯ ᠤᠨ ᠲᠣᠪᠴᠢᠶᠠᠨ ᠤ ᠬᠢᠨᠠᠨ ᠬᠠᠷᠭᠤᠭᠤᠯᠤᠭᠠᠳ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠦᠴᠢᠦᠸᠠᠨ ᠤ ᠪᠠᠶᠢᠴᠠᠭᠠᠯᠲᠠ ᠶᠢᠨ ᠠᠩᠭᠢ ᠰᠤᠭᠤᠴᠢᠨ ᠪᠠᠶᠢᠴᠠᠭᠠᠭᠰᠠᠨ ᠤ ᠳᠠᠷᠠᠭ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠭᠠᠴᠠᠭᠠᠨ ᠤ ᠱᠠᠲᠤᠨ ᠳᠤ ᠪᠠᠶᠢᠨ᠎ᠠ᠂ ᠣᠢ ᠰᠢᠭᠤᠶ ᠶᠢᠨ ᠲᠠᠯᠠᠪᠠᠢ᠂ ᠤᠰᠤᠨ ᠴᠥᠭᠦᠷᠥᠮ ᠢ ᠢᠯᠡ ᠨᠡᠶᠢᠲᠡᠯᠡᠨ᠎ᠡ᠂ ᠡᠭᠦᠨ ᠤ ᠬᠠᠮᠲᠤ ᠨᠡᠶᠢᠲᠡᠯᠡᠭᠰᠡᠨ ᠪᠠᠶᠢᠳᠠᠯ ᠢᠶᠠᠨ ᠬᠡᠷᠡᠯ ᠵᠢᠷᠤᠭ ᠠᠪᠴᠤ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ᠂ ᠢᠯᠡ ᠨᠡᠶᠢᠲᠡᠯᠡᠬᠦ ᠴᠠᠭ ᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠵᠠᠷᠯᠠᠯ ᠳᠤ ᠤᠨᠳᠤᠤ ᠰᠠᠨᠠᠯ ᠦᠭᠡᠢ᠂ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠨ᠎ᠠ᠂ ᠰᠢᠶᠠᠨ ᠤ ᠵᠠᠰᠠᠭ ᠤᠨ ᠣᠷᠳᠣᠨ ᠬᠢᠨᠠᠨ ᠲᠣᠭᠲᠠᠭᠠᠵᠤ ᠵᠥᠪᠰᠢᠶᠡᠷᠡᠭᠰᠡᠨ ᠤ ᠳᠠᠷᠠᠭ᠎ᠠ 8 ᠰᠠᠷ᠎ᠠ ᠶᠢᠨ 31 ᠤ ᠡᠳᠦᠷ ᠠᠴᠠ ᠡᠮᠦᠨ᠎ᠡ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠭᠦᠨ ᠤ ᠬᠠᠮᠲᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ ᠳᠠᠩᠰᠠᠯᠠᠭᠤᠯᠤᠨ᠎ᠠ᠃         ︵ᠲᠠᠪᠤ︶ ᠨᠥᠬᠦᠪᠥᠷᠢ ᠣᠯᠭᠤᠬᠤ ᠵᠢᠷᠣᠮ᠃ ᠡᠯ᠎ᠡ ᠰᠢᠶᠠᠩ ᠪᠠᠯᠭᠠᠰᠤ ᠶᠢᠨ ᠡᠳ᠋ ᠤᠨ ᠵᠠᠰᠠᠭ ᠤᠨ ᠭᠠᠵᠠᠷ ᠨᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠶᠢᠨ ᠨᠡᠷᠡᠰ ᠤᠨ ᠳᠡᠪᠲᠡᠷ ᠳᠡᠭᠡᠷᠡᠬᠢ ᠡᠯ᠎ᠡ ᠡᠷᠦᠬᠡ ᠶᠢᠨ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠭᠰᠠᠨ ᠲᠠᠯᠠᠪᠠᠶ ᠬᠢᠭᠡᠳ ᠪᠦᠬᠦ ᠰᠢᠶᠠᠨ ᠤ ᠨᠢᠭᠡᠳᠦᠯᠲᠡᠶ ᠨᠥᠬᠦᠪᠥᠷᠢ ᠶᠢᠨ ᠪᠠᠷᠢᠮᠵᠢᠶ᠎ᠠ ᠶᠢ ᠦᠨᠳᠦᠰᠦᠯᠡᠨ᠂ ︽ᠪᠦᠬᠦᠨ ᠳᠤ ᠲᠣᠬᠢᠷᠠᠬᠤ ᠺᠠᠷᠲ︾ ᠤᠨ ᠰᠢᠰᠲ᠋ᠧᠮ ᠳᠤ ᠲᠡᠮᠳᠡᠭᠯᠡᠨ ᠣᠷᠣᠭᠤᠯᠵᠤ᠂ ︽ᠪᠦᠬᠦᠨ ᠳᠤ ᠲᠣᠬᠢᠷᠠᠬᠤ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ ᠲᠥᠰᠦᠭᠡᠯᠡᠨ ᠪᠣᠳᠣᠵᠤ᠂ ᠨᠥᠬᠦᠪᠥᠷᠢ ᠶᠢᠨ ᠪᠡᠯᠡ ᠮᠥᠩᠭᠦ ᠣᠯᠭᠤᠬᠤ ᠨᠡᠷᠡᠰ ᠤᠨ ᠳᠠᠩᠰᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠠᠷᠤᠮᠠᠯᠯᠠᠵᠤ᠂ ᠡᠯ᠎ᠡ ᠰᠢᠶᠠᠩ ᠪᠠᠯᠭᠠᠰᠤ ᠶᠢᠨ ᠡᠳ᠋ ᠤᠨ ᠵᠠᠰᠠᠭ ᠤᠨ ᠭᠠᠵᠠᠷ ᠨᠢ ᠲᠣᠰᠬᠤᠨ ᠤ ᠱᠠᠲᠤ ︵ᠲᠠᠷᠢᠶᠠᠯᠠᠩ ᠤᠨ ᠲᠠᠯᠠᠪᠠᠶ᠂ ᠣᠶ ᠰᠢᠭᠤᠶ ᠶᠢᠨ ᠲᠠᠯᠠᠪᠠᠶ᠂ ᠤᠰᠤᠨ ᠴᠥᠭᠦᠷᠥᠮ︶ ᠳᠤ ᠵᠠᠷᠯᠠᠨ ᠨᠡᠶᠢᠲᠡᠯᠡᠬᠦ ᠶᠢᠨ ᠬᠠᠮᠲᠤ ᠵᠢᠷᠤᠭ ᠳᠦᠷᠰᠦᠲᠦ ᠮᠠᠲ᠋ᠧᠷᠢᠶᠠᠯ ︵ᠲᠤᠰ ᠰᠢᠶᠠᠩ ᠪᠠᠯᠭᠠᠰᠤ ᠳᠤ ᠨᠢᠭᠡ ᠬᠤᠪᠢ ᠦᠯᠡᠳᠡᠭᠡᠵᠦ᠂ ᠰᠢᠶᠠᠨ ᠤ ᠡᠳ ᠤᠨ ᠵᠠᠰᠠᠭ ᠤᠨ ᠲᠣᠪᠴᠢᠶ᠎ᠠ ᠶᠢᠨ ᠠᠵᠤ ᠠᠬᠤᠶ ᠠᠷᠠᠯᠵᠢᠶᠠᠨ ᠤ ᠬᠤᠪᠢ᠃ ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠢ ᠪᠠᠶᠢᠪᠠᠯ᠂ ᠰᠢᠶᠠᠨ ᠤ ᠡᠳ᠋ ᠤᠨ ᠵᠠᠰᠠᠭ ᠤᠨ ᠲᠣᠪᠴᠢ᠊ ᠡᠶ᠎ᠡ ᠨᠥᠬᠦᠪᠥᠷᠢ ᠪᠡᠯᠡ ᠮᠥᠩᠭᠦ ᠶᠢ ︽ᠪᠦᠬᠦᠨ ᠳᠤ ᠲᠤᠬᠢᠷᠠᠬᠤ ᠺᠠᠷᠲ︾ ᠢᠶᠠᠷ ᠳᠠᠮᠵᠢᠭᠤᠯᠤᠨ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠥᠭᠭᠦᠨ᠎ᠡ᠃         ︵ᠵᠢᠷᠭᠤᠭ᠎ᠠ︶ ᠳᠠᠩᠰᠠ ᠡᠪᠬᠡᠮᠡᠯ ᠤᠨ ᠬᠠᠮᠢᠶᠠᠷᠤᠯᠲᠠ᠃ ᠡᠯ᠎ᠡ ᠰᠢᠶᠠᠩ ᠪᠠᠯᠭᠠᠰᠤ ᠶᠢᠨ ᠡᠳ᠋ ᠤᠨ ᠵᠠᠰᠠᠭ ᠤᠨ ᠭᠠᠵᠠᠷ ᠨᠢ ᠡᠯ᠎ᠡ ᠣᠨ ᠤ ᠨᠥᠬᠦᠪᠥᠷᠢ ᠪᠡᠯᠡ ᠮᠥᠩᠭᠦ ᠶᠢ ᠨᠡᠷ᠎ᠡ ᠶᠢᠨ ᠪᠦᠷᠢᠳᠬᠡᠯ ᠪᠣᠯᠭᠠᠨ ᠴᠠᠭ ᠲᠤᠬᠠᠶ ᠳᠤᠨᠢ ᠪᠦᠷᠢᠯᠳᠦᠭᠦᠯᠵᠦ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠵᠠᠷᠯᠠᠨ ᠨᠡᠶᠢᠲᠡᠯᠡᠭᠰᠡᠨ ᠭᠡᠷᠡᠯ ᠵᠢᠷᠤᠭ᠂ ᠤᠬᠠᠭᠤᠯᠭ᠎ᠠ ᠶᠢᠨ ᠮᠠᠲ᠋ᠧᠷᠢᠶᠠᠯ᠂ ᠠᠵᠢᠯ ᠤᠨ ᠳ᠋ᠦᠩᠨᠡᠯᠲᠡ᠂ ᠬᠠᠮᠢᠶ᠎ᠠ ᠪᠦᠬᠦᠢ ᠳᠠᠩᠰᠠ ᠵᠡᠷᠭᠡ ᠶᠢ ᠴᠠᠭ ᠲᠤᠬᠠᠶ ᠳᠤᠨᠢ ᠳᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠲᠤᠰᠬᠠᠶ ᠬᠥᠮᠦᠨ ᠲᠣᠮᠢᠯᠠᠨ ᠬᠠᠷᠢᠭᠤᠴᠠᠭᠤᠯᠤᠨ ᠬᠠᠮᠢᠶᠠᠷᠤᠭᠤᠯᠬᠤ ᠬᠡᠷᠡᠭᠲᠡᠶ᠃ ᠠᠵᠢᠯᠲᠠᠨ ᠬᠤᠪᠢᠷᠠᠬᠤ ᠦᠶ᠎ᠡ ᠳᠤ ᠲᠤᠰᠢᠶᠠᠬᠤ ᠪᠠ ᠬᠦᠯᠢᠶᠡᠨ ᠠᠪᠬᠤ ᠭᠠᠷᠳᠠᠮ ᠲᠠᠢ ᠪᠠᠶᠢᠵᠤ᠂ ᠨᠥᠬᠦᠪᠥᠷᠢ ᠣᠯᠭᠤᠬᠤ ᠠᠵᠢᠯ ᠤᠨ ᠤᠷᠤᠭᠰᠢᠲᠠᠶ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ         ︵ᠳᠣᠯᠤᠭ᠎ᠠ︶ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ᠃ ᠨᠥᠬᠦᠪᠥᠷᠢ ᠪᠡᠯᠡ ᠮᠥᠩᠭᠦ ᠶᠢ ᠠᠮᠤ ᠪᠤᠳᠠᠭᠠᠨ ᠤ ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠶ ᠳᠠᠩᠰᠠᠨ ᠳᠤ ᠣᠷᠣᠭᠤᠯᠤᠨ ᠬᠠᠮᠢᠶᠠᠷᠴᠤ᠂ ᠪᠢᠲᠡᠭᠦᠮᠵᠢᠯᠡᠨ ᠠᠵᠢᠯᠯᠠᠭᠤᠯᠵᠤ᠂ ᠲᠤᠰᠬᠠᠶ ᠡᠷᠦᠬᠡ ᠳᠠᠬᠢ ᠪᠤᠰᠤᠳ ᠨᠥᠬᠦᠪᠥᠷᠢ ᠪᠡᠯᠡ ᠮᠥᠩᠭᠦ ᠯᠦᠭᠡ ᠳᠠᠩᠰᠠ ᠰᠠᠯᠭᠠᠨ ᠲᠣᠭᠠᠴᠠᠭ᠎ᠠ ᠬᠢᠵᠦ᠂ ᠠᠰ ᠲᠤᠨᠢ ᠲᠤᠰᠬᠠᠬᠤ ᠬᠡᠷᠡᠭᠲᠡᠶ᠂ ᠬᠤᠯᠢᠯᠳᠤᠭᠤᠯᠤᠨ ᠬᠡᠷᠡᠭᠯᠡᠵᠦ ᠪᠣᠯᠬᠤ ᠦᠭᠡᠶ᠃         ︵ᠨᠠᠢᠮᠠ︶ ᠬᠠᠤᠯᠢ ᠶᠣᠰᠣᠨ ᠤ ᠲᠠᠷᠢᠶᠠᠨ ᠭᠠᠵᠠᠷ ᠳᠡᠭᠡᠷ᠎ᠡ ᠲᠠᠷᠢᠭᠰᠠᠨ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠲᠠᠯᠠᠪᠠᠶ ᠶᠢᠨ ᠵᠠᠭᠠᠭ᠃ ᠬᠠᠤᠯᠢ ᠶᠣᠰᠣᠨ ᠤ ᠲᠠᠷᠢᠶᠠᠨ ᠭᠠᠵᠠᠷ ᠳᠡᠭᠡᠷ᠎ᠡ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠳᠠᠷᠢᠬᠤ ᠲᠠᠯᠠᠪᠠᠶ᠄ ᠲᠣᠰᠬᠤᠨ ᠤ ᠬᠠᠮᠲᠤ ᠨᠡᠶᠢᠲᠡ᠂ ᠰᠢᠶᠠᠩ ᠤᠨ ᠲᠠᠰ ᠠᠴᠠ ᠳᠡᠭᠡᠭᠰᠢᠬᠢ ᠵᠠᠰᠠᠭ ᠤᠨ ᠣᠷᠳᠣᠨ ᠪᠤᠶᠤ ᠬᠤᠯᠪᠣᠭᠳᠠᠯ ᠪᠥᠬᠦᠶ ᠨᠢᠭᠡᠴᠡ ︵ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠨᠤᠲᠤᠭ ᠤᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ︶ ᠲᠠᠢ ᠲᠣᠭᠲᠠᠭᠰᠠᠨ ᠭᠠᠵᠠᠷ ᠰᠢᠷᠣᠶ ᠶᠢ ᠳᠠᠭᠠᠭᠠᠴᠢᠯᠠᠬᠤ᠂ ᠲᠦᠷᠢᠶᠡᠰᠦᠯᠡᠬᠦ ᠪᠤᠶᠤ ᠨᠡᠭᠡᠭᠡᠨ ᠬᠥᠭᠵᠢᠭᠦᠯᠵᠦ ᠬᠡᠷᠡᠭᠯᠡᠬᠦ ᠭᠡᠷ᠎ᠡ ᠲᠠᠢ ᠮᠥᠷᠲᠡᠭᠡᠨ ᠪᠠᠰᠠ ᠣᠶᠢᠲᠤ ᠪᠤᠰᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠪᠤᠰᠤ ᠲᠠᠷᠢᠶᠠᠨ ᠭᠠᠵᠠᠷ ᠳᠡᠭᠡᠷ᠎ᠡ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠪᠣᠳᠠᠲᠠᠶ ᠳᠠᠷᠢᠭᠰᠠᠨ ᠲᠠᠷᠢᠶᠠᠨ ᠭᠠᠵᠠᠷ ᠤᠨ ᠲᠠᠯᠠᠪᠠᠶ ᠶᠢ ᠵᠢᠭᠠᠵᠤ ᠪᠣᠶ᠃         ︵ᠶᠢᠰᠦ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠬᠤ ᠲᠠᠯᠠᠪᠠᠶ ᠨᠢ ᠨᠥᠬᠦᠪᠥᠷᠢ ᠥᠭᠬᠦ ᠬᠡᠪᠴᠢᠶᠡᠨ ᠳᠤ ᠪᠠᠶᠢᠬᠤ ᠦᠭᠡᠶ᠃         1 . ᠭᠤᠶᠤᠴᠢᠯᠠᠨ ᠮᠡᠳᠡᠭᠦᠯᠦᠭᠰᠡᠨ ᠥᠬᠡᠶ᠂ ᠢᠯᠡ ᠨᠡᠶᠢᠲᠡᠯᠡᠭᠰᠡᠨ ᠥᠬᠡᠶ᠂ ᠬᠢᠨᠠᠨ ᠬᠠᠷᠭᠤᠭᠤᠯᠤᠭᠰᠠᠨ ᠥᠬᠡᠶ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠳᠠᠷᠢᠬᠤ ᠲᠠᠯᠠᠪᠠᠶ᠃         2 . ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠲᠠᠷᠢᠶᠠᠨ ᠭᠠᠵᠠᠷ ᠳᠡᠭᠡᠷ᠎ᠡ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠭᠰᠠᠨ ᠲᠠᠯᠠᠪᠠᠶ᠃         3 . ᠵᠥᠪᠰᠢᠶᠡᠷᠡᠭᠦᠯᠦᠭᠰᠡᠨ ᠦᠭᠡᠢ ᠪᠠᠷ ᠬᠠᠭᠠᠯᠪᠤᠷᠢᠯᠠᠭᠰᠠᠨ ᠭᠠᠵᠠᠷ ᠰᠢᠷᠣᠢ ᠪᠤᠶᠤ ᠬᠠᠭᠠᠯᠪᠤᠷᠢᠯᠠᠬᠤ ᠶᠢ ᠴᠠᠭᠠᠵᠠᠯᠠᠭᠰᠠᠨ ᠭᠠᠵᠠᠷ ᠰᠢᠷᠣᠢ ᠳᠡᠭᠡᠷ᠎ᠡ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠭᠰᠠᠨ ᠲᠠᠯᠠᠪᠠᠢ᠃         4 . ᠵᠠᠰᠠᠭ ᠤᠨ ᠣᠷᠳᠣᠨ ᠠᠴᠠ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠪᠥᠭᠡᠳ ᠨᠥᠬᠦᠪᠥᠷᠢ ᠣᠯᠤᠭᠰᠠᠨ ᠲᠠᠷᠢᠶᠠᠨ ᠭᠠᠵᠠᠷ ᠳᠡᠭᠡᠷ᠎ᠡ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠳᠠᠷᠢᠬᠤ ᠲᠠᠯᠠᠪᠠᠶ᠃         5 . ᠬᠥᠮᠦᠨ ᠤ ᠬᠦᠴᠦᠨ ᠤ ᠪᠤᠰᠤ ᠡᠰᠡᠷᠭᠦᠴᠡᠰᠢ ᠦᠭᠡᠶ ᠬᠦᠴᠦᠨ ᠵᠦᠢᠯ ᠠᠴᠠ ᠭᠠᠳᠠᠨ᠎ᠠ᠂ ᠦᠢᠯᠡᠳᠪᠦᠷᠢᠯᠡᠭᠰᠡᠨ ᠭᠠᠵᠠᠷ ᠤᠨ ᠬᠡᠰᠡᠭ ᠤᠨ ᠭᠠᠷᠤᠯᠲᠠ ᠨᠢ ᠲᠤᠰ ᠬᠤᠰᠢᠭᠤ ᠰᠢᠶᠠᠨ ᠬᠤᠲᠠ ᠶᠢᠨ ᠭᠤᠷᠪᠠᠨ ᠵᠢᠯ ᠤᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠳᠤᠮᠳᠠᠴᠢ ᠭᠠᠷᠤᠯᠲᠠ ᠶᠢᠨ 50 % ᠶᠢᠨ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠲᠠᠷᠢᠬᠤ ᠲᠠᠯᠠᠪᠠᠶ ᠠᠴᠠ ᠳᠣᠣᠷ᠎ᠠ ᠪᠠᠶᠢᠬᠤ ᠬᠡᠷᠡᠭᠲᠡᠶ᠃         6 . ᠪᠤᠰᠤᠳ ᠡᠯ᠎ᠡ ᠵᠦᠢᠯ ᠤᠨ ᠬᠠᠤᠯᠢ ᠪᠤᠰᠤ ᠲᠠᠷᠢᠶᠠᠨ ᠭᠠᠵᠠᠷ᠂ ᠬᠠᠤᠯᠢ ᠪᠤᠰᠤ ᠭᠠᠵᠠᠷ ᠰᠢᠷᠣᠶ ᠳᠡᠭᠡᠷ᠎ᠡ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠳᠠᠷᠢᠬᠤ ᠲᠠᠯᠠᠪᠠᠶ᠃ ᠳᠥᠷᠪᠡ᠂ ᠠᠵᠢᠯ ᠤᠨ ᠱᠠᠭᠠᠷᠳᠠᠯᠭ᠎ᠠ         ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠲᠦᠴᠢᠦᠸᠠᠨ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ 1︶ ᠢ ᠪᠠᠶᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠦᠬᠦ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠵᠣᠬᠢᠴᠠᠩᠭᠤᠶ ᠪᠦᠬᠦᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠶᠢᠨ ᠬᠠᠮᠲᠤ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠳᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠪᠠᠶᠢᠷᠢᠯᠠᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠥᠬᠦᠪᠥᠷᠢ ᠣᠯᠭᠤᠬᠤ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃        ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠴᠢᠦᠸᠠᠨ ᠪᠠᠶᠢᠴᠠᠭᠠᠯᠲᠠ ᠶᠢᠨ ᠠᠩᠭᠢ ᠨᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠪᠣᠳᠠᠲᠠᠶ ᠲᠠᠷᠢᠭᠰᠠᠨ ᠲᠠᠯᠠᠪᠠᠶ ᠶᠢᠨ ᠲᠤᠭ᠎ᠠ ᠪᠠᠷᠢᠮᠲᠠ ᠶᠢ ᠪᠦᠷᠢᠳᠬᠡᠨ ᠪᠠᠶᠢᠴᠠᠭᠠᠬᠤ ᠵᠢᠴᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠲᠣᠪᠴᠢᠶ᠎ᠠ ᠨᠥᠬᠦᠪᠥᠷᠢ ᠪᠡᠯᠡ ᠮᠥᠩᠭᠦ ᠶᠢ ᠲᠥᠰᠦᠭᠡᠯᠡᠨ ᠪᠣᠳᠣᠬᠤ᠂ ᠰᠠᠯᠭᠠᠨ ᠥᠭᠬᠦ᠂ ᠣᠯᠭᠤᠬᠤ ᠠᠵᠢᠯ ᠢ ᠬᠠᠷᠢᠭᠤᠴᠠᠨ᠎ᠠ︔ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠴᠤᠭᠯᠠᠭᠤᠯᠬᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠢᠨᠠᠨ ᠬᠡᠮᠵᠢᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠠᠷᠢᠭᠤᠴᠠᠨ ᠰᠠᠶᠢᠲᠤᠷ ᠬᠢᠵᠦ᠂ ᠣᠯᠠᠨ ᠡᠰᠢᠵᠢᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠤᠨ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠬᠤᠳᠠᠯᠳᠤᠨ ᠠᠪᠬᠤ ᠵᠡᠷᠭᠡ ᠠᠵᠢᠯ ᠢ ᠢᠳᠡᠪᠬᠢᠲᠡᠶ ᠪᠠᠷ ᠬᠢᠯᠭᠡᠵᠦ᠂ ︽ᠮᠠᠭᠤ ᠠᠮᠤ ᠪᠤᠳᠠᠭ᠎ᠠ︾ ᠪᠣᠯᠤᠨ ︽ᠠᠮᠤ ᠪᠤᠳᠠᠭ᠎ᠠ ᠬᠤᠳᠠᠯᠳᠤᠬᠤ ᠳᠤ ᠬᠦᠴᠢᠷᠲᠡᠶ︾ ᠠᠰᠠᠭᠤᠳᠠᠯ ᠭᠠᠷᠬᠤ ᠠᠴᠠ ᠰᠡᠷᠭᠡᠶᠢᠯᠡᠨ᠎ᠡ᠃         ︵ᠭᠤᠷᠪᠠ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠲᠣᠭᠲᠠᠭᠤᠨ ᠢᠶᠠᠷ ᠰᠢᠯᠵᠢᠬᠦ ᠶᠢ ᠠᠬᠢᠭᠤᠯᠬᠤ ᠶᠢᠨ ᠲᠤᠰᠠᠳᠠ᠂ ᠡᠯ᠎ᠡ ᠰᠢᠶᠠᠩ ᠪᠠᠯᠭᠠᠰᠤ ᠨᠢ ᠤᠬᠠᠭᠤᠯᠭ᠎ᠠ ᠶᠢᠨ ᠲᠥᠰᠦᠯ ᠢᠶᠠᠨ ᠰᠤᠳᠤᠯᠤᠨ ᠲᠣᠭᠲᠠᠭᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠲᠧᠯᠸᠢᠰ᠂ ᠰᠦᠯᠵᠢᠶ᠎ᠡ᠂ ᠸᠢᠴᠠᠲ᠂ ᠤᠬᠠᠭᠤᠯᠭ᠎ᠠ ᠶᠢᠨ ᠳᠡᠪᠲᠡᠷ ᠵᠢᠴᠢ ᠺᠠᠳ᠋ᠷᠴᠤᠳ ᠢ ᠲᠣᠰᠬᠤᠨ ᠪᠠ ᠡᠷᠦᠬᠡ ᠳᠤ ᠬᠦᠷᠦᠭᠦᠯᠬᠦ ᠵᠡᠷᠭᠡ ᠠᠷᠭ᠎ᠠ ᠮᠠᠶ᠋ᠢᠭ ᠢ ᠭᠦᠶ᠋ᠴᠡᠳ ᠠᠰᠢᠭᠯᠠᠨ ᠤᠬᠠᠭᠤᠯᠭ᠎ᠠ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠥᠷᠭᠡᠨ ᠣᠯᠠᠨ ᠲᠦᠮᠡᠨ ᠳᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠦᠷᠢᠮ ᠤᠨ ᠠᠴᠢ ᠬᠤᠯᠪᠣᠭᠳᠠᠯ ᠢ ᠣᠶᠢᠯᠠᠭᠠᠭᠤᠯᠵᠤ᠂ ᠨᠥᠬᠦᠪᠥᠷᠢ ᠭᠥᠷᠳᠡᠬᠦ ᠡᠲᠡᠭᠡᠳ᠂ ᠪᠠᠷᠢᠮᠵᠢᠶ᠎ᠠ᠂ ᠣᠯᠭᠤᠬᠤ ᠠᠷᠭ᠎ᠠ ᠮᠠᠶ᠋ᠢᠭ ᠪᠠ ᠴᠠᠭ ᠬᠤᠭᠤᠴᠠᠭ᠎ᠠ ᠵᠡᠷᠭᠡ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠴᠠᠭ ᠲᠤᠬᠠᠶ ᠳᠤᠨᠢ ᠡᠵᠡᠮᠰᠢᠭᠦᠯᠬᠦ ᠬᠡᠷᠡᠭᠲᠡᠶ᠃        ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠬᠤ ᠬᠡᠷᠡᠭᠲᠡᠶ᠃ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠬᠤ ᠲᠠᠯᠠᠪᠠᠶ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠦᠨᠡᠨᠬᠦ ᠪᠠᠲᠤᠯᠠᠬᠤ ᠶᠢᠨ ᠲᠤᠰᠠᠳᠠ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠴᠢᠦᠸᠠᠨ ᠤ ᠪᠠᠶᠢᠴᠠᠭᠠᠯᠲᠠ ᠶᠢᠨ ᠠᠩᠭᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠶᠢᠨ ᠲᠠᠷᠢᠮᠠᠯ ᠤᠨ ᠨᠡᠷᠡᠰ ᠤᠨ ᠪᠦᠷᠢᠳᠬᠡᠯ ᠢ ᠨᠠᠶᠢᠷᠠᠭᠤᠯᠤᠨ ᠵᠣᠬᠢᠶᠠᠬᠤ ᠠᠵᠢᠯ ᠢ ᠬᠢᠨᠠᠨ ᠬᠠᠷᠭᠤᠭᠤᠯᠬᠤ᠂ ᠡᠭᠦᠷᠭᠡ ᠬᠠᠷᠢᠭᠤᠴᠠᠯᠭ᠎ᠠ ᠪᠠᠨ ᠲᠣᠭᠲᠠᠭᠠᠬᠤ ᠶᠢ ᠦᠨᠡᠨᠬᠦ ᠭᠦᠢᠴᠡᠳᠭᠡᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠨᠥᠬᠦᠪᠥᠷᠢ ᠮᠡᠬᠡᠯᠡᠨ ᠠᠪᠬᠤ ᠡᠯ᠎ᠡ ᠵᠦᠢᠯ ᠤᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢ ᠴᠢᠩᠭ᠎ᠠ ᠰᠢᠢᠳᠪᠦᠷᠢᠯᠡᠬᠦ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠥᠬᠦᠪᠥᠷᠢ ᠶᠢᠨ ᠪᠡᠯᠡ ᠮᠥᠩᠭᠦ ᠶᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠳᠤ ᠴᠠᠭ ᠲᠤᠬᠠᠶ ᠳᠤᠨᠢ ᠣᠯᠭᠤᠵᠤ᠂ ᠵᠠᠰᠠᠭ ᠤᠨ ᠣᠷᠳᠣᠨ ᠤ ᠨᠧᠲ ᠥᠷᠲᠡᠭᠡ᠂ ᠰᠣᠨᠢᠨ ᠮᠡᠳᠡᠭᠡᠨ ᠤ ᠵᠠᠭᠤᠴᠢ ᠬᠢᠭᠡᠳ ᠬᠢᠨᠠᠯᠲᠠ ᠲᠠᠯᠪᠢᠬᠤ ᠣᠳᠠᠰᠣ ᠪᠠᠷ ᠳᠠᠮᠵᠢᠭᠤᠯᠤᠨ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠥᠷᠭᠡᠨ ᠢᠶᠠᠷ ᠬᠦᠯᠢᠶᠡᠬᠦ ᠬᠡᠷᠡᠭᠲᠡᠶ᠃ ᠬᠠᠮᠲᠤ ᠨᠡᠶᠢᠲᠡ ᠠᠴᠠ ︽ᠪᠦᠬᠦᠨ ᠳᠤ ᠲᠣᠬᠢᠷᠠᠬᠤ ᠺᠠᠷᠲ︾ ᠪᠤᠶᠤ ᠨᠥᠬᠦᠪᠥᠷᠢ ᠪᠡᠯᠡ ᠮᠥᠩᠭᠦ ᠶᠢ ᠣᠷᠣᠯᠠᠨ ᠠᠪᠬᠤ ᠶᠢ ᠴᠠᠭᠠᠵᠠᠯᠠᠵᠤ᠂ ᠨᠥᠬᠦᠪᠥᠷᠢ ᠪᠡᠯᠡ ᠮᠥᠩᠭᠦ ᠪᠠᠷ ᠬᠠᠮᠢᠶ᠎ᠠ ᠪᠦᠬᠦᠢ ᠵᠠᠷᠤᠳᠠᠯ ᠵᠢᠴᠢ ᠥᠷᠢᠲᠦᠵᠦ ᠪᠠᠶᠢᠭ᠎ᠠ ᠵᠣᠭᠤᠰ ᠢ ᠰᠠᠭᠤᠯᠭᠠᠨ ᠠᠪᠬᠤ ᠶᠢ ᠴᠠᠭᠠᠵᠠᠯᠠᠨ᠎ᠠ᠃ ᠨᠥᠬᠦᠪᠥᠷᠢ ᠪᠡᠯᠡ ᠮᠥᠩᠭᠦ ᠶᠢ ᠰᠣᠯᠢᠵᠤ ᠥᠭᠭᠦᠭᠰᠡᠨ ᠤ ᠳᠠᠷᠠᠭ᠎ᠠ᠂ ᠡᠯ᠎ᠡ ᠰᠢᠶᠠᠩ ᠪᠠᠯᠭᠠᠰᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠲᠤᠬᠠᠶ ᠶᠢᠨ ᠦᠶ᠎ᠡ ᠳᠤ᠂ ᠰᠢᠶᠠᠨ ᠤ ᠵᠠᠰᠠᠭ ᠤᠨ ᠣᠷᠳᠣᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠥᠬᠦ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠶᠢᠨ ᠨᠥᠬᠦᠪᠥᠷᠢ ᠣᠯᠭᠤᠬᠤ ᠠᠵᠢᠯ ᠳᠤ ᠪᠠᠶᠢᠴᠠᠭᠠᠯᠲᠠ ᠬᠢᠵᠦ᠂ ᠬᠤᠳᠠᠯ ᠬᠠᠭᠤᠷᠮᠠᠭ ᠢᠶᠠᠷ ᠵᠣᠬᠢᠶᠠᠬᠤ᠂ ᠰᠢᠬᠠᠨ ᠡᠵᠡᠯᠡᠬᠦ᠂ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ ᠪᠠ ᠨᠥᠬᠦᠪᠥᠷᠢ ᠶᠢᠨ ᠪᠠᠯᠠ ᠮᠥᠩᠭᠦ ᠶᠢ ᠮᠡᠬᠡᠯᠡᠨ ᠠᠪᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠠ᠃         ︵ᠲᠠᠪᠤ︶ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠶᠢ ᠰᠠᠶᠢᠲᠤᠷ ᠬᠢᠨ᠎ᠡ᠃ ᠡᠯ᠎ᠡ ᠰᠢᠶᠠᠩ ᠪᠠᠯᠭᠠᠰᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠣᠯᠭᠤᠬᠤ ᠠᠵᠢᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ ᠪᠠᠶᠢᠭᠤᠯᠵᠤ᠂ ᠲᠦᠴᠢᠦᠸᠠᠨ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠳᠤ ᠬᠠᠮᠢᠶ᠎ᠠ ᠪᠥᠬᠦᠶ ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠶ᠃ ᠰᠠᠭᠤᠷᠢ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠳᠡᠭᠡᠭᠰᠢ ᠮᠡᠳᠡᠭᠦᠯᠬᠦ ᠬᠤᠭᠤᠴᠠᠭᠠᠨ ᠳᠤ ᠮᠡᠳᠡᠭᠡ ᠵᠠᠩᠭᠢ ᠶᠢ ᠱᠠᠲᠤ ᠦᠶ᠎ᠡ ᠶᠣᠰᠣᠭᠠᠷ ᠡᠮᠬᠢᠯᠡᠨ ᠬᠦᠷᠭᠡᠨ᠎ᠡ︔ ᠨᠥᠬᠦᠪᠥᠷᠢ ᠪᠡᠯᠡ ᠮᠥᠩᠭᠦ ᠣᠯᠭᠤᠬᠤ ᠱᠠᠲᠤ ᠦᠶ᠎ᠡ ᠳᠤ ᠨᠥᠬᠦᠪᠥᠷᠢ ᠣᠯᠭᠤᠬᠤ ᠠᠬᠢᠴᠠ ᠶᠢᠨ ᠮᠡᠳᠡᠭᠡ ᠵᠠᠩᠭᠢ ᠶᠢ ᠠᠷᠪᠠ ᠬᠤᠨᠤᠭ ᠢᠶᠠᠷ ᠮᠡᠳᠡᠭᠦᠯᠦᠨ ᠬᠦᠷᠭᠡᠬᠦ ᠬᠡᠷᠡᠭᠲᠡᠶ᠃ ᠨᠥᠬᠦᠪᠥᠷᠢ ᠪᠡᠯᠡ ᠮᠥᠩᠭᠦ ᠶᠢ ᠣᠯᠭᠤᠵᠤ ᠳᠠᠭᠤᠰᠤᠭᠰᠠᠨ ᠤ ᠳᠠᠷᠠᠭ᠎ᠠ᠂ ᠪᠦᠬᠦ ᠲᠠᠯ᠎ᠠ ᠶᠢᠨ ᠠᠵᠢᠯ ᠢᠶᠠᠨ ᠳ᠋ᠦᠩᠨᠡᠬᠦ ᠶᠢᠨ ᠬᠠᠮᠲᠤ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠳᠡᠭᠡᠭᠰᠢ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢ ᠳᠤ ᠨᠥᠬᠦᠪᠥᠷᠢ ᠣᠯᠭᠤᠬᠤ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠬᠦ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号