︽ᠲᠦᠴᠢᠦᠸᠠᠨ ᠰᠢᠶᠠᠨ ᠤ ︿ᠮᠥᠩᠬᠡ ᠰᠤᠪᠠᠭ / ᠨᠢᠭᠡ ᠤᠳᠠᠭ᠎ᠠ ᠭᠦᠶᠴᠡᠳᠬᠡᠬᠦ﹀ ᠠᠵᠢᠯ ᠢ ᠪᠥᠬᠦ ᠲᠠᠯ᠎ᠠ  ᠪᠠᠷ ᠬᠡᠷᠡᠭᠵᠢᠭᠦᠯᠬᠦ ᠲᠥᠰᠦᠯ︾ ᠪᠠ ︽ᠮᠥᠩᠬᠡ ᠰᠤᠪᠠᠭ / ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/8/30
         ᠲᠦᠴᠢᠦᠸᠠᠨ  ᠵᠠᠰᠠᠭ ᠠᠯᠪᠠᠨ ᠲᠠᠷᠬᠠᠭᠠᠭᠰᠠᠨ 【202137】 ᠳ᠋ᠤᠭᠠᠷ ᠲᠣᠭᠠᠲᠤ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ᠄      《 ᠲᠦᠴᠢᠦᠸᠠᠨ ᠰᠢᠶᠠᠨ 〈 ᠮᠥᠩᠬᠡ ᠰᠤᠪᠠᠭ ᠢᠶᠠᠷ ᠭᠦᠶᠴᠡᠳᠬᠡᠬᠦ 〉 ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ 》 ᠪᠣᠯᠤᠨ 《 ᠮᠥᠩᠬᠡ ᠰᠤᠪᠠᠭ ᠢᠶᠠᠷ ᠭᠦᠶᠴᠡᠳᠬᠡᠬᠦ 》 ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ 》 ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠰᠠᠶᠢᠳᠣᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ  ᠃         2021 ᠣᠨ ᠤ 5 ᠰᠠᠷ᠎ᠠ ᠶᠢᠨ 31 ᠤ ᠡᠳᠦᠷ         ᠲᠦᠴᠢᠦᠸᠠᠨ ᠰᠢᠶᠠᠨ 《 ᠮᠥᠩᠬᠡ ᠰᠤᠪᠠᠭ  ᠂ ᠨᠢᠭᠡ ᠯᠡ ᠤᠳᠠᠭ᠎ᠠ ᠳᠤ ᠭᠦᠶᠴᠡᠳᠬᠡᠬᠦ 》 ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠣᠬᠠᠢ ᠠᠵᠢᠯ ᠤᠨ ᠬᠡᠷᠡᠭᠵᠢᠭᠦᠯᠬᠦ ᠲᠥᠰᠦᠯ        ᠪᠥᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ 《 〈 ᠮᠥᠩᠬᠡ ᠰᠤᠪᠠᠭ 〉 《 ᠨᠢᠭᠡ ᠰᠦᠯᠵᠢᠶ᠎ᠡ ᠳᠡᠭᠡᠷ᠎ᠡ ᠭᠦᠢᠴᠡᠳᠭᠡᠬᠦ》 《 ᠮᠥᠩᠬᠡ ᠰᠤᠪᠠᠭ᠂ ᠠᠯᠠᠭᠠᠨ ᠳᠡᠭᠡᠷ᠎ᠡ  ᠭᠦᠢᠴᠡᠳᠬᠡᠬᠦ 》 《 ᠮᠥᠩᠬᠡ ᠰᠤᠪᠠᠭ 》  《 ᠮᠥᠩᠬᠡ ᠰᠤᠪᠠᠭ  ᠂ ᠲᠠᠨ ᠳᠤ ᠬᠠᠪᠰᠤᠷᠤᠨ ᠭᠦᠢᠴᠡᠳᠬᠡᠬᠦ 》 ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ  ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ 》 ( ᠥᠪᠥᠷ ᠵᠠᠰᠠᠭ ᠠᠯᠪᠠᠨ ᠲᠠᠷᠬᠠᠭᠠᠭᠰᠠᠨ 20218 ᠳ᠋ᠤᠭᠠᠷ ᠲᠣᠭᠠᠲᠤ ) ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ  ᠃       ᠨᠢᠭᠡ᠂ ᠵᠢᠯᠣᠭᠤᠳᠬᠤ ᠦᠵᠡᠯ ᠰᠠᠨᠠᠭ᠎ᠠ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ  ᠶᠢ ᠪᠥᠬᠦ ᠲᠠᠯ᠎ᠠ ᠪᠠᠷ ᠲᠤᠭᠤᠰᠢᠯᠠᠭᠤᠯᠪᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ  ᠶᠢ ᠪᠠᠲᠤ ᠪᠤᠢ ᠪᠣᠯᠭᠠᠬᠤ ᠬᠡᠷᠡᠭᠲᠡᠢ᠂ ᠠᠵᠤ ᠠᠬᠤᠶᠢᠯᠠᠯ ᠪᠠ ᠣᠯᠠᠨ ᠲᠦᠮᠡᠨ ᠤ 《 ᠨᠢᠭᠡ ᠶᠠᠪᠤᠳᠠᠯ ᠢ ᠪᠦᠲᠦᠭᠡᠬᠦ 》 ᠪᠠᠷ ᠤᠳᠤᠷᠢᠳᠤᠮᠵᠢ ᠪᠣᠯᠭᠠᠨ᠎ᠠ᠂ 《 ᠮᠥᠩᠬᠡ ᠰᠤᠪᠠᠭ ᠢᠶᠠᠷ ᠨᠢᠭᠡ ᠯᠡ ᠤᠳᠠᠭ᠎ᠠ ᠳᠤ ᠭᠦᠶᠴᠡᠳᠬᠡᠬᠦ 》 ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠᠷ ᠭᠠᠷᠳᠠᠴᠠ ᠪᠣᠯᠭᠠᠨ᠎ᠠ᠂ 《 ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠶᠳᠪᠦᠷᠢᠯᠡᠬᠦ 》 ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠲᠡᠶ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠢᠵᠢ ᠬᠡᠯᠪᠡᠷᠢ ᠪᠠ ᠭᠤᠤᠯ ᠰᠡᠳᠦᠪᠲᠦ ᠬᠡᠯᠪᠡᠷᠢ ᠶᠢᠨ ᠬᠤᠷᠠᠮᠠᠯ ᠦᠶᠯᠡᠴᠢᠯᠡᠭᠡ ᠬᠠᠩᠭᠠᠨ᠎ᠠ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢᠨ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠤᠨ᠎ᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠨ᠎ᠠ  ᠃       ᠬᠤᠶᠠᠷ᠂ ᠠᠵᠢᠯ ᠤᠨ ᠬᠠᠷᠠᠯᠲᠠ       ᠥᠨᠳᠥᠷ ᠳᠠᠪᠲᠠᠮᠵᠢᠲᠤ ᠵᠦᠶᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠵᠦᠶᠯᠡᠰ ᠢ ᠡᠮᠬᠢᠯᠡᠨ ᠨᠡᠶᠢᠯᠡᠭᠦᠯᠬᠦ ᠂ ᠴᠤᠪᠤᠷᠠᠯ ᠢ ᠳᠠᠬᠢᠨ ᠵᠣᠬᠢᠶᠠᠬᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠣᠯᠠᠨ ᠲᠦᠮᠡᠨ ᠤ ᠣᠯᠠᠨ ᠰᠠᠯᠠᠭ᠎ᠠ ᠮᠥᠴᠢᠷ ᠲᠤ ᠬᠦᠷᠴᠦ ᠭᠦᠶᠴᠡᠳᠬᠡᠬᠦ ᠴᠢᠬᠤᠯᠠᠲᠠᠶ ᠪᠤᠶᠤ ᠣᠯᠠᠨ ᠬᠠᠮᠢᠶ᠎ᠠ ᠪᠥᠬᠦᠶ 《 ᠶᠠᠪᠤᠳᠠᠯ 》 ᠢ ᠠᠵᠤ ᠠᠬᠤᠶᠢᠯᠠᠯ ᠣᠯᠠᠨ ᠲᠦᠮᠡᠨ ᠤ ᠨᠢᠳᠦᠨ ᠳᠤ ᠪᠤᠶᠤ ᠴᠣᠩᠬᠤᠪᠴᠢ ᠪᠠᠷ ᠨᠢᠭᠡᠳᠦᠯᠲᠡᠶ ᠭᠦᠶᠴᠡᠳᠬᠡᠬᠦ 《 ᠨᠢᠭᠡ ᠤᠴᠢᠷ ᠶᠠᠪᠤᠳᠠᠯ 》 ᠪᠣᠯᠭᠠᠨ᠂ 《 ᠨᠢᠭᠡ ᠴᠣᠩᠬᠤᠪᠴᠢ ᠪᠠᠷ ᠭᠥᠯᠢᠶᠡᠨ ᠠᠪᠴᠤ ᠭᠦᠶᠴᠡᠳᠬᠡᠬᠦ᠂ ᠨᠢᠭᠡ ᠤᠳᠠᠭ᠎ᠠ ᠮᠡᠳᠡᠭᠳᠡᠬᠦ᠂ ᠨᠢᠭᠡ ᠯᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ ᠲᠤᠰᠢᠶᠠᠬᠤ᠂ ᠨᠢᠭᠡ ᠤᠳᠠᠭ᠎ᠠ ᠬᠠᠷᠢᠭᠤ ᠲᠤᠰᠬᠠᠬᠤ᠂ ᠨᠢᠭᠡ ᠤᠳᠠᠭ᠎ᠠ ᠬᠤᠪᠢᠶᠠᠨ ᠭᠦᠶᠴᠡᠳᠬᠡᠬᠦ᠂ ᠨᠢᠭᠡ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ᠂ ᠨᠢᠭᠡ ᠯᠡ ᠳᠠᠷᠤᠪᠴᠢ ᠪᠠᠷ ᠦᠨᠡᠯᠡᠬᠦ 》 ᠭᠦᠶᠴᠡᠳᠬᠡᠬᠦ ᠵᠠᠭᠪᠤᠷ  ᠢ ᠪᠦᠷᠢᠯᠳᠦᠭᠦᠯᠦᠨ᠎ᠡ  ᠃ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ 《 ᠮᠥᠩᠬᠡ ᠰᠤᠪᠠᠭ ᠢ ᠨᠢᠭᠡ ᠤᠳᠠᠭ᠎ᠠ ᠳᠤ ᠭᠦᠶᠴᠡᠳᠬᠡᠬᠦ 》 108 ᠵᠦᠶᠯ ᠤᠨ ᠵᠦᠶᠯᠡᠰ ᠢ ᠪᠥᠬᠦ ᠰᠢᠶᠠᠨ ᠤ ᠬᠡᠪᠴᠢᠶᠡᠨ ᠳᠤ 《 ᠨᠢᠭᠡ ᠤᠴᠢᠷ ᠢ ᠨᠢᠭᠡ ᠤᠳᠠᠭ᠎ᠠ ᠳᠤ ᠭᠦᠶᠴᠡᠳᠬᠡᠬᠦ 》 ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ  ᠃       ᠭᠤᠷᠪᠠ᠂ ᠭᠤᠣᠯᠳᠠᠯᠭ᠎ᠠ ᠲᠠᠢ ᠡᠭᠦᠷᠭᠡ      ( ᠨᠢᠭᠡ ) ᠭᠠᠷᠴᠠᠭ ᠤᠨ ᠨᠠᠷᠢᠨ ᠬᠠᠭᠤᠳᠠᠰᠤ ᠪᠠᠨ ᠨᠠᠷᠢᠯᠢᠬᠵᠢᠭᠤᠯᠬᠤ ᠬᠡᠷᠡᠭᠲᠡᠶ  ᠃ 《 ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ 〈 ᠮᠥᠩᠬᠡ ᠰᠤᠪᠠᠭ ᠨᠢᠭᠡ ᠯᠡ ᠤᠳᠠᠭ᠎ᠠ ᠳᠡᠭᠡᠷ᠎ᠡ ᠭᠦᠶᠴᠡᠳᠬᠡᠬᠦ 〉 ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ 》 ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ 《 ᠨᠢᠭᠡ ᠤᠴᠢᠷ ᠢ ᠨᠢᠭᠡ ᠯᠡ ᠤᠳᠠᠭ᠎ᠠ ᠳᠡᠭᠡᠷ᠎ᠡ ᠭᠦᠶᠴᠡᠳᠬᠡᠬᠦ 》 108 ᠵᠦᠶᠯ ᠤᠨ ᠭᠠᠷᠴᠠᠭ ᠤᠨ ᠨᠠᠷᠢᠨ ᠬᠠᠭᠤᠳᠠᠰᠤ ᠶᠢ ᠨᠠᠷᠢᠯᠢᠭᠵᠢᠭᠤᠯᠬᠤ ᠶᠢ ᠵᠣᠬᠢᠶᠠᠨ ᠪᠠᠶᠢᠭᠤᠯᠵᠤ᠂ 《 ᠨᠢᠭᠡ ᠶᠠᠪᠤᠳᠠᠯ 》 ᠤᠨ ᠵᠦᠶᠯᠡᠰ ᠤᠨ ᠨᠡᠷᠡᠶᠢᠳᠦᠯ᠂ ᠬᠤᠯᠪᠣᠭᠳᠠᠬᠤ ᠵᠦᠶᠯᠡᠰ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠭᠡᠷᠡᠴᠢ ᠦᠨᠡᠮᠯᠡᠯ ᠤᠨ ᠨᠡᠷᠡᠶᠢᠳᠦᠯ ᠵᠡᠷᠭᠡ ᠴᠢᠬᠤᠯᠠ ᠮᠡᠳᠡᠭᠡ ᠵᠠᠩᠭᠢ ᠶᠢ ᠲᠣᠳᠣᠷᠬᠠᠶᠢᠯᠠᠨ᠎ᠠ  ᠃      ( ᠬᠤᠶᠠᠷ ) ᠰᠢᠯᠢᠳᠡᠭᠵᠢᠭᠦᠯᠦᠨ ᠳᠠᠬᠢᠨ ᠪᠠᠶᠢᠭᠤᠯᠬᠤ ᠴᠤᠪᠤᠷᠠᠯ  ᠃ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠡᠮᠬᠢᠯᠡᠨ ᠨᠠᠶᠢᠷᠠᠭᠤᠯᠤᠨ ᠵᠣᠬᠢᠶᠠᠭᠰᠠᠨ ᠭᠦᠶᠴᠡᠳᠬᠡᠬᠦ ᠵᠦᠭᠯᠡᠭᠦᠷ᠂ ᠭᠤᠶᠤᠴᠢᠯᠠᠯ ᠤᠨ ᠬᠦᠰᠦᠨᠦᠭᠲᠦ ᠪᠠ ᠭᠦᠶᠴᠡᠳᠬᠡᠬᠦ ᠭᠤᠭᠴᠤᠭ᠎ᠠ ᠶᠢᠨ ᠴᠤᠪᠤᠷᠠᠯ ᠤᠨ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠶ  ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ 《 ᠮᠥᠩᠬᠡ ᠰᠤᠪᠠᠭ᠂ ᠨᠢᠭᠡ ᠯᠡ ᠤᠳᠠᠭ᠎ᠠ ᠳᠤ ᠭᠦᠢᠴᠡᠳᠬᠡᠬᠦ 》 ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠲᠡᠭᠦᠯᠳᠡᠷᠵᠢᠭᠦᠯᠬᠦ ᠶᠢ ᠬᠠᠷᠢᠭᠤᠴᠠᠬᠤ ᠶᠢᠨ ᠬᠠᠮᠲᠤ ᠭᠠᠳᠠᠭᠰᠢ ᠨᠡᠶᠢᠲᠡᠯᠡᠬᠦ ᠬᠡᠷᠡᠭᠲᠡᠶ  ᠃      - - ᠠᠵᠢᠯ ᠶᠠᠪᠤᠳᠠᠯ ᠡᠷᠬᠢᠯᠡᠬᠦ ᠵᠦᠭᠯᠡᠭᠦᠷ ᠢ ᠨᠢᠭᠡᠳᠦᠯᠲᠡᠢ ᠪᠣᠯᠭᠠᠨ᠎ᠠ  ᠃ 《 ᠬᠠᠰᠤᠪᠠᠰᠤ ᠵᠣᠬᠢᠬᠤ ᠶᠢ ᠨᠢ ᠪᠦᠬᠦᠨ ᠢ ᠬᠠᠰᠤᠬᠤ 》 ᠵᠠᠷᠴᠢᠮ ᠶᠣᠰᠣᠭᠠᠷ᠂ ᠲᠤᠰᠢᠶᠠᠬᠤ ᠴᠢᠬᠤᠯᠠᠲᠠᠶ ᠪᠥᠬᠦ ᠮᠠᠲ᠋ᠧᠷᠢᠶᠠᠯ᠂ ᠬᠦᠰᠦᠨᠦᠭᠲᠦ ᠶᠢ ᠴᠣᠮᠬᠠᠳᠬᠠᠵᠤ᠂ ᠰᠢᠯᠢᠳᠡᠭᠵᠢᠭᠦᠯᠵᠦ᠂ ᠨᠡᠶᠢᠯᠡᠭᠦᠯᠵᠦ᠂ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ  ᠤ ᠡᠮᠬᠢᠯᠡᠨ ᠨᠠᠶᠢᠷᠠᠭᠤᠯᠤᠨ ᠵᠣᠬᠢᠶᠠᠭᠰᠠᠨ ᠭᠦᠶᠴᠡᠳᠬᠡᠬᠦ ᠵᠦᠭᠯᠡᠭᠦᠷ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠭᠤᠶᠤᠴᠢᠯᠠᠯ ᠤᠨ ᠮᠠᠲ᠋ᠧᠷᠢᠶᠠᠯ ᠢ ᠳᠤᠷ᠎ᠠ ᠪᠠᠷ ᠢᠶᠠᠨ ᠨᠡᠮᠡᠵᠦ ᠪᠣᠯᠬᠤ ᠥᠬᠡᠶ  ᠃       ᠨᠢᠭᠡᠳᠦᠯᠲᠡᠶ ᠭᠤᠶᠤᠴᠢᠯᠠᠯ ᠤᠨ ᠬᠦᠰᠦᠨᠦᠭᠲᠦ  ᠃ ᠭᠤᠶᠤᠴᠢᠯᠠᠯ ᠤᠨ ᠬᠦᠰᠦᠨᠦᠭᠲᠦ ᠶᠢ ᠳᠠᠪᠲᠠᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠳᠠᠪᠬᠤᠷᠳᠠᠭᠤᠯᠤᠨ ᠲᠠᠭᠯᠠᠬᠤ ᠠᠴᠠ ᠵᠠᠶᠢᠯᠠᠰᠬᠢᠬᠦ᠂ ᠳᠠᠪᠬᠤᠷᠳᠠᠭᠤᠯᠤᠨ ᠲᠤᠰᠢᠶᠠᠬᠤ ᠵᠠᠷᠴᠢᠮ ᠶᠣᠰᠣᠭᠠᠷ᠂ 《 ᠨᠢᠭᠡ ᠶᠠᠪᠤᠳᠠᠯ 》 ᠳᠤ ᠬᠤᠯᠪᠣᠭᠳᠠᠭᠰᠠᠨ ᠣᠯᠠᠨ ᠰᠠᠯᠠᠭ᠎ᠠ ᠮᠥᠴᠢᠷ ᠤᠨ ᠵᠦᠶᠯᠡᠰ ᠤᠨ ᠭᠤᠶᠤᠴᠢᠯᠠᠯ ᠤᠨ ᠬᠦᠰᠦᠨᠦᠭᠲᠦ ᠶᠢ ᠰᠢᠯᠢᠳᠡᠭᠵᠢᠭᠦᠯᠦᠨ ᠴᠣᠮᠬᠠᠳᠬᠠᠵᠤ᠂ ᠡᠮᠬᠢᠯᠡᠨ ᠨᠡᠶᠢᠯᠡᠭᠦᠯᠵᠦ᠂ ᠨᠢᠭᠡ ᠶᠠᠪᠤᠳᠠᠯ  ᠳᠤ ᠨᠢᠭᠡ ᠢᠵᠢ ᠭᠤᠶᠤᠴᠢᠯᠠᠯ ᠤᠨ ᠬᠦᠰᠦᠨᠦᠭᠲᠦ ᠶᠢ ᠬᠡᠷᠡᠭᠵᠢᠭᠦᠯᠬᠦ ᠬᠡᠷᠡᠭᠲᠡᠶ  ᠃      ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠨ᠎ᠠ  ᠃ ᠳᠠᠩ ᠭᠠᠭᠴᠠ ᠰᠠᠯᠠᠭ᠎ᠠ ᠮᠥᠴᠢᠷ ᠤᠨ ᠭᠦᠶᠴᠡᠳᠬᠡ᠊ ᠭᠰᠡᠨ ᠵᠦᠶᠯᠡᠰ ᠲᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠶᠡᠷᠦᠩᠬᠡᠶᠢᠯᠡᠭᠰᠡᠨ ᠴᠣᠩᠬᠤᠪᠴᠢ ᠶᠢ ᠡᠮᠬᠢᠯᠡᠨ ᠨᠡᠶᠢᠯᠡᠭᠦᠯᠵᠦ ᠪᠠᠶᠢᠭᠤᠯᠤᠨ᠂ 《 ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠨ᠂ ᠦᠶᠯᠡᠴᠢᠯᠡᠭᠡᠨ ᠬᠤᠷᠠᠮᠳᠤᠭᠤᠯᠬᠤ 》 ᠶᠢ ᠪᠡᠶᠡᠯᠡᠭᠦᠯᠦᠨ᠎ᠡ  ᠃ ᠣᠯᠠᠨ ᠰᠠᠯᠠᠭ᠎ᠠ ᠮᠥᠴᠢᠷ ᠤᠨ ᠬᠠᠮᠲᠤᠷᠠᠨ ᠭᠦᠢᠴᠡᠳᠬᠡᠬᠦ ᠳᠤ ᠬᠤᠯᠪᠣᠭᠳᠠᠬᠤ ᠵᠦᠢᠯ ᠳᠤ ᠪᠣᠯ ᠣᠯᠠᠨ ᠰᠠᠯᠠᠭ᠎ᠠ ᠮᠥᠴᠢᠷ ᠤᠨ ᠡᠷᠭᠢᠯᠳᠦᠭᠦᠯᠬᠦ ᠪᠠ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠂ ᠨᠡᠶᠢᠯᠡᠭᠦᠯᠦᠨ ᠬᠠᠮᠲᠤᠷᠠᠨ ᠭᠦᠢᠴᠡᠳᠬᠡᠬᠦ ᠶᠢ ᠬᠡᠷᠡᠭᠵᠢᠭᠦᠯᠦᠨ᠎ᠡ︔ 《 ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ 》 ᠵᠦᠶᠯᠡᠰ ᠲᠤ ᠬᠤᠯᠪᠣᠭᠳᠠᠭᠰᠠᠨ ᠬᠤᠯᠪᠣᠭᠳᠠᠬᠤ ᠰᠠᠯᠠᠭ᠎ᠠ ᠮᠥᠴᠢᠷ ᠤᠨ ᠡᠷᠬᠡ ᠶᠢᠨ ᠬᠡᠪᠴᠢᠶ᠎ᠡ ᠨᠢ ᠠᠳᠠᠯᠢ ᠪᠤᠰᠤ ᠬᠢᠨᠠᠨ ᠵᠥᠪᠰᠢᠶᠡᠷᠡᠬᠦ ᠱᠠᠲᠤ ᠳᠠᠪᠬᠤᠷᠭ᠎ᠠ ᠳᠤ ᠬᠠᠷᠢᠶᠠᠯᠠᠭᠳᠠᠪᠠᠯ᠂ 《 ᠣᠶᠢᠷ᠎ᠠ ᠬᠠᠪᠢ  ᠳᠤ ᠪᠠᠨ ᠭᠦᠶᠴᠡᠳᠬᠡᠬᠦ 》 ᠵᠠᠷᠴᠢᠮ ᠶᠣᠰᠣᠭᠠᠷ᠂ ᠪᠣᠳᠠᠲᠠᠶ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠯᠴᠠᠨ ᠡᠷᠬᠡ ᠣᠯᠭᠤᠬᠤ ( ᠳᠠᠷᠤᠶ᠄ ᠳᠡᠭᠡᠳᠦ ᠱᠠᠲᠤ ᠨᠢ ᠳᠣᠤᠷᠠᠳᠤ ᠱᠠᠲᠤᠨ ᠳᠤ ᠨᠠᠶᠢᠳᠠᠵᠤ᠂ ᠳᠣᠤᠷᠠᠳᠤ ᠱᠠᠲᠤ ᠨᠢ ᠳᠡᠭᠡᠳᠦ ᠱᠠᠲᠤᠨ ᠳᠤ ᠨᠠᠶᠢᠳᠠᠬᠤ ) ᠶᠢ ᠬᠡᠷᠡᠭᠵᠢᠭᠦᠯᠦᠨ᠎ᠡ  ᠃ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠪᠠ  ᠃ 《 ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠶᠴᠡᠳᠬᠡᠬᠦ 》 ᠵᠦᠶᠯᠡᠰ ᠤᠨ ᠪᠦᠬᠦᠯᠢ ᠴᠣᠭᠴᠠ ᠪᠠᠷ ᠭᠦᠶᠴᠡᠳᠬᠡᠬᠦ ᠴᠠᠭ ᠬᠤᠭᠤᠴᠠᠭ᠎ᠠ ᠶᠢ ᠲᠣᠭᠲᠠᠭᠠᠵᠤ᠂ ᠵᠠᠷᠴᠢᠮ ᠳᠡᠭᠡᠷ᠎ᠡ ᠪᠠᠨ ᠬᠤᠯᠪᠣᠭᠳᠠᠭᠰᠠᠨ ᠵᠦᠶᠯᠡᠰ ᠤᠨ ᠳᠣᠲᠣᠷᠠᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠭᠠᠭᠴᠠ ᠵᠦᠶᠯ ᠤᠨ ᠠᠮᠠᠯᠠᠯᠲᠠ ᠶᠢ ᠭᠦᠶᠴᠡᠳᠬᠡᠵᠦ ᠳᠠᠭᠤᠰᠬᠠᠬᠤ ᠬᠠᠮᠤᠭ ᠤᠨ ᠣᠷᠳᠣ ᠴᠠᠭ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠥᠬᠡᠶ  ᠃       ᠭᠦᠶᠦᠬᠦ ᠤᠳᠠᠭ᠎ᠠ ᠶᠢ ᠪᠠᠭᠠᠰᠬᠠᠨ᠎ᠠ  ᠃ ᠮᠡᠳᠡᠭᠳᠡᠬᠦ ᠠᠮᠠᠯᠠᠯᠲᠠ ᠬᠢᠬᠦ ᠪᠠ ᠳᠤᠲᠠᠭᠳᠠᠯ ᠢ ᠨᠢ ᠭᠥᠯᠢᠶᠡᠨ ᠠᠪᠴᠤ ᠰᠢᠶᠳᠪᠦᠷᠢᠯᠡᠬᠦ ᠲᠦᠷᠢᠮ ᠢ ᠪᠠᠶᠢᠭᠤᠯᠵᠤ᠂ 《 ᠤᠷᠢᠳᠴᠢᠯᠠᠨ ᠮᠡᠳᠡᠭᠳᠡᠬᠦ᠂ ᠪᠢᠴᠢᠭ ᠤᠨ ᠠᠮᠠᠯᠠᠯᠲᠠ ᠬᠢᠬᠦ᠂ ᠵᠥᠪᠰᠢᠶᠡᠷᠡᠮᠡᠭᠴᠡ ᠭᠦᠶᠴᠡᠳᠬᠡᠬᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ 》 ᠵᠠᠷᠴᠢᠮ ᠶᠣᠰᠣᠭᠠᠷ᠂ ᠣᠯᠠᠨ ᠨᠡᠶᠢᠲᠡ ᠶᠢᠨ ᠠᠮᠤᠷ ᠲᠦᠪᠰᠢᠨ ᠪᠠ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠵᠡᠷᠭᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠤᠷᠢᠳᠠᠪᠠᠷ ᠰᠣᠩᠭᠤᠨ ᠠᠪᠴᠤ ᠵᠣᠷᠢᠭᠲᠠᠶ ᠪᠠᠷ ᠰᠦᠪᠡᠭᠴᠢᠯᠡᠨ ᠬᠡᠷᠡᠭᠵᠢᠭᠦᠯᠵᠦ᠂ ᠠᠮᠠᠯᠠᠯᠲᠠ ᠶᠢ ᠨᠢ ᠮᠡᠳᠡᠭᠳᠡᠵᠦ ᠪᠣᠯᠬᠤ᠂ ᠳᠤᠲᠠᠭᠳᠠᠯ ᠢ ᠨᠢ ᠭᠥᠯᠢᠶᠡᠨ ᠠᠪᠴᠤ ᠰᠢᠶᠳᠪᠦᠷᠢᠯᠡᠬᠦ ᠮᠠᠲ᠋ᠧᠷᠢᠶᠠᠯ ᠢ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠲᠤ ᠨᠢᠭᠡᠳ ᠨᠢᠭᠡ ᠪᠠᠷ ᠲᠣᠳᠣᠷᠬᠠᠶ ᠪᠣᠯᠭᠠᠨ᠎ᠠ  ᠃ ᠰᠠᠯᠠᠭ᠎ᠠ ᠮᠥᠴᠢᠷ ᠤᠨ ᠬᠠᠮᠵᠢᠯᠴᠠᠬᠤ ᠪᠠ ᠰᠦᠢᠳᠬᠡᠯ ᠬᠤᠷᠢᠶᠠᠬᠤ ᠦᠭᠡᠶ ᠪᠠᠷ ᠬᠠᠪᠰᠤᠷᠤᠨ ᠭᠦᠢᠴᠡᠳᠬᠡᠵᠦ ᠥᠭᠬᠦ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠭᠤᠶᠤᠴᠢᠯᠠᠯ ᠤᠨ ᠮᠠᠲ᠋ᠧᠷᠢᠶᠠᠯ ᠵᠢᠴᠢ ᠭᠦᠢᠴᠡᠳᠬᠡᠭᠰᠡᠨ ᠦᠷ᠎ᠡ ᠳ᠋ᠦᠩ ᠤᠨ 《 ᠬᠤᠣᠰ ᠴᠢᠭᠯᠡᠯ ᠢᠶᠠᠷ ᠰᠢᠦᠳᠠᠨ ᠢᠶᠠᠷ ᠢᠯᠡᠭᠡᠬᠦ 》 ᠲᠣᠭᠲᠠᠴᠠ ᠶᠢ ᠲᠥᠬᠦᠷᠵᠢᠭᠦᠯᠦᠨ ᠪᠠᠶᠢᠭᠤᠯᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠢ 《 ᠣᠯᠠᠨ ᠴᠣᠩᠬᠤ ᠪᠠᠷ ᠭᠦᠶᠦᠵᠦ 》 ᠪᠠᠶᠢᠭᠰᠠᠨ ᠠᠴᠠ ᠨᠢ 《 ᠨᠢᠭᠡ ᠴᠣᠩᠬᠤ ᠪᠠᠷ ᠭᠦᠶᠦᠬᠦ 》 ᠪᠣᠯᠭᠠᠨ ᠬᠤᠪᠢᠷᠠᠭᠤᠯᠵᠤ᠂ 《 ᠣᠯᠠᠨ ᠤᠳᠠᠭ᠎ᠠ ᠭᠦᠶᠦᠵᠦ 》 ᠪᠠᠶᠢᠭᠰᠠᠨ ᠠᠴᠠ ᠨᠢ 《 ᠨᠢᠭᠡ ᠤᠳᠠᠭ᠎ᠠ ᠭᠦᠶᠦᠬᠦ 》 ᠪᠣᠯᠭᠠᠨ ᠬᠤᠪᠢᠷᠠᠭᠤᠯᠤᠨ᠎ᠠ  ᠃     《 ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ 》 ᠶᠢ ᠬᠡᠷᠡᠭᠵᠢᠭᠦᠯᠦᠨ᠎ᠡ  ᠃ 《 ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ᠂ ᠠᠷᠤ ᠲᠠᠯ᠎ᠠ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ 》 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ 《 ᠮᠥᠩᠬᠡ ᠰᠤᠪᠠᠭ ᠢᠶᠠᠷ ᠭᠦᠶᠴᠡᠳᠬᠡᠬᠦ‍ ᠨᠢᠭᠡ ᠯᠡ ᠤᠳᠠᠭ᠎ᠠ ᠳᠤ ᠭᠦᠶᠴᠡᠳᠬᠡᠬᠦ 》 ᠶᠡᠷᠦᠩᠬᠡᠶᠢᠯᠡᠭᠰᠡᠨ ᠴᠣᠩᠬᠤᠪᠴᠢ ᠶᠢ ᠪᠠᠶᠢᠭᠤᠯᠤᠨ᠂ ᠠᠰᠠᠭᠤᠨ ᠯᠠᠪᠯᠠᠵᠤ ᠬᠥᠲᠥᠯᠥᠨ ᠵᠢᠯᠣᠭᠤᠳᠬᠤ᠂ ᠭᠥᠯᠢᠶᠡᠨ ᠠᠪᠴᠤ ᠭᠦᠶᠴᠡᠳᠬᠡᠬᠦ ᠪᠠ ᠭᠥᠯᠢᠶᠡᠨ ᠠᠪᠴᠤ ᠭᠦᠶᠴᠡᠳᠬᠡᠬᠦ᠂ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ᠂ ᠮᠠᠲ᠋ᠧᠷᠢᠶᠠᠯ ᠢ ᠰᠢᠯᠵᠢᠭᠦᠯᠬᠦ᠂ ᠵᠣᠬᠢᠴᠠᠭᠤᠯᠤᠨ ᠵᠣᠯᠭᠠᠭᠤᠯᠬᠤ᠂ ᠦᠨᠡᠮᠯᠡᠯ ᠣᠯᠭᠤᠵᠤ ᠦᠨᠡᠮᠯᠡᠯ ᠠᠪᠬᠤ ᠵᠡᠷᠭᠡ ᠶᠢ ᠨᠢᠭᠡᠳᠦᠯᠲᠡᠶ ᠬᠠᠷᠢᠭᠤᠴᠠᠨ᠎ᠠ  ᠃      《 ᠬᠠᠮᠲᠤᠷᠠᠨ ᠡᠷᠬᠢᠯᠡᠬᠦ ᠲᠣᠭᠲᠠᠴᠠ 》 ᠶᠢ ᠲᠡᠭᠦᠯᠳᠡᠷᠵᠢᠭᠦᠯᠦᠨ᠎ᠡ  ᠃ ᠣᠯᠠᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠳᠤ ᠬᠤᠯᠪᠣᠭᠳᠠᠭᠰᠠᠨ 《 ᠨᠢᠭᠡ ᠶᠠᠪᠤᠳᠠᠯ 》 ᠢ ᠲᠦᠷᠦᠭᠦᠯᠡᠬᠦ ᠰᠠᠯᠠᠭ᠎ᠠ ᠮᠥᠴᠢᠷ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠵᠤ᠂ ᠶᠡᠷᠦᠩᠬᠡᠶᠢᠯᠡᠭᠰᠡᠨ ᠴᠣᠩᠬᠤᠪᠴᠢ ᠨᠢ ᠰᠢᠰᠲ᠋ᠧᠮ ᠪᠤᠶᠤ ᠴᠠᠭᠠᠰᠤᠨ ᠮᠠᠲ᠋ᠧᠷᠢᠶᠠᠯ ᠤᠨ ᠡᠷᠭᠢᠯᠳᠦᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠨ ᠬᠦᠷᠭᠡᠵᠦ᠂ ᠬᠠᠮᠲᠤᠷᠠᠨ ᠭᠦᠶᠴᠡᠳᠬᠡᠬᠦ ᠰᠠᠯᠠᠭ᠎ᠠ ᠮᠥᠴᠢᠷ ᠨᠢ ᠨᠢᠭᠡᠨᠲᠡ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠬᠢᠨᠠᠨ ᠵᠥᠪᠰᠢᠶᠡᠷᠡᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠭᠦᠶᠴᠡᠳᠬᠡᠭᠰᠡᠨ ᠦᠷ᠎ᠡ ᠳ᠋ᠦᠩ ᠢᠶᠠᠨ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠴᠣᠩᠬᠤᠪᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠬᠦᠷᠭᠡᠵᠦ᠂ ᠶᠡᠷᠦᠩᠬᠡᠶᠢᠯᠡᠭᠰᠡᠨ ᠴᠣᠩᠬᠤᠪᠴᠢ ᠨᠢ ᠲᠤᠬᠠᠶ ᠶᠢᠨ ᠲᠠᠯᠠᠪᠠᠶ ᠳᠤ ᠲᠤᠰᠢᠶᠠᠬᠤ᠂ ᠰᠢᠦᠳᠠᠨ ᠢᠶᠠᠷ ᠢᠯᠡᠭᠡᠬᠦ᠂ ᠰᠦᠯᠵᠢᠶ᠎ᠡ ᠪᠠᠷ ᠳᠠᠮᠵᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠭᠤᠶᠤᠴᠢᠯᠠᠭᠴᠢ ᠳᠤ ᠨᠢᠭᠡᠳᠦᠯᠲᠡᠶ ᠪᠠᠷ ᠬᠦᠷᠭᠡᠵᠦ ᠥᠭᠭᠦᠨ᠎ᠡ ᠬᠤᠭᠤᠴᠠᠭ᠎ᠠ ᠨᠢ ᠬᠡᠲᠦᠷᠡᠭᠡᠳ ᠬᠢᠨᠠᠨ ᠬᠠᠷᠭᠤᠭᠤᠯᠤᠭᠰᠠᠨ ᠰᠠᠨᠠᠯ ᠢᠶᠠᠨ ᠬᠠᠷᠢᠭᠤ ᠲᠣᠰᠬᠠᠭᠰᠠᠨ ᠥᠬᠡᠶ ᠪᠤᠶᠤ ᠠᠮᠠᠯᠠᠯᠲᠠ ᠶᠢᠨ ᠴᠠᠭ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠭᠦᠶᠴᠡᠳᠬᠡᠵᠦ ᠳᠠᠭᠤᠰᠬᠠᠭᠰᠠᠨ ᠥᠬᠡᠶ ᠪᠠᠶᠢᠪᠠᠯ᠂ ᠰᠢᠮᠳᠠᠭᠤᠯᠤᠨ ᠭᠦᠶᠴᠡᠳᠬᠡᠬᠦ ᠲᠠᠰ ᠳᠠᠷᠠᠭᠠᠯᠠᠯ ᠳᠤ ᠣᠷᠣᠭᠤᠯᠵᠤ ᠰᠢᠮᠳᠠᠭᠤᠯᠣᠨ᠎ᠠ  ᠃       ( ᠭᠤᠷᠪᠠ ) ᠰᠦᠯᠵᠢᠶᠡᠨ ᠳᠡᠭᠡᠷᠡᠬᠢ ᠲᠤᠰᠬᠠᠶ ᠪᠤᠯᠤᠩ ᠭᠠᠷᠭᠠᠨ᠎ᠠ  ᠃ ᠲᠣᠭᠤᠷᠢᠭ᠂ ᠠᠶᠢᠮᠠᠭ ᠤᠨ ᠨᠢᠭᠡᠳᠦᠯᠲᠡᠶ ᠲᠥᠯᠥᠪᠯᠡᠨ ᠠᠬᠢᠭᠤᠯᠤᠭᠰᠠᠨ ᠪᠠᠶᠢᠳᠠᠯ ᠳᠣᠤᠷ᠎ᠠ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ ᠪᠠ 《 ᠮᠥᠩᠬᠡ ᠰᠤᠪᠠᠭ 》 ᠤᠨ ᠰᠢᠯᠵᠢᠮᠡᠯ ᠦᠵᠦᠭᠦᠷ ᠲᠤ ᠲᠦᠰᠢᠭᠯᠡᠨ᠂ ᠰᠦᠯᠵᠢᠶᠡᠨ ᠳᠡᠭᠡᠷᠡᠬᠢ 《 ᠮᠥᠩᠬᠡ ᠰᠤᠪᠠᠭ 》 ᠤᠨ ᠨᠢᠭᠡ ᠯᠡ ᠤᠳᠠᠭ᠎ᠠ ᠳᠤ ᠭᠦᠶᠴᠡᠳᠬᠡᠬᠦ 》 ᠲᠤᠰᠬᠠᠶ ᠪᠤᠯᠤᠩ ᠲᠣᠬᠢᠷᠠᠭᠤᠯᠵᠤ᠂ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠢ ᠪᠠᠶᠢᠴᠠᠭᠠᠨ ᠯᠠᠪᠯᠠᠬᠤ᠂ ᠭᠤᠶᠤᠴᠢᠯᠠᠬᠤ ᠬᠦᠰᠦᠨᠦᠭᠲᠦ ᠶᠢ ᠪᠠᠭᠤᠯᠭᠠᠬᠤ ᠵᠡᠷᠭᠡ ᠦᠶᠯᠡᠴᠢᠯᠡᠭᠡ ᠬᠠᠩᠭᠠᠵᠤ᠂ ᠰᠦᠯᠵᠢᠶ᠎ᠡ ᠪᠠᠷ ᠠᠵᠢᠯ ᠶᠠᠪᠤᠳᠠᠯ ᠭᠦᠶᠴᠡᠳᠬᠡᠬᠦ  ᠪᠠᠷ ᠭᠤᠶᠤᠴᠢᠯᠠᠬᠤ ᠣᠷᠣᠬᠤ ᠡᠭᠦᠳᠡ ᠶᠢ ᠠᠯᠬᠤᠮ ᠠᠯᠬᠤᠮ ᠢᠶᠠᠷ ᠨᠡᠪᠲᠡᠷᠡᠭᠦᠯᠵᠦ᠂ ᠭᠤᠶᠤᠴᠢᠯᠠᠭᠴᠢ ᠳᠤ ᠰᠦᠯᠵᠢᠶᠡᠨ ᠳᠡᠭᠡᠷ᠎ᠡ ᠭᠤᠶᠤᠴᠢᠯᠠᠬᠤ ᠪᠠᠷ ᠬᠥᠲᠥᠯᠥᠨ ᠵᠢᠯᠣᠭᠤᠳᠬᠤ ᠪᠠ ᠭᠤᠤᠯ ᠰᠡᠳᠦᠪᠲᠦ ᠮᠠᠶ᠋ᠢᠭ ᠤᠨ ᠢᠵᠢ ᠦᠶᠯᠡᠴᠢᠯᠡᠭᠡ ᠪᠠᠷ ᠲᠠᠨᠢᠯᠴᠠᠭᠤᠯᠬᠤ ᠵᠡᠷᠭᠡ ᠠᠵᠢᠯ ᠶᠠᠪᠤᠳᠠᠯ ᠭᠦᠶᠴᠡᠳᠬᠡᠬᠦ ᠶᠢ ᠪᠡᠶᠡᠴᠢᠯᠡᠨ ᠣᠶᠢᠯᠠᠭᠠᠬᠤ ᠶᠢ ᠬᠠᠩᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠳᠠᠯᠢ ᠪᠠᠷᠢᠮᠵᠢᠶ᠎ᠠ᠂ ᠠᠳᠠᠯᠢ ᠴᠤᠪᠤᠷᠠᠯ᠂ ᠠᠳᠠᠯᠢ ᠴᠢᠨᠠᠷ ᠤᠨ ᠦᠶᠯᠡᠴᠢᠯᠡᠭᠡ᠂ ᠨᠢᠭᠡ ᠴᠤᠭᠴᠠᠵᠢᠭᠤᠯᠤᠨ ᠭᠦᠶᠴᠡᠳᠬᠡᠬᠦ ᠶᠢ ᠪᠡᠶᠡᠯᠡᠭᠦᠯᠦᠨ᠎ᠡ  ᠃ ᠡᠭᠦᠨ ᠤ ᠬᠠᠮᠲᠤ᠂ ᠨᠠᠰᠤᠲᠠᠶᠢᠴᠤᠳ᠂ ᠬᠠᠷᠠᠭ᠎ᠠ ᠰᠠᠭᠠᠳ ᠰᠣᠨᠣᠷ ᠤᠨ ᠰᠠᠭᠠᠳ ᠲᠠᠢ ᠵᠡᠮᠳᠡᠭᠴᠦᠳ ᠵᠡᠷᠭᠡ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ ᠰᠠᠶᠢᠲᠤᠷ ᠬᠠᠷᠠᠭᠠᠯᠵᠠᠵᠤ᠂ ᠴᠢᠬᠤᠯᠠ ᠪᠥᠬᠦᠶ ᠰᠦᠯᠵᠢᠶᠡᠨ ᠭᠠᠳᠠᠨ᠎ᠠ ᠨᠥᠬᠦᠪᠥᠷᠢᠯᠡᠬᠦ ᠠᠷᠭ᠎ᠠ ᠪᠠᠷᠢᠯ ᠢ ᠠᠪᠴᠤ᠂ ᠬᠥᠮᠦᠨ ᠤ ᠬᠦᠴᠦᠨ ᠤ ᠵᠢᠯᠣᠭᠤᠳᠣᠯᠭ᠎ᠠ ᠪᠠ ᠦᠶᠯᠡᠴᠢᠯᠡᠭᠡ ᠶᠢ ᠬᠠᠨᠳᠤᠯᠭᠠᠲᠤ ᠴᠢᠨᠠᠷᠲᠠᠶ  ᠪᠠᠷ ᠬᠠᠩᠭᠠᠨ᠎ᠠ  ᠃       ( ᠳᠥᠷᠪᠡ ) ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠶ  ᠃ ᠪᠥᠬᠦ ᠠᠶᠢᠮᠠᠭ  ᠤᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ 《 ᠨᠢᠭᠡ ᠯᠡ ᠤᠳᠠᠭ᠎ᠠ ᠳᠤ ᠭᠦᠶᠴᠡᠳᠬᠡᠬᠦ 》 ᠵᠦᠶᠯᠡᠰ ᠢ ᠭᠦᠶᠴᠡᠳᠬᠡᠬᠦ ᠳᠤ ᠲᠤᠰᠬᠠᠶ ᠬᠥᠮᠦᠨ ᠪᠥᠬᠦ ᠶᠠᠪᠤᠴᠠ ᠶᠢ ᠮᠥᠷᠳᠡᠨ ᠳᠠᠭᠠᠵᠤ ᠦᠶᠯᠡᠴᠢᠯᠡᠬᠦ ᠶᠢ ᠬᠡᠷᠡᠭᠵᠢᠭᠦᠯᠵᠦ᠂ ᠮᠠᠨ  ᠤ ᠰᠢᠶᠠᠨ ᠤ ᠪᠣᠳᠠᠲᠤ ᠪᠠᠶᠢᠳᠠᠯ ᠢ ᠦᠨᠳᠦᠰᠦᠯᠡᠨ᠂ 《 ᠨᠢᠭᠡ ᠯᠡ ᠤᠳᠠᠭ᠎ᠠ ᠳᠤ ᠭᠦᠶᠴᠡᠳᠬᠡᠬᠦ 》 ᠴᠣᠩᠬᠤᠪᠴᠢ  ᠳᠤ 4 ᠪᠣᠳᠠᠲᠠᠶ ᠠᠵᠢᠯᠲᠠᠨ ᠲᠣᠬᠢᠷᠠᠭᠤᠯᠵᠤ᠂ ᠠᠰᠠᠭᠤᠨ ᠯᠠᠪᠯᠠᠵᠤ ᠬᠥᠲᠥᠯᠥᠨ ᠵᠢᠯᠣᠭᠤᠳᠬᠤ᠂ ᠭᠥᠯᠢᠶᠡᠨ ᠠᠪᠴᠤ ᠭᠦᠶᠴᠡᠳᠬᠡᠬᠦ᠂ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ᠂ ᠮᠠᠲ᠋ᠧᠷᠢᠶᠠᠯ ᠢ ᠰᠢᠯᠵᠢᠭᠦᠯᠬᠦ᠂ ᠵᠣᠬᠢᠴᠠᠭᠤᠯᠤᠨ ᠵᠣᠯᠭᠠᠭᠤᠯᠬᠤ᠂ ᠦᠨᠡᠮᠯᠡᠯ ᠣᠯᠭᠤᠵᠤ ᠦᠨᠡᠮᠯᠡᠯ ᠠᠪᠬᠤ ᠵᠡᠷᠭᠡ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ  ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ ᠵᠢᠴᠢ ᠬᠠᠮᠢᠶᠠᠷᠬᠤ ᠶᠢ ᠬᠠᠷᠢᠭᠤᠴᠠᠵᠤ᠂ ᠠᠵᠢᠯᠲᠠᠨ ᠢ ᠰᠢᠶᠠᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ  ᠃        ( ᠲᠠᠪᠤ ) ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ  ᠃ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠰᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠠᠴᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠬᠠᠷᠢᠭᠤᠴᠠᠨ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠠᠵᠢᠯᠲᠠᠨ ᠢ ᠤᠷᠢᠵᠤ ᠨᠢᠭᠡᠳᠦᠯᠲᠡᠶ ᠠᠵᠢᠯ ᠶᠠᠪᠤᠳᠠᠯ ᠭᠦᠶᠴᠡᠳᠬᠡᠬᠦ ᠪᠠᠷᠢᠮᠵᠢᠶ᠎ᠠ ᠶᠣᠰᠣᠭᠠᠷ 《 ᠨᠢᠭᠡ ᠯᠡ ᠤᠳᠠᠭ᠎ᠠ ᠳᠤ ᠭᠦᠶᠴᠡᠳᠬᠡᠬᠦ 》 ᠠᠵᠢᠯᠲᠠᠨ ᠳᠤ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠬᠢᠯᠭᠡᠵᠦ᠂ ᠨᠢᠭᠡᠨ ᠰᠠᠯᠠᠭ᠎ᠠ ᠲᠤᠬᠠᠶᠢᠯᠠᠭᠰᠠᠨ ᠠᠵᠢᠯ ᠨᠢ ᠰᠢᠯᠢᠳᠡᠭ᠂ ᠬᠡᠪ ᠴᠢᠨᠠᠷ ᠨᠢ ᠥᠨᠳᠥᠷ᠂ ᠪᠦᠷᠢᠨ ᠴᠢᠳᠠᠪᠤᠷᠢᠲᠤ ᠴᠣᠩᠬᠤᠪᠴᠢ  ᠶᠢᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠶᠳᠪᠦᠷᠢᠯᠡᠬᠦ ᠡᠩᠨᠡᠭᠡ ᠶᠢ ᠪᠠᠶᠢᠭᠤᠯᠤᠨ᠎ᠠ  ᠃         ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ         ( ᠨᠢᠭᠡ ) ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ  ᠃ 《 ᠮᠥᠩᠬᠡ ᠰᠤᠪᠠᠭ ᠢᠶᠠᠷ ᠨᠢᠭᠡ ᠯᠡ ᠤᠳᠠᠭ᠎ᠠ ᠭᠦᠶᠴᠡᠳᠬᠡᠬᠦ 》 ᠶᠢ ᠬᠡᠷᠡᠭᠵᠢᠭᠦᠯᠬᠦ ᠪᠣᠯ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷ᠎ᠡ ᠲᠣᠳᠣᠷᠬᠠᠶᠢᠯᠠᠭᠰᠠᠨ ᠥᠭᠡᠷᠡᠴᠢᠯᠡᠯᠲᠡ ᠶᠢᠨ ᠠᠵᠢᠯ ᠤᠨ ᠡᠭᠦᠷᠭᠡ ᠮᠥᠨ᠂ ᠡᠯ᠎ᠡ ᠰᠠᠯᠠᠭ᠎ᠠ ᠮᠥᠴᠢᠷ ᠤᠳ 《 ᠮᠥᠩᠬᠡ ᠰᠤᠪᠠᠭ ᠢᠶᠠᠷ ᠨᠢᠭᠡ ᠯᠡ ᠤᠳᠠᠭ᠎ᠠ ᠭᠦᠶᠴᠡᠳᠬᠡᠬᠦ 》 ᠠᠵᠢᠯ ᠢ ᠠᠬᠢᠭᠤᠯᠬᠤ ᠶᠢᠨ ᠮᠠᠨ ᠤ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠬᠥᠭᠵᠢᠯᠲᠡ ᠶᠢᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠪᠠᠶᠢᠷᠢᠯᠠᠭᠤᠯᠤᠯᠲᠠ ᠶᠢ ᠴᠢᠩᠭᠠᠳᠬᠠᠨ ᠨᠠᠶᠢᠳᠠᠪᠤᠷᠢᠵᠢᠭᠤᠯᠬᠤ ᠬᠡᠷᠡᠭᠲᠡᠶ  ᠃ ᠡᠭᠦᠨ ᠤ ᠬᠠᠮᠲᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠪᠦᠷᠢᠯᠳᠦᠭᠰᠡᠨ 《 ᠮᠥᠩᠬᠡ ᠰᠤᠪᠠᠭ ᠤᠨ ᠠᠯᠪᠠᠨ ᠭᠡᠷ ᠨᠢᠭᠡ ᠯᠡ ᠤᠳᠠᠭ᠎ᠠ ᠳᠤ ᠭᠦᠢᠴᠡᠳᠬᠡᠬᠦ 》 ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠤᠨ ᠰᠢᠮᠳᠠᠭᠤᠯᠬᠤ ᠶᠢ ᠴᠢᠩᠭᠠᠷᠠᠭᠤᠯᠤᠨ᠂ ᠥᠭᠡᠷᠡᠴᠢᠯᠡᠯᠲᠡ ᠶᠢᠨ ᠶᠠᠪᠤᠴᠠ ᠳᠠᠬᠢ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶᠳᠪᠦᠷᠢᠯᠡᠬᠦ ᠬᠡᠷᠡᠭᠲᠡᠶ  ᠃       ( ᠬᠤᠶᠠᠷ ) ᠬᠠᠷᠢᠭᠤᠴᠠᠯᠭ᠎ᠠ ᠶᠢ ᠴᠢᠩᠭᠠᠷᠠᠭᠤᠯᠤᠨ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ  ᠃ ᠡᠯ᠎ᠡ ᠰᠠᠯᠠᠭ᠎ᠠ ᠮᠥᠴᠢᠷ ᠤᠳ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠴᠣᠩᠬᠤᠪᠴᠢ ᠶᠢᠨ ᠠᠵᠢᠯᠲᠠᠨ᠂ ᠢᠵᠢ ᠪᠦᠷᠢᠳᠦᠭᠦᠯᠬᠦ ᠲᠥᠬᠦᠭᠡᠷᠦᠮᠵᠢ ᠪᠠ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ  ᠃ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠠᠵᠢᠯᠲᠠᠨ ᠪᠠ ᠬᠢᠨᠠᠨ ᠵᠥᠪᠰᠢᠶᠡᠷᠡᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ  ᠃ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠶᠡᠷᠦᠩᠬᠡᠶᠢᠯᠡᠭᠰᠡᠨ ᠴᠣᠩᠬᠤᠪᠴᠢ ᠶᠢᠨ ᠭᠥᠯᠢᠶᠡᠨ ᠠᠪᠴᠤ ᠰᠢᠶᠳᠪᠦᠷᠢᠯᠡᠬᠦ ᠶᠠᠪᠤᠴᠠ ᠳᠤ ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠳᠤ ᠴᠠᠭ ᠲᠤᠬᠠᠶ  ᠳᠤᠨᠢ ᠬᠠᠷᠢᠭᠤᠯᠲᠠ ᠥᠭᠴᠦ᠂ ᠡᠮᠦᠨ᠎ᠡ ᠬᠤᠶᠢᠨᠠᠬᠢ ᠭᠥᠯᠢᠶᠡᠨ ᠠᠪᠴᠤ ᠬᠢᠨᠠᠨ ᠵᠥᠪᠰᠢᠶᠡᠷᠡᠬᠦ ᠶᠢ ᠲᠠᠰᠤᠯᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠂ ᠥᠭᠡᠷᠡᠴᠢᠯᠡᠯᠲᠡ ᠶᠢᠨ ᠤᠷᠤᠭᠰᠢᠲᠠᠶ ᠨᠠᠶᠢᠳᠠᠪᠤᠷᠢᠵᠢᠬᠤ ᠶᠢ ᠦᠨᠡᠨᠬᠦ ᠪᠠᠲᠤᠯᠠᠨ᠎ᠠ  ᠃       ( ᠭᠤᠷᠪᠠ ) ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ  ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠭᠡᠷ ᠲᠠᠢ ᠬᠠᠮᠲᠤᠷᠠᠨ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠡᠷᠴᠢᠮ ᠢᠶᠠᠨ ᠨᠡᠮᠡᠭᠳᠡᠭᠦᠯᠵᠦ᠂ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ  ᠲᠠᠢ ᠪᠠᠷ ᠲᠣᠬᠢᠷᠠᠭᠤᠯᠤᠨ᠂ ᠨᠡᠪᠲᠡᠷᠡᠭᠦᠯᠬᠦ ᠬᠡᠷᠡᠭᠲᠡᠶ᠂ ᠢᠯᠠᠩᠭᠤᠶ᠎ᠠ ᠬᠢᠨᠠᠨ ᠵᠥᠪᠰᠢᠶᠡᠷᠡᠬᠦ ᠶᠢ ᠬᠤᠭᠤᠴᠠᠭ᠎ᠠ ᠥᠩᠭᠡᠷᠡᠲᠡᠯ᠎ᠡ ᠭᠦᠢᠴᠡᠳᠬᠡᠵᠦ ᠳᠠᠭᠤᠰᠬᠠᠭᠰᠠᠨ ᠦᠭᠡᠶ ᠪᠤᠶᠤ ᠰᠢᠮᠳᠠᠭᠤᠯᠤᠨ ᠭᠦᠢᠴᠡᠳᠬᠡᠯᠭᠡᠭᠰᠡᠨ ᠤ ᠳᠠᠷᠠᠭ᠎ᠠ ᠦᠷ᠎ᠡ ᠳ᠋ᠦᠩ ᠦᠭᠡᠶ ᠪᠣᠯ ᠨᠡᠪᠲᠡᠷᠡᠭᠦᠯᠬᠦ ᠡᠷᠴᠢᠮ ᠢᠶᠠᠨ ᠨᠡᠮᠡᠭᠳᠡᠭᠦᠯᠵᠦ᠂ ᠠᠵᠢᠯ ᠢᠶᠠᠨ ᠡᠮᠬᠢ ᠵᠢᠷᠤᠮ ᠲᠠᠢ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ  ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ 《 ᠮᠥᠩᠬᠡ ᠰᠤᠪᠠᠭ᠂ ᠨᠢᠭᠡ ᠯᠡ ᠤᠳᠠᠭ᠎ᠠ ᠳᠤ ᠭᠦᠶᠴᠡᠳᠬᠡᠬᠦ 》 ᠠᠵᠢᠯ ᠢ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂ 《 ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ 》 ᠶᠢᠨ ᠪᠦᠲᠦᠮᠵᠢᠲᠡᠶ ᠪᠡᠶᠡᠯᠡᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠲᠤᠷᠰᠢᠯᠭ᠎ᠠ ᠪᠠᠨ ᠳ᠋ᠦᠩᠨᠡᠨ᠂ ᠠᠵᠤ ᠠᠬᠤᠶᠢᠯᠠᠯ ᠣᠯᠠᠨ ᠲᠦᠮᠡᠨ ᠤ ᠮᠡᠳᠡᠷᠡᠬᠦ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ  ᠃         ᠳᠠᠭᠠᠯᠳᠤᠭᠤᠯᠤᠯ᠄ ᠲᠦᠴᠢᠦᠸᠠᠨ ᠰᠢᠶᠠᠨ ᠤ 《 ᠮᠥᠩᠬᠡ ᠰᠤᠪᠠᠭ 》 ᠤᠨ ᠭᠠᠷᠴᠠᠭ ᠤᠨ ᠨᠠᠷᠢᠨ ᠬᠠᠭᠤᠳᠠᠰᠤ           ᠳᠠᠭᠠᠯᠳᠤᠭᠤᠯᠤᠯ᠄ ᠲᠦᠴᠢᠦᠸᠠᠨ ᠰᠢᠶᠠᠨ ᠤ 《 ᠮᠥᠩᠬᠡ ᠰᠤᠪᠠᠭ 》 ᠤᠨ ᠭᠠᠷᠴᠠᠭ ᠤᠨ ᠲᠣᠳᠣᠷᠬᠠᠶ ᠬᠠᠭᠤᠳᠠᠰᠤ  ᠃ᠲᠦᠴᠢᠦᠸᠠᠨ ᠰᠢᠶᠠᠨ 《 ᠮᠥᠩᠬᠡ ᠰᠤᠪᠠᠭ᠂ ᠲᠠᠨ ᠳᠤ ᠬᠠᠪᠰᠤᠷᠤᠨ ᠭᠦᠶᠴᠡᠳᠬᠡᠬᠦ 》 ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠣᠬᠠᠢ ᠠᠵᠢᠯ ᠤᠨ ᠬᠡᠷᠡᠭᠵᠢᠭᠦᠯᠬᠦ ᠲᠥᠰᠦᠯ        ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠲᠣᠭᠲᠠᠪᠤᠷᠢᠵᠢᠭᠤᠯᠬᠤ᠂ ᠬᠤᠳᠠᠯᠳᠤᠭᠠᠴᠢᠨ ᠢ ᠪᠠᠶᠠᠵᠢᠭᠤᠯᠬᠤ ᠪᠠᠯᠠ ᠣᠷᠣᠭᠤᠯᠤᠨ ᠠᠳᠠᠯ ᠦᠶᠯᠡᠰ ᠴᠣᠭᠴᠠᠯᠠᠬᠤ ᠣᠷᠴᠢᠨ ᠨᠥᠬᠦᠴᠡᠯ ᠢ ᠪᠥᠬᠦ ᠲᠠᠯ᠎ᠠ ᠪᠠᠷ ᠪᠤᠢ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ《 〈 ᠮᠥᠩᠬᠡ ᠰᠤᠪᠠᠭ ᠤᠨ ᠠᠯᠪᠠᠨ ᠭᠡᠷ 〉᠂ 〈 ᠥᠪᠥᠷ ᠰᠤᠪᠠᠭ ᠤᠨ ᠠᠯᠪᠠᠨ ᠭᠡᠷ 〉᠂ 〈 ᠮᠥᠩᠬᠡ ᠰᠤᠪᠠᠭ ᠤᠨ ᠠᠯᠪᠠᠨ ᠭᠡᠷ᠂ ᠠᠯᠠᠭᠠᠨ ᠳᠡᠭᠡᠷ᠎ᠡ ᠠᠯᠪᠠᠨ ᠭᠡᠷ 〉᠂ 〈 ᠮᠥᠩᠬᠡ ᠰᠤᠪᠠᠭ ᠤᠨ ᠠᠯᠪᠠᠨ ᠭᠡᠷ᠂ 〉 ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ 》 ( ᠥᠪᠥᠷ ᠵᠠᠰᠠᠭ ᠠᠯᠪᠠᠨ ᠲᠠᠷᠬᠠᠭᠠᠭᠰᠠᠨ 20218 ᠳ᠋ᠤᠭᠠᠷ ᠲᠣᠭᠠᠲᠤ ) ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠶ ᠲᠠᠢ  ᠪᠠᠨ ᠤᠶᠠᠯᠳᠤᠭᠤᠯᠤᠨ᠂ ᠲᠤᠰ ᠲᠥᠰᠦᠯ ᠢ   ᠲᠣᠭᠳᠠᠭᠠᠪᠠ᠃        ᠨᠢᠭᠡ᠂ ᠵᠢᠯᠣᠭᠤᠳᠬᠤ ᠦᠵᠡᠯ ᠰᠠᠨᠠᠭ᠎ᠠ        ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ  ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠪᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠶ᠎ᠠ᠂ 《 ᠮᠥᠩᠬᠡ ᠰᠤᠪᠠᠭ᠂ ᠲᠠᠨ ᠳᠤ ᠬᠠᠪᠰᠤᠷᠤᠨ ᠭᠦᠶᠴᠡᠳᠬᠡᠬᠦ 》 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠᠷ ᠭᠠᠷᠳᠠᠴᠠ ᠪᠣᠯᠭᠠᠨ᠎ᠠ᠂ ᠪᠡᠯᠡ ᠣᠷᠣᠭᠤᠯᠤᠯᠲᠠ ᠶᠢᠨ ᠵᠦᠢᠯᠡᠰ ᠤᠨ ᠪᠦᠬᠦ ᠬᠡᠯᠬᠢᠶᠡᠨ ᠤ ᠬᠢᠨᠠᠨ ᠵᠥᠪᠰᠢᠶᠡᠷᠡᠬᠦ ᠵᠦᠢᠯᠡᠰ ᠢ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ᠂ ᠪᠦᠬᠦ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠴᠢᠩᠭ᠎ᠠ ᠬᠦᠴᠦᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠲᠤᠯᠠᠭ᠎ᠠ ᠬᠠᠩᠭᠠᠨ᠎ᠠ  ᠃          ᠬᠤᠶᠠᠷ᠂ ᠦᠨᠳᠦᠰᠦᠨ ᠵᠠᠷᠴᠢᠮ      ( ᠨᠢᠭᠡ ) ᠰᠠᠶᠢᠨ ᠳᠤᠷ᠎ᠠ ᠠᠴᠠ ᠪᠠᠨ ᠨᠠᠶᠢᠳᠠᠬᠤ ᠶᠢ ᠪᠠᠷᠢᠮᠲᠠᠯᠠᠨ᠎ᠠ  ᠃ ᠪᠡᠯᠡ ᠣᠷᠣᠭᠤᠯᠬᠤ ᠲᠥᠷᠥᠯ ᠵᠦᠢᠯ  ᠤᠨ ᠭᠤᠶᠤᠴᠢᠯᠠᠭᠴᠢ ᠰᠠᠶᠢᠨ ᠳᠤᠷ᠎ᠠ ᠠᠴᠠ ᠪᠠᠨ ᠨᠠᠶᠢᠳᠠᠵᠤ᠂ ᠬᠡᠵᠢᠶ᠎ᠡ ᠴᠦ ᠭᠡᠰᠡᠨ ᠭᠤᠶᠤᠴᠢᠯᠠᠯ ᠢᠶᠠᠨ ᠳᠤᠷᠠᠳᠴᠤ᠂ ᠨᠠᠶᠢᠳᠠᠵᠤ ᠪᠦᠬᠦ ᠶᠠᠪᠤᠴᠠ ᠳᠤ ᠣᠷᠣᠯᠠᠨ ᠭᠦᠢᠴᠡᠳᠬᠡᠯᠭᠡᠬᠦ ᠪᠤᠶᠤ ᠬᠡᠰᠡᠭ ᠵᠠᠷᠢᠮ ᠢ ᠨᠢ ᠣᠷᠣᠯᠠᠨ ᠭᠦᠢᠴᠡᠳᠬᠡᠯᠭᠡᠵᠦ ᠪᠣᠯᠤᠨ᠎ᠠ  ᠃      ( ᠬᠤᠶᠠᠷ ) ᠲᠥᠯᠥᠪᠦᠷᠢ ᠦᠭᠡᠶ ᠦᠢᠯᠡᠴᠢᠯᠡᠭᠡ ᠶᠢ ᠪᠠᠷᠢᠮᠲᠠᠯᠠᠬᠤ ᠬᠡᠷᠡᠭᠲᠡᠶ  ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠵᠤ ᠠᠬᠤᠶᠢᠯᠠᠯ ᠤᠨ ᠣᠯᠠᠨ ᠲᠦᠮᠡᠨ ᠵᠠᠷᠤᠳᠠᠯ ᠢ ᠡᠭᠦᠷᠭᠡᠯᠡᠬᠦ ᠪᠠᠷ ᠲᠣᠳᠣᠷᠬᠠᠶᠢᠯᠠᠭᠰᠠᠨ ᠢ ᠭᠠᠷᠭᠠᠪᠠᠯ᠂ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠢ ᠴᠥᠮ ᠰᠦᠢᠳᠬᠡᠯ ᠬᠤᠷᠢᠶᠠᠬᠤ ᠦᠭᠡᠶ ᠪᠠᠷ ᠬᠠᠩᠭᠠᠨ᠎ᠠ  ᠃      ( ᠭᠤᠷᠪᠠ ) ᠬᠤᠯᠪᠣᠭᠠᠯᠠᠨ ᠬᠥᠳᠡᠯᠦᠯᠴᠡᠵᠦ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠪᠠᠷᠢᠮᠲᠠᠯᠠᠨ᠎ᠠ  ᠃ ᠠᠵᠢᠯ ᠬᠤᠪᠢᠶᠠᠷᠢᠯᠠᠨ ᠬᠠᠮᠵᠢᠯᠴᠠᠬᠤ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠠᠭᠠᠳ ᠥᠬᠡᠶ ᠨᠡᠪᠲᠡᠷᠡᠯᠴᠡᠬᠦ᠂ ᠥᠨᠳᠥᠷ ᠪᠦᠲᠦᠮᠵᠢᠲᠡᠶ ᠠᠵᠢᠯᠯᠠᠬᠤ ᠲᠣᠭᠲᠠᠴᠠ ᠶᠢ ᠪᠠᠶᠢᠭᠤᠯᠵᠤ᠂ ᠦᠶᠯᠡᠴᠢᠯᠡᠭᠡᠨ ᠤ ᠴᠤᠪᠤᠷᠠᠯ ᠢ ᠡᠮᠬᠢᠯᠡᠨ ᠰᠢᠯᠢᠳᠡᠭᠵᠢᠭᠦᠯᠵᠦ᠂ ᠬᠦᠴᠦ ᠪᠠᠨ ᠬᠠᠮᠲᠤᠳᠬᠠᠨ ᠬᠡᠷᠡᠭᠵᠢᠭᠦᠯᠬᠦ ᠶᠢ ᠠᠬᠢᠭᠤᠯᠤᠨ᠎ᠠ  ᠃      ( ᠳᠥᠷᠪᠡ ) ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ ᠶᠢ ᠪᠠᠷᠢᠮᠲᠠᠯᠠᠬᠤ ᠬᠡᠷᠡᠭᠲᠡᠶ  ᠃ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠢ ᠥᠷᠨᠢᠭᠦᠯᠵᠦ᠂ ᠣᠯᠠᠨ ᠨᠡᠶᠢᠲᠡ ᠶᠢᠨ ᠠᠰᠢᠭ ᠲᠤᠰᠠ ᠵᠢᠴᠢ ᠠᠵᠤ ᠠᠬᠤᠶᠢᠯᠠᠯ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠶ᠂ ᠣᠷᠣᠯᠠᠨ ᠭᠦᠶᠴᠡᠳᠬᠡᠬᠦ ᠳᠤ ᠡᠵᠡᠨ ᠮᠡᠳᠡᠬᠦ ᠥᠬᠡᠶ᠂ ᠣᠷᠣᠨ ᠪᠠᠶᠢᠷᠢ ᠠᠴᠠ ᠪᠠᠨ ᠳᠠᠪᠠᠭ᠋ᠤ ᠥᠬᠡᠶ ᠪᠠᠶᠢᠬᠤ ᠶᠢ ᠭᠦᠶᠴᠡᠳᠬᠡᠬᠦ ᠬᠡᠷᠡᠭᠲᠡᠶ  ᠃         ᠭᠤᠷᠪᠠ᠂ ᠠᠵᠢᠯ ᠤᠨ ᠬᠠᠷᠠᠯᠲᠠ          2021 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ᠂ 《 ᠮᠥᠩᠬᠡ ᠰᠤᠪᠠᠭ ᠢᠶᠠᠷ ᠬᠠᠪᠰᠤᠷᠤᠨ ᠭᠦᠶᠴᠡᠳᠬᠡᠬᠦ 》 ᠴᠣᠩᠬᠤᠪᠴᠢ ᠪᠠ ᠰᠦᠯᠵᠢᠶᠡᠨ ᠳᠡᠭᠡᠷᠡᠬᠢ ᠲᠤᠰᠬᠠᠶ ᠪᠤᠯᠤᠩ ᠤᠨ ᠪᠠᠶᠢᠷᠢᠯᠠᠭᠤᠯᠤᠯᠲᠠ ᠶᠢ ᠪᠡᠶᠡᠯᠡᠭᠦᠯᠵᠦ᠂ ᠲᠤᠰᠬᠠᠶ ᠮᠡᠷᠭᠡᠵᠢᠯ ᠤᠨ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠬᠦᠷᠢᠶ᠎ᠡ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠵᠢᠴᠢ ᠴᠤᠪᠤᠷᠠᠯ ᠢ ᠨᠠᠷᠢᠯᠢᠬᠵᠢᠭᠤᠯᠤᠨ᠂ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠵᠦᠶᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠨ᠎ᠡ  ᠃ 2021 ᠣᠨ ᠤ 7 ᠰᠠᠷ᠎ᠠ ᠶᠢᠨ ᠰᠡᠭᠦᠯᠴᠢ  ᠠᠴᠠ ᠡᠮᠦᠨ᠎ᠡ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠪᠥᠬᠦ ᠣᠷᠣᠨ ᠤ 《 ᠭᠤᠯᠳᠤ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ᠂ ᠬᠥᠨᠳᠡᠯᠡᠨ ᠰᠠᠯᠠᠭ᠎ᠠ ᠮᠥᠴᠢᠷ ᠬᠠᠮᠵᠢᠯᠴᠠᠬᠤ 》 ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠠᠵᠢᠯ ᠤᠨ ᠪᠠᠶᠢᠷᠢᠰᠢᠯ ᠳᠤ ᠠᠭᠤᠰᠤᠯᠴᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠵᠣᠯᠭᠠᠭᠤᠯᠬᠤ᠂ ᠬᠠᠷᠢᠯᠴᠠᠬᠤ᠂ ᠭᠤᠶᠤᠴᠢᠯᠠᠬᠤ᠂ ᠭᠦᠶᠴᠡᠳᠬᠡᠬᠦ ᠪᠥᠬᠦ ᠴᠤᠪᠤᠷᠠᠯ ᠢ ᠬᠠᠩᠭᠠᠵᠤ᠂ ᠨᠢᠭᠡ ᠳᠤ ᠨᠢᠭᠡ᠂ ᠨᠠᠷᠢᠯᠢᠬᠵᠢᠭᠤᠯᠬᠤ᠂ ᠬᠡᠦᠬᠡᠳ ᠠᠰᠠᠷᠠᠬᠤ ᠮᠠᠶ᠋ᠢᠭ ᠤᠨ ᠳᠣᠲᠣᠨᠣ ᠦᠶᠯᠡᠴᠢᠯᠡᠭᠡ ᠬᠠᠩᠭᠠᠵᠤ᠂ 《 ᠠᠵᠤ ᠠᠬᠤᠶᠢᠯᠠᠯ ᠣᠯᠠᠨ ᠲᠦᠮᠡᠨ ᠥᠪᠡᠰᠦᠪᠡᠨ ᠭᠦᠶᠴᠡᠳᠬᠡᠬᠦ 》 ᠶᠢ 《 ᠺᠠᠳ᠋ᠷ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ 》 ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ ᠠᠯᠢ ᠴᠢᠳᠠᠬᠤ ᠪᠠᠷ ᠳᠤᠲᠠᠭᠤ ᠭᠦᠶᠦᠯᠭᠡᠬᠦ ᠴᠢᠨᠠᠭᠰᠢᠯᠠᠪᠠᠯ ᠭᠦᠶᠦᠯᠭᠡᠬᠦ ᠥᠬᠡᠶ ᠪᠠᠶᠢᠯᠭᠠᠵᠤ᠂ ᠪᠠᠯᠠ ᠣᠷᠣᠭᠤᠯᠤᠯᠲᠠ ᠶᠢᠨ ᠲᠥᠷᠥᠯ ᠵᠦᠶᠯ  ᠤᠨ ᠨᠠᠶᠢᠳᠠᠪᠤᠷᠢᠵᠢᠭᠤᠯᠤᠯᠲᠠ ᠶᠢᠨ ᠡᠮᠵᠡᠭ ᠴᠡᠭ᠂ ᠬᠦᠴᠢᠷ ᠠᠰᠠᠭᠤᠳᠠᠯ ᠢ ᠰᠢᠢᠳᠪᠦᠷᠢᠯᠡᠨ᠎ᠡ᠃        ᠳᠥᠷᠪᠡ᠂ ᠦᠶᠯᠡᠴᠢᠯᠡᠭᠡᠨ ᠤ ᠬᠡᠪᠴᠢᠶ᠎ᠡ      ᠰᠢᠶᠠᠨ ᠤ ᠬᠡᠪᠴᠢᠶᠡᠨ ᠤ ᠬᠡᠪᠴᠢᠶᠡᠨ ᠳᠣᠲᠣᠷ᠎ᠠ ᠵᠢᠴᠢ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ  ᠤᠨ ᠬᠦᠷᠢᠶᠡᠯᠡᠩ ᠲᠣᠭᠤᠷᠢᠭ ᠤᠨ ᠳᠣᠲᠣᠷ᠎ᠠ᠂ ᠠᠵᠤ ᠦᠢᠯᠡᠰ ᠤᠨ ᠤᠳᠤᠷᠢᠳᠤᠮᠵᠢ ᠳᠤ ᠨᠡᠶᠢᠴᠡᠬᠦ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠡᠭᠦᠨ ᠳᠤ ᠰᠢᠶᠠᠨ ᠤ ᠱᠠᠲᠤᠨ ᠠᠴᠠ ᠲᠣᠭᠲᠠᠭᠠᠭᠰᠠᠨ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠨᠢᠭᠡᠨᠲᠡ ᠭᠡᠷ᠎ᠡ ᠲᠣᠭᠲᠠᠭᠰᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ᠂ ᠰᠢᠶᠠᠨ ᠤ ᠵᠠᠰᠠᠭ ᠤᠨ ᠣᠷᠳᠣᠨ ᠠᠴᠠ ᠲᠤᠰᠢᠶᠠᠨ ᠭᠦᠢᠴᠡᠳᠬᠡᠯᠭᠡᠬᠦ ᠲᠥᠷᠥᠯ ᠵᠦᠢᠯ ᠪᠣᠯᠤᠨ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠲᠥᠷᠥᠯ ᠵᠦᠢᠯ ᠪᠠᠶᠢᠭᠤᠯᠬᠤ ᠠᠴᠠ ᠠᠪᠤᠭᠠᠳ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠤᠯᠪᠣᠭᠳᠠᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠠᠭᠲᠠᠭᠠᠵᠤ᠂ ᠪᠡᠯᠡ ᠣᠷᠣᠭᠤᠯᠤᠭᠴᠢ ᠴᠥᠮ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠯᠭᠡᠬᠦ ᠪᠠᠷ ᠭᠤᠶᠤᠴᠢᠯᠠᠵᠤ ᠪᠣᠯᠤᠨ᠎ᠠ  ᠃        ᠲᠠᠪᠤ᠂ ᠭᠤᠣᠯ ᠡᠭᠦᠷᠭᠡ      ( ᠨᠢᠭᠡ ) ᠡᠮᠬᠢᠯᠡᠨ ᠨᠡᠶᠢᠲᠡᠯᠡᠬᠦ ᠵᠦᠢᠯᠡᠰ    1 . ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠲᠥᠷᠥᠯ ᠵᠦᠢᠯ ᠪᠠᠶᠢᠭᠤᠯᠬᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠦᠬᠦᠶᠢᠯᠡ ᠬᠢᠨᠠᠨ ᠵᠥᠪᠰᠢᠶᠡᠷᠡᠬᠦ ᠭᠤᠭᠴᠤᠭ᠎ᠠ ᠶᠢᠨ ᠲᠣᠭᠤᠷᠢᠨ ᠳᠤ᠂ ᠲᠤᠰ ᠰᠠᠯᠠᠭ᠎ᠠ ᠮᠥᠴᠢᠷ ᠤᠨ ᠬᠠᠷᠢᠭᠤᠴᠠᠵᠤ ᠬᠢᠨᠠᠨ ᠵᠥᠪᠰᠢᠶᠡᠷᠡᠬᠦ ᠵᠦᠢᠯᠡᠰ ᠢ ᠨᠠᠷᠢᠨ ᠡᠮᠬᠢᠯᠡᠵᠦ᠂ ᠤᠴᠢᠷ ᠶᠠᠪᠤᠳᠠᠯ ᠨᠢᠭᠡᠪᠦᠷᠢ ᠶᠢᠨ ᠮᠡᠳᠡᠭᠦᠯᠬᠦ ᠮᠲ᠋ᠧᠷᠢᠶᠠᠯ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠬᠦᠯᠢᠶᠡᠨ ᠠᠪᠴᠤ ᠰᠢᠶᠳᠪᠦᠷᠢᠯᠡᠬᠦ ᠨᠥᠬᠦᠴᠡᠯ᠂ ᠭᠦᠢᠴᠡᠳᠬᠡᠵᠦ ᠳᠠᠭᠤᠰᠬᠠᠬᠤ ᠴᠠᠭ ᠤᠨ ᠬᠢᠵᠠᠭᠠᠷ ᠵᠡᠷᠭᠡ ᠶᠢ ᠲᠣᠳᠣᠷᠬᠠᠶᠢᠯᠠᠬᠤ ᠬᠡᠷᠡᠭᠲᠡᠶ  ᠃       2 . ᠵᠠᠭᠤᠴᠢᠯᠠᠬᠤ ᠦᠶᠯᠡᠴᠢᠯᠡᠭᠡᠨ ᠤ ᠪᠠᠶᠢᠭᠤᠯᠤᠮᠵᠢ ᠶᠢᠨ ᠨᠠᠶᠢᠷᠠᠭᠤᠯᠤᠨ ᠵᠣᠬᠢᠶᠠᠬᠤ ᠴᠢᠬᠤᠯᠠᠲᠠᠶ ᠲᠥᠰᠦᠯ  ᠤᠨ ᠮᠡᠳᠡᠭᠦᠯᠦᠯᠲᠡ ᠵᠡᠷᠭᠡ ᠶᠢ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ  ᠤᠳ ᠵᠠᠭᠤᠴᠢᠯᠠᠬᠤ ᠪᠠᠶᠢᠭᠤᠯᠤᠮᠵᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠦᠶᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ︔ ᠲᠤᠬᠠᠶ ᠶᠢᠨ ᠲᠠᠯᠠᠪᠠᠶ ᠳᠤ ᠣᠴᠢᠵᠤ ᠬᠠᠶᠢᠨ ᠰᠢᠨᠵᠢᠬᠦ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ ᠨᠤᠲᠠᠯᠠᠯᠲᠠ ᠬᠢᠯᠭᠡᠬᠦ ᠪᠤᠶᠤ ᠲᠤᠬᠠᠶ ᠶᠢᠨ ᠲᠠᠯᠠᠪᠠᠶ ᠳᠤ ᠰᠢᠯᠭᠠᠨ ᠠᠪᠬᠤ ᠴᠢᠬᠤᠯᠠ ᠲᠠᠢ ᠲᠥᠷᠥᠯ ᠵᠦᠢᠯ ᠳᠤ ᠪᠣᠯ ᠬᠠᠶᠢᠨ ᠰᠢᠨᠵᠢᠬᠦ᠂ ᠬᠢᠨᠠᠨ ᠲᠣᠭᠲᠠᠭᠠᠬᠤ᠂ ᠰᠢᠯᠭᠠᠨ ᠠᠪᠬᠤ ᠬᠠᠮᠢᠶ᠎ᠠ ᠪᠦᠬᠦᠢ ᠱᠠᠭᠠᠷᠳᠠᠯᠭ᠎ᠠ ᠵᠢᠴᠢ ᠴᠠᠭ ᠬᠤᠭᠤᠴᠠᠭ᠎ᠠ ᠶᠢ ᠲᠣᠳᠣᠷᠬᠠᠶᠢᠯᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠬᠡᠷᠡᠭᠲᠡᠶ  ᠃       3 . ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠵᠦᠶᠯᠡᠰ ᠤᠨ ᠭᠠᠷᠴᠠᠭ ᠢ ᠪᠠᠶᠢᠭᠤᠯᠵᠤ᠂ ᠬᠥᠳᠡᠯᠦᠩᠭᠦᠶ ᠪᠠᠷ ᠲᠣᠬᠢᠷᠠᠭᠤᠯᠬᠤ ᠶᠢ ᠬᠡᠷᠡᠭᠵᠢᠭᠦᠯᠦᠨ᠂ ᠲᠥᠷᠥᠯ ᠵᠦᠶᠯ ᠤᠨ ᠲᠥᠷᠥᠯ ᠬᠤᠪᠢᠶᠠᠬᠤ  ᠶᠢ ᠰᠠᠶᠢᠲᠤᠷ ᠬᠢᠵᠦ᠂ ᠪᠠᠷᠢᠮᠵᠢᠶᠠᠵᠢᠭᠤᠯᠤᠭᠰᠠᠨ ᠦᠶᠯᠡᠴᠢᠯᠡᠭᠡᠨ ᠤ ᠴᠤᠪᠤᠷᠠᠯ ᠤᠨ ᠯᠠᠪᠯᠠᠯᠲᠠ ᠪᠣᠯᠭᠠᠬᠤ ᠬᠡᠪ ᠵᠠᠭᠪᠤᠷ  ᠢ ᠲᠣᠭᠲᠠᠭᠠᠨ᠂ ᠲᠥᠷᠥᠯ ᠵᠦᠶᠯ ᠤᠨ ᠥᠪᠡᠷᠮᠢᠴᠡ ᠦᠶᠯᠡᠴᠢᠯᠡᠭᠡᠨ ᠤ ᠲᠥᠰᠦᠯ ᠵᠢᠴᠢ ᠦᠶᠯᠡᠴᠢᠯᠡᠭᠡᠨ ᠤ ᠴᠤᠪᠤᠷᠠᠯ ᠲᠣᠭᠲᠠᠭᠠᠬᠤ ᠳᠤ ᠰᠠᠭᠤᠷᠢ ᠲᠠᠯᠪᠢᠨ᠎ᠠ  ᠃        ( ᠬᠤᠶᠠᠷ ) ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ       1 . ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ 《 ᠮᠥᠩᠬᠡ ᠰᠤᠪᠠᠭ ᠢᠶᠠᠷ ᠬᠠᠪᠰᠤᠷᠤᠨ ᠭᠦᠢᠴᠡᠳᠬᠡᠬᠦ 》 ᠴᠣᠩᠬᠤᠪᠴᠢ ᠭᠠᠷᠭᠠᠵᠤ᠂ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ 4 ᠠᠵᠢᠯᠲᠠᠨ ᠢ ᠲᠣᠬᠢᠷᠠᠭᠤᠯᠤᠨ᠂ ᠠᠵᠢᠯᠲᠠᠨ ᠢ ᠰᠢᠶᠠᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠠᠴᠠ ᠬᠠᠷᠢᠭᠤᠴᠠᠨ᠂ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠠᠵᠢᠯᠲᠠᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠴᠣᠩᠬᠤᠪᠴᠢ ᠯᠤᠭ᠎ᠠ ᠨᠡᠪᠲᠡᠷᠡᠯᠴᠡᠨ ᠬᠠᠷᠢᠯᠴᠠᠬᠤ ᠶᠢ ᠬᠠᠷᠢᠭᠤᠴᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠮᠥᠷᠳᠡᠨ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠷᠢᠯᠴᠠᠬᠤ᠂ ᠬᠠᠷᠢᠯᠴᠠᠬᠤ᠂ ᠭᠤᠶᠤᠴᠢᠯᠠᠬᠤ᠂ ᠭᠦᠢᠴᠡᠳᠬᠡᠵᠦ ᠳᠠᠭᠤᠰᠬᠠᠬᠤ ᠵᠡᠷᠭᠡ ᠪᠦᠬᠦ ᠴᠤᠪᠤᠷᠠᠯ ᠢᠶᠠᠷ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠬᠤ ᠬᠡᠷᠡᠭᠲᠡᠶ  ᠃       2 . ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠰᠠᠯᠠᠭ᠎ᠠ ᠮᠥᠴᠢᠷ ᠤᠳ ᠨᠢᠭᠡ ᠨᠡᠷ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯᠤᠨ ᠨᠢᠭᠡ ᠨᠡᠷ᠎ᠡ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠠᠵᠢᠯᠲᠠᠨ ᠢ ᠲᠣᠳᠣᠷᠬᠠᠶᠢᠯᠠᠵᠤ᠂ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠠᠵᠢᠯᠲᠠᠨ ᠢ ᠬᠢᠨᠠᠨ ᠵᠥᠪᠰᠢᠶᠡᠷᠡᠬᠦ ᠲᠠᠰᠤᠭ ᠤᠨ ᠬᠠᠷᠢᠭᠤᠴᠠᠯᠭᠠᠲᠠᠨ ᠪᠤᠶᠤ ᠲᠤᠬᠠᠶᠢᠯᠠᠭᠰᠠᠨ ᠠᠵᠢᠯ  ᠤᠨ ᠭᠤᠣᠯᠯᠠᠭᠴᠢ ᠪᠠᠷ ᠪᠦᠷᠢᠯᠳᠦᠭᠦᠯᠵᠦ᠂ ᠲᠥᠷᠥᠯ ᠵᠦᠢᠯ ᠪᠠᠶᠢᠭᠤᠯᠬᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ ᠠᠴᠠ ᠠᠪᠤᠭᠠᠳ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠦᠬᠦᠶᠢᠯᠡ ᠬᠢᠨᠠᠨ ᠵᠥᠪᠰᠢᠶᠡᠷᠡᠬᠦ ᠲᠠᠯ᠎ᠠ  ᠶᠢᠨ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ᠂ ᠬᠠᠮᠲᠤᠷᠠᠨ ᠵᠥᠪᠳᠡᠯᠴᠡᠵᠦ ᠬᠠᠮᠲᠤᠷᠠᠨ ᠬᠢᠨᠠᠬᠤ ᠵᠡᠷᠭᠡ ᠠᠵᠢᠯ ᠢ ᠪᠦᠬᠦ ᠲᠠᠯ᠎ᠠ ᠪᠠᠷ ᠬᠠᠷᠢᠭᠤᠴᠠᠬᠤ ᠬᠡᠷᠡᠭᠲᠡᠶ  ᠃       ( ᠭᠤᠷᠪᠠ ) ᠦᠶᠯᠡᠴᠢᠯᠡᠭᠡᠨ ᠤ ᠠᠷᠭ᠎ᠠ ᠮᠠᠶ᠋ᠢᠭ ᠢ ᠥᠷᠭᠡᠳᠬᠡᠨ᠎ᠡ        ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡ ᠳᠤ 《 ᠱᠠᠲᠤ ᠬᠤᠪᠢᠶᠠᠨ ᠭᠦᠶᠴᠡᠳᠬᠡᠬᠦ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠶᠠᠪᠤᠭᠳᠠᠭᠤᠯᠬᠤ 》 ᠠᠷᠭ᠎ᠠ ᠮᠠᠶ᠋ᠢᠭ ᠢ ᠬᠡᠷᠡᠭᠵᠢᠭᠦᠯᠦᠨ᠎ᠡ  ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ 《 ᠮᠥᠩᠬᠡ ᠰᠤᠪᠠᠭ᠂ ᠲᠠᠨ ᠢ ᠬᠠᠪᠰᠤᠷᠤᠨ ᠭᠦᠢᠴᠡᠳᠬᠡᠬᠦ 》 ᠶᠡᠷᠦᠩᠬᠡᠶᠢᠯᠡᠭᠰᠡᠨ ᠴᠣᠩᠬᠤᠪᠴᠢ ᠵᠢᠴᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠤᠰᠬᠠᠶ ᠲᠣᠭᠤᠷᠢᠭ ᠤᠨ ᠦᠢᠯᠡᠴᠢᠯᠡᠭᠡᠨ ᠢ ᠦᠷᠭᠦᠯᠵᠢᠯᠡᠨ ᠰᠢᠯᠢᠳᠡᠭᠵᠢᠭᠦᠯᠵᠦ᠂ ᠴᠣᠩᠬᠤᠪᠴᠢ ᠶᠢᠨ ᠲᠤᠭ᠎ᠠ ᠬᠡᠮᠵᠢᠶ᠎ᠡ᠂ ᠲᠥᠬᠦᠭᠡᠷᠦᠮᠵᠢ ᠵᠢᠴᠢ ᠠᠵᠢᠯᠲᠠᠨ ᠤ ᠣᠷᠣᠨ ᠲᠤᠭ᠎ᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ  ᠃ ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ᠂ 《 ᠮᠥᠩᠬᠡ ᠰᠤᠪᠠᠭ 》 ᠰᠢᠯᠵᠢᠶ᠎ᠡ ᠵᠡᠷᠭᠡ ᠳᠤ ᠲᠦᠰᠢᠭᠯᠡᠨ 《 ᠮᠥᠩᠬᠡ ᠰᠤᠪᠠᠭ᠂ ᠲᠠᠨ ᠳᠤ ᠬᠠᠪᠰᠤᠷᠤᠨ ᠭᠦᠶᠴᠡᠳᠬᠡᠬᠦ 》 ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ ᠪᠥᠬᠦ ᠲᠠᠯ᠎ᠠ ᠶᠢᠨ ᠯᠠᠪᠯᠠᠯᠭ᠎ᠠ᠂ ᠵᠢᠯᠣᠭᠤᠳᠣᠯᠭ᠎ᠠ᠂ ᠵᠣᠬᠢᠴᠠᠭᠤᠯᠭ᠎ᠠ᠂ ᠳᠠᠭᠠᠭᠤᠯᠤᠨ ᠭᠦᠶᠴᠡᠳᠬᠡᠬᠦ᠂ ᠣᠷᠣᠯᠠᠨ ᠭᠦᠶᠴᠡᠳᠬᠡᠬᠦ ᠵᠡᠷᠭᠡ ᠦᠶᠯᠡᠴᠢᠯᠡᠭᠡ ᠬᠠᠩᠭᠠᠨ᠎ᠠ  ᠃      ( ᠳᠥᠷᠪᠡ ) ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠬᠤ ᠬᠡᠷᠡᠭᠲᠡᠶ        1 . ᠤᠷᠢᠳᠴᠢᠯᠠᠨ ᠣᠷᠣᠯᠴᠠᠬᠤ  ᠃ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠣᠭᠤᠷᠢᠨ ᠳᠤ᠂ ᠬᠢᠨᠠᠮᠠᠭᠠᠶ ᠰᠤᠳᠤᠯᠵᠤ᠂ ᠲᠥᠷᠥᠯ ᠵᠦᠶᠯ ᠢ ᠲᠥᠰᠦᠪᠯᠡᠬᠦ ᠪᠠ ᠨᠥᠭᠡᠴᠡᠯᠡᠬᠦ ᠶᠢ ᠰᠠᠶᠢᠲᠤᠷ ᠬᠢᠬᠦ ᠬᠡᠷᠡᠭᠲᠡᠶ  ᠃ 《 ᠮᠥᠩᠬᠡ ᠰᠤᠪᠠᠭ ᠢᠶᠠᠷ ᠲᠠᠨ ᠢ ᠬᠠᠪᠰᠤᠷᠤᠨ ᠭᠦᠶᠴᠡᠳᠬᠡᠬᠦ 》 ᠶᠡᠷᠦᠩᠬᠡᠶᠢᠯᠡᠭᠰᠡᠨ ᠭᠥᠯᠢᠶᠡᠨ ᠠᠪᠴᠤ ᠰᠢᠶᠳᠪᠦᠷᠢᠯᠡᠬᠦ ᠴᠣᠩᠬᠤᠪᠴᠢ ᠵᠢᠴᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠲᠤᠰᠬᠠᠶ ᠲᠣᠭᠤᠷᠢᠭ ᠤᠨ ᠬᠤᠷᠠᠮᠠᠯ ᠦᠶᠯᠡᠴᠢᠯᠡᠭᠡᠨ ᠤ ᠦᠶᠯᠡᠳᠦᠯ ᠢ ᠭᠦᠶᠴᠡᠳ ᠪᠠᠳᠠᠷᠠᠭᠤᠯᠵᠤ ᠂ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠦᠨᠳᠦᠰᠦᠨ ᠪᠠᠶᠢᠳᠠᠯ ᠢ ᠡᠵᠡᠮᠰᠢᠨ᠂ ᠪᠠᠯᠠ ᠣᠷᠣᠭᠤᠯᠤᠭᠴᠢᠳ  ᠲᠤ ᠪᠥᠬᠦ ᠲᠠᠯ᠎ᠠ ᠶᠢᠨ ᠲᠤᠬᠠᠶᠢᠯᠠᠭᠰᠠᠨ ᠠᠵᠢᠯ ᠤᠨ ᠯᠠᠪᠯᠠᠯᠭ᠎ᠠ ᠵᠢᠯᠣᠭᠤᠳᠣᠯᠭ᠎ᠠ ᠬᠠᠩᠭᠠᠨ᠎ᠠ  ᠃      2 ᠨᠠᠶᠢᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ  ᠃ ᠪᠣᠳᠠᠲᠠᠶ ᠲᠠᠢ ᠪᠠᠨ ᠤᠶᠠᠯᠳᠤᠭᠤᠯᠤᠨ᠂ ᠪᠠᠯᠠ ᠣᠷᠣᠭᠤᠯᠤᠭᠴᠢᠳ ᠰᠠᠶᠢᠨ ᠳᠤᠷ᠎ᠠ ᠠᠴᠠ ᠪᠠᠨ 《 ᠮᠥᠩᠬᠡ ᠰᠤᠪᠠᠭ ᠢᠶᠠᠷ ᠬᠠᠪᠰᠤᠷᠤᠨ ᠭᠦᠶᠴᠡᠳᠬᠡᠬᠦ 》 ᠶᠡᠷᠦᠩᠬᠡᠶᠢᠯᠡᠭᠰᠡᠨ ᠭᠥᠯᠢᠶᠡᠨ ᠠᠪᠴᠤ ᠰᠢᠶᠳᠪᠦᠷᠢᠯᠡᠬᠦ ᠴᠣᠩᠬᠤᠪᠴᠢ ᠳᠤ ᠭᠤᠶᠤᠴᠢᠯᠠᠯ ᠳᠤᠷᠠᠳᠴᠤ᠂ ᠲᠥᠷᠥᠯ ᠵᠦᠶᠯ  ᠤᠨ ᠪᠠᠶᠢᠳᠠᠯ ᠢᠶᠠᠨ ᠵᠢᠩᠬᠢᠨᠢ ᠪᠠᠷ ᠲᠤᠰᠢᠶᠠᠵᠤ᠂ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠵᠦᠶᠯᠡᠰ ᠤᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶᠢᠯᠠᠨ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠪᠠ ᠠᠮᠠᠯᠠᠯᠲᠠ ᠶᠢᠨ ᠪᠢᠴᠢᠭ ᠲᠣᠭᠲᠠᠵᠤ᠂ ᠴᠣᠩᠬᠤᠪᠴᠢ ᠪᠠᠷ ᠬᠠᠪᠰᠤᠷᠤᠨ ᠭᠦᠶᠴᠡᠳᠬᠡᠬᠦ ᠬᠥᠮᠦᠰ ᠲᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠵᠦ᠂ ᠲᠡᠭᠦᠨ ᠢ ᠵᠢᠯᠣᠭᠤᠳᠤᠨ ᠡᠯ᠎ᠡ ᠲᠥᠷᠥᠯ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠵᠡᠷᠭᠡᠪᠡᠷ ᠪᠡᠯᠡᠳᠬᠡᠨ᠂ ᠲᠠᠰ ᠳᠠᠷᠠᠭᠠᠯᠠᠯ ᠶᠣᠰᠣᠭᠠᠷ ᠭᠤᠶᠤᠴᠢᠯᠠᠨ ᠮᠡᠳᠡᠭᠦᠯᠵᠦ᠂ ᠭᠦᠶᠴᠡᠳᠬᠡᠬᠦ ᠴᠠᠭ ᠢ ᠨᠢᠭᠡᠳᠦᠯᠲᠡᠶ ᠲᠥᠯᠥᠪᠯᠡᠨ ᠪᠠᠭᠠᠰᠬᠠᠨ᠎ᠠ  ᠃       3 . ᠮᠥᠷᠳᠡᠨ ᠬᠠᠷᠢᠭᠤ ᠲᠤᠰᠬᠠᠬᠤ  ᠃ ᠣᠷᠣᠯᠠᠨ ᠭᠦᠶᠴᠡᠳᠬᠡᠭᠴᠢ ᠬᠠᠪᠰᠤᠷᠤᠨ ᠭᠦᠶᠴᠡᠳᠬᠡᠭᠴᠢ ᠠᠴᠠ ᠡᠭᠦᠷᠭᠡ ᠶᠢ ᠬᠤᠪᠢᠶᠠᠷᠢᠯᠠᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠴᠠᠭ ᠤᠨ ᠵᠠᠩᠭᠢᠶᠠᠰᠤ ᠶᠢ ᠲᠣᠭᠲᠠᠭᠠᠵᠤ᠂ ᠲᠣᠭᠲᠠᠭᠰᠠᠨ ᠴᠠᠭ ᠲᠤ ᠵᠦᠶᠯᠡᠰ ᠤᠨ ᠠᠬᠢᠴᠠ ᠶᠢ ᠲᠣᠬᠢᠷᠠᠭᠤᠯᠵᠤ᠂ ᠴᠠᠭ ᠲᠤᠬᠠᠶ ᠳᠤᠨᠢ ᠠᠵᠤ ᠠᠬᠤᠶᠢᠯᠠᠯ ᠪᠠ ᠣᠯᠠᠨ ᠲᠦᠮᠡᠨ ᠳᠤ ᠬᠠᠷᠢᠭᠤ ᠲᠤᠰᠬᠠᠬᠤ ᠬᠡᠷᠡᠭᠲᠡᠶ︔ ᠣᠯᠠᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠴᠢᠬᠤᠯᠠ ᠲᠠᠢ ᠲᠥᠷᠥᠯ ᠵᠦᠶᠯ ᠳᠤ 《 ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠡᠶᠢᠯᠡᠭᠦᠯᠦᠨ ᠬᠠᠮᠲᠤᠷᠠᠨ ᠬᠢᠨᠠᠨ ᠵᠥᠪᠰᠢᠶᠡᠷᠡᠬᠦ 》 ᠶᠢ ᠬᠡᠷᠡᠭᠵᠢᠭᠦᠯᠵᠦ᠂ ᠬᠡᠷᠡᠭᠴᠡᠭᠡ ᠪᠠᠨ ᠦᠨᠳᠦᠰᠦᠯᠡᠨ᠂ ᠬᠠᠮᠲᠤᠷᠠᠭᠰᠠᠨ ᠲᠤᠰᠬᠠᠶ ᠰᠡᠳᠦᠪᠲᠦ ᠬᠤᠷᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠲᠤᠷᠠᠨ ᠵᠥᠪᠳᠡᠯᠴᠡᠵᠦ ᠬᠠᠮᠲᠤᠷᠠᠨ ᠬᠢᠨᠠᠬᠤ ᠬᠡᠷᠡᠭᠲᠡᠶ︔ ᠬᠢᠨᠠᠨ ᠵᠥᠪᠰᠢᠶᠡᠷᠡᠬᠦ ᠶᠠᠪᠤᠴᠠ ᠳᠤ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ᠂ ᠬᠠᠷᠭᠤᠭᠤᠯᠤᠨ ᠵᠥᠪᠰᠢᠶᠡᠷᠡᠭᠦᠯᠬᠦ ᠪᠠ ᠳᠠᠩᠰᠠᠯᠠᠭᠤᠯᠬᠤ ᠴᠢᠬᠤᠯᠠᠲᠠᠶ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠴᠠᠭᠤᠯᠤᠨ ᠭᠦᠢᠴᠡᠳᠬᠡᠬᠦ ᠬᠡᠷᠡᠭᠲᠡᠶ︔ ᠵᠥᠪᠳᠡᠯᠴᠡᠬᠦ ᠬᠤᠷᠠᠯ ᠨᠢ ᠰᠢᠭᠦᠭᠡᠳ ᠰᠢᠢᠳᠪᠦᠷᠢᠯᠡᠵᠦ ᠴᠢᠳᠠᠭᠰᠠᠨ ᠦᠭᠡᠢ ᠴᠢᠬᠤᠯᠠ ᠶᠡᠭᠡ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠵᠦ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ  ᠃      4 . ᠭᠦᠶᠴᠡᠳᠬᠡᠭᠰᠡᠨ ᠢ ᠲᠠᠩᠰᠠ ᠡᠪᠬᠡᠮᠡᠯ ᠳᠤ ᠣᠷᠣᠭᠤᠯᠬᠤ  ᠃ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠵᠦᠶᠯᠡᠰ ᠢ ᠭᠦᠶᠴᠡᠳᠬᠡᠵᠦ ᠳᠠᠭᠤᠰᠤᠭᠰᠠᠨ ᠤ ᠳᠠᠷᠠᠭ᠎ᠠ᠂ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠠᠵᠢᠯᠲᠠᠨ ᠨᠢ ᠭᠡᠷᠡᠴᠢ ᠦᠨᠡᠮᠯᠡᠯ᠂ ᠬᠠᠮᠢᠶ᠎ᠠ ᠪᠥᠬᠦᠶ ᠴᠣᠬᠤᠯᠠᠪᠤᠷᠢ ᠪᠢᠴᠢᠭ ᠵᠢᠴᠢ ᠭᠦᠶᠴᠡᠳᠬᠡᠬᠦ ᠶᠠᠪᠤᠴᠠ ᠳᠤ ᠬᠡᠷᠡᠭᠯᠡᠭᠰᠡᠨ ᠡᠯ᠎ᠡ ᠵᠦᠶᠯ ᠤᠨ ᠮᠠᠲ᠋ᠧᠷᠢᠶᠠᠯ ᠢ ᠵᠠᠬ᠎ᠠ ᠳᠠᠷᠠᠭᠠᠯᠠᠨ ᠬᠢᠨᠠᠨ ᠬᠠᠷᠭᠤᠭᠤᠯᠵᠤ᠂ ᠲᠤᠬᠠᠶ ᠶᠢᠨ ᠲᠠᠯᠠᠪᠤᠷ ᠲᠤ ᠣᠯᠭᠤᠬᠤ᠂ ᠲᠦᠷᠭᠡᠨ ᠬᠦᠷᠭᠡᠬᠦ ᠪᠠ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠭᠴᠢ ᠳᠤ ᠬᠦᠷᠭᠡᠵᠦ᠂ ᠵᠦᠶᠯᠡᠰ ᠤᠨ ᠲᠣᠰ ᠪᠡᠶ᠎ᠡ ᠶᠢᠨ ᠰᠢᠯᠲᠠᠭᠠᠨ ᠠᠴᠠ ᠪᠣᠯᠵᠣ᠂ ᠭᠦᠶᠴᠡᠳᠬᠡᠵᠦ ᠳᠠᠭᠤᠰᠬᠠᠬᠤ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠤᠶᠤ ᠭᠤᠶᠤᠴᠢᠯᠠᠭᠴᠢ ᠨᠢ ᠣᠷᠣᠯᠠᠨ ᠭᠦᠶᠴᠡᠳᠬᠡᠬᠦ ᠨᠠᠶᠢᠳᠠᠯᠭ᠎ᠠ ᠶᠢ ᠵᠣᠭᠰᠣᠭᠠᠬᠤ ᠪᠠᠷ ᠱᠠᠭᠠᠷᠳᠠᠭᠰᠠᠨ ᠪᠠᠶᠢᠪᠠᠯ᠂ ᠭᠤᠶᠤᠴᠢᠯᠠᠭᠴᠢ ᠨᠢ ᠵᠦᠶᠯᠡᠰ ᠢ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠶᠢ ᠵᠣᠭᠰᠣᠭᠠᠬᠤ ᠬᠠᠭᠤᠳᠠᠰᠤᠨ ᠳᠡᠭᠡᠷ᠎ᠡ ᠭᠠᠷ ᠤᠨ ᠥᠰᠥᠭ ᠵᠢᠷᠤᠬᠤ  ᠶᠢᠨ ᠬᠠᠮᠲᠤ ᠬᠠᠮᠢᠶ᠎ᠠ ᠪᠥᠬᠦᠶ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠬᠡᠷᠡᠭᠲᠡᠶ  ᠃       ( ᠲᠠᠪᠤ ) ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠭᠦᠶᠴᠡᠳᠬᠡᠬᠦ        1 . ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ 《 ᠬᠠᠮᠲᠤᠷᠠᠨ ᠵᠥᠪᠳᠡᠯᠴᠡᠵᠦ ᠬᠠᠮᠲᠤᠷᠠᠨ ᠬᠢᠨᠠᠬᠤ 》 ᠠᠵᠢᠯ ᠤᠨ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠲᠦᠷᠦᠭᠦᠯᠡᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠵᠤ᠂ ᠠᠳᠠᠯᠢ ᠪᠤᠰᠤ ᠱᠠᠲᠤ ᠦᠶ᠎ᠡ ᠶᠢᠨ ᠬᠢᠨᠠᠨ ᠵᠥᠪᠰᠢᠶᠡᠷᠡᠬᠦ ᠵᠦᠶᠯᠡᠰ ᠤᠨ ᠲᠣᠭᠤᠷᠢᠨ  ᠳᠤ᠂ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠂ 《 ᠰᠦᠯᠵᠢᠶᠡᠨ ᠳᠡᠭᠡᠷ᠎ᠡ ᠭᠤᠶᠤᠴᠢᠯᠠᠵᠤ᠂ ᠰᠦᠯᠵᠢᠶᠡᠨ ᠭᠠᠳᠠᠨ᠎ᠠ ᠬᠠᠮᠲᠤᠷᠠᠨ ᠬᠢᠨᠠᠬᠤ 》 ᠨᠡᠶᠢᠯᠡᠭᠦᠯᠦᠨ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠦᠨ᠎ᠡ᠃       2 . ᠳᠤᠲᠠᠭᠳᠠᠯ ᠢ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ ᠪᠠ ᠮᠡᠳᠡᠭᠳᠡᠨ ᠠᠮᠠᠯᠳᠠᠬᠤ ᠲᠦᠷᠢᠮ ᠢ ᠬᠡᠷᠡᠭᠵᠢᠭᠦᠯᠵᠦ᠂ ᠭᠤᠶᠤᠴᠢᠯᠠᠭᠴᠢ ᠶᠢ ᠵᠢᠯᠣᠭᠤᠳᠤᠨ ᠮᠡᠳᠡᠭᠦᠯᠬᠦ ᠮᠠᠲ᠋ᠧᠷᠢᠶᠠᠯ ᠢ ᠵᠡᠷᠭᠡᠪᠡᠷ ᠪᠡᠯᠡᠳᠬᠡᠭᠦᠯᠵᠦ᠂ 《 ᠣᠯᠠᠨ ᠦᠨᠡᠯᠡᠯᠲᠡ ᠶᠢ ᠨᠡᠶᠢᠯᠡᠭᠦᠯᠦᠨ ᠨᠢᠭᠡ ᠪᠣᠯᠭᠠᠬᠤ 》᠂ 《 ᠣᠯᠠᠨ ᠵᠢᠷᠤᠭ ᠲᠥᠯᠥᠪᠯᠡᠭᠡ ᠶᠢ ᠬᠠᠮᠲᠤᠷᠠᠨ ᠬᠢᠨᠠᠬᠤ 》᠂ 《 ᠬᠠᠮᠲᠤᠷᠠᠨ ᠰᠢᠯᠭᠠᠨ ᠠᠪᠬᠤ 》 ᠵᠡᠷᠭᠡ ᠲᠦᠷᠭᠡᠨ ᠦᠶᠯᠡᠴᠢᠯᠡᠬᠦ ᠠᠷᠭ᠎ᠠ ᠮᠠᠶ᠋ᠢᠭ ᠢ ᠬᠠᠮᠵᠢᠯᠴᠠᠨ ᠭᠦᠶᠴᠡᠳᠬᠡᠵᠦ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠪᠦᠬᠦᠯᠢ ᠴᠣᠭᠴᠠ ᠶᠢᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ  ᠃        ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ        ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ 《 ᠮᠥᠩᠬᠡ ᠰᠤᠪᠠᠭ ᠢᠶᠠᠷ ᠬᠠᠪᠰᠤᠷᠤᠨ ᠭᠦᠶᠴᠡᠳᠬᠡᠬᠦ 》 ᠶᠢ ᠬᠡᠷᠡᠭᠵᠢᠭᠦᠯᠬᠦ ᠪᠣᠯ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷ᠎ᠡ ᠲᠣᠳᠣᠷᠬᠠᠶᠢᠯᠠᠭᠰᠠᠨ ᠥᠭᠡᠷᠡᠴᠢᠯᠡᠯᠲᠡ ᠶᠢᠨ ᠠᠵᠢᠯ  ᠤᠨ ᠡᠭᠦᠷᠭᠡ ᠮᠥᠨ᠂ ᠡᠯ᠎ᠡ ᠰᠠᠯᠠᠭ᠎ᠠ ᠮᠥᠴᠢᠷ ᠤᠳ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠥᠭᠵᠢᠯᠲᠡ ᠶᠢᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠬᠤ ᠬᠡᠷᠡᠭᠲᠡᠶ  ᠃ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠷᠠᠭᠤᠯᠤᠨ᠂ ᠬᠠᠮᠲᠤᠷᠠᠭᠰᠠᠨ ᠬᠤᠷᠠᠯ᠂ ᠬᠡᠷᠡᠭ ᠵᠥᠪᠯᠡᠵᠦ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠤᠨ ᠲᠣᠬᠢᠷᠠᠭᠤᠯᠤᠯᠲᠠ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠵᠡᠷᠭᠡ ᠡᠯ᠎ᠡ ᠵᠦᠶᠯ ᠤᠨ ᠲᠣᠭᠲᠠᠴᠠ ᠶᠢ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠵᠢᠯ ᠤᠨ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠶᠠᠪᠤᠭᠳᠠᠬᠤ ᠶᠢ ᠦᠨᠡᠨᠬᠦ ᠪᠠᠲᠤᠯᠠᠨ᠎ᠠ᠃        ( ᠬᠤᠶᠠᠷ ) ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠬᠤ ᠬᠡᠷᠡᠭᠲᠡᠶ᠃ ᠰᠠᠯᠠᠭ᠎ᠠ ᠮᠥᠴᠢᠷ ᠱᠠᠲᠤ ᠬᠤᠪᠢᠶᠠᠨ ᠬᠠᠷᠢᠭᠤᠴᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ᠂ ᠪᠦᠲᠦᠮᠵᠢᠲᠡᠶ ᠵᠣᠯᠭᠠᠭᠤᠯᠬᠤ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ  ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠶ  ᠃ ᠡᠯ᠎ᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠬᠡᠪᠴᠢᠶᠡᠨ ᠳᠣᠲᠣᠷᠠᠬᠢ ᠠᠵᠢᠯ ᠢᠶᠠᠨ ᠰᠠᠶᠢᠲᠤᠷ ᠬᠢᠬᠦ ᠬᠡᠷᠡᠭᠲᠡᠶ ᠮᠥᠷᠲᠡᠭᠡᠨ ᠪᠠᠰᠠ ᠲᠤᠰ ᠰᠢᠰᠲ᠋ᠧᠮ ᠤᠨ ᠢᠶᠠᠨ ᠰᠢᠰᠲ᠋ᠧᠮ ᠢᠶᠠᠷ ᠢᠶᠠᠨ ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ  ᠃ ᠠᠵᠢᠯᠲᠠᠨ ᠤ ᠲᠤᠬᠠᠶᠢᠯᠠᠭᠰᠠᠨ ᠠᠵᠢᠯ  ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠣᠯᠪᠠᠰᠤᠷᠠᠭᠤᠯᠤᠯ ᠤᠨ ᠭᠤᠤᠯᠳᠠᠯᠭ᠎ᠠ ᠶᠢ ᠲᠣᠳᠣᠷᠬᠠᠶᠢᠯᠠᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠡᠩᠨᠡᠭᠡ ᠶᠢᠨ ᠤᠷᠢᠳᠴᠢᠯᠠᠨ ᠬᠢᠨᠠᠬᠤ ᠮᠠᠲ᠋ᠧᠷᠢᠶᠠᠯ᠂ ᠲᠤᠶᠢᠯ ᠤᠨ ᠣᠨᠣᠪᠴᠢᠲᠠᠶ ᠪᠠᠷ ᠵᠣᠯᠭᠠᠭᠤᠯᠬᠤ᠂ ᠨᠡᠪᠲᠡᠷᠡᠯᠴᠡᠨ ᠵᠣᠬᠢᠴᠠᠭᠤᠯᠬᠤ᠂ ᠲᠤᠰᠬᠠᠶ ᠮᠡᠷᠭᠡᠵᠢᠯ ᠵᠡᠷᠭᠡ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃       ( ᠭᠤᠷᠪᠠ ) ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠰᠢᠶᠠᠨ ᠤ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠭᠡᠷ ᠲᠠᠢ ᠬᠠᠮᠲᠤᠷᠠᠨ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠡᠷᠴᠢᠮ ᠢᠶᠠᠨ ᠨᠡᠮᠡᠭᠳᠡᠭᠦᠯᠵᠦ᠂ ᠡᠯ᠎ᠡ ᠰᠠᠯᠠᠭ᠎ᠠ ᠮᠥᠴᠢᠷ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠠᠪᠤᠳᠠᠯ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠶᠢ ᠲᠦᠯᠬᠢᠨ ᠠᠬᠢᠭᠤᠯᠬᠤ ᠣᠨ ᠤ ᠬᠢᠨᠠᠨ ᠰᠢᠯᠭᠠᠬᠤ ᠳᠤ ᠣᠷᠣᠭᠤᠯᠵᠤ᠂ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ  ᠪᠠᠷ ᠲᠣᠬᠢᠷᠠᠭᠤᠯᠤᠨ ᠨᠡᠪᠲᠡᠷᠡᠭᠦᠯᠵᠦ᠂ ᠬᠤᠭᠤᠴᠠᠭ᠎ᠠ ᠥᠩᠭᠡᠷᠡᠲᠡᠯ᠎ᠡ ᠬᠢᠨᠠᠭᠰᠠᠨ ᠰᠠᠨᠠᠯ ᠢᠶᠠᠨ ᠬᠠᠷᠢᠭᠤ ᠮᠡᠳᠡᠭᠳᠡᠭᠰᠡᠨ ᠦᠭᠡᠶ ᠪᠤᠶᠤ ᠠᠮᠠᠯᠠᠯᠲᠠ ᠶᠢᠨ ᠴᠠᠭ ᠬᠤᠭᠤᠴᠠᠭ᠎ᠠ ᠠᠴᠠ ᠥᠩᠭᠡᠷᠡᠲᠡᠯ᠎ᠡ ᠭᠦᠢᠴᠡᠳᠬᠡᠵᠦ ᠳᠠᠭᠤᠰᠬᠠᠭᠰᠠᠨ ᠦᠭᠡᠶ᠂ ᠰᠢᠮᠳᠠᠭᠤᠯᠤᠨ ᠭᠦᠢᠴᠡᠳᠬᠡᠯᠭᠡᠬᠦ ᠳᠡᠰ ᠳᠠᠷᠠᠭᠠᠯᠠᠯ ᠳᠤ ᠤᠷᠤᠭᠰᠠᠨ᠂ ᠰᠢᠮᠳᠠᠭᠤᠯᠤᠨ ᠭᠦᠢᠴᠡᠳᠬᠡᠯᠭᠡᠬᠦ ᠬᠠᠭᠤᠳᠠᠰᠤ ᠶᠠᠪᠤᠭᠤᠯᠤᠭᠰᠠᠨ᠂ ᠰᠢᠮᠳᠠᠭᠤᠯᠤᠨ ᠭᠦᠢᠴᠡᠳᠬᠡᠯᠭᠡᠭᠰᠡᠨ ᠤ ᠳᠠᠷᠠᠭ᠎ᠠ ᠦᠷ᠎ᠡ ᠳ᠋ᠦᠩ ᠦᠭᠡᠶ ᠶᠢ ᠨᠢ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠶᠳᠪᠦᠷᠢᠯᠡᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃      ( ᠳᠥᠷᠪᠡ ) ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠥᠷᠥ ᠶᠢᠨ ᠪᠣᠳᠣᠯᠭ᠎ᠠ ᠶᠢᠨ ᠪᠠᠶᠢᠳᠠᠯ ᠮᠡᠳᠡᠭᠳᠡᠬᠦ ᠬᠤᠷᠠᠯ᠂ ᠲᠧᠯᠸᠢᠰ ᠰᠣᠨᠢᠨ ᠰᠡᠳᠬᠦᠯ᠂ ᠰᠦᠯᠵᠢᠶᠡᠨ ᠤ ᠰᠢᠨ᠎ᠡ ᠵᠠᠭᠤᠴᠢᠯᠠᠭᠤᠷ ᠵᠡᠷᠭᠡ ᠵᠠᠭᠤᠴᠢᠯᠠᠭᠤᠷ ᠢ ᠭᠦᠶᠴᠡᠳ ᠬᠡᠷᠡᠭᠯᠡᠨ᠂ ᠶᠠᠷᠢᠶ᠎ᠠ ᠬᠡᠯᠡᠯᠴᠡᠭᠡᠨ ᠢᠶᠠᠷ ᠬᠥᠲᠥᠯᠦᠨ ᠵᠢᠯᠣᠭᠤᠳᠬᠤ ᠶᠢ ᠴᠢᠩᠭᠠᠷᠠᠭᠤᠯᠵᠤ᠂ ᠨᠡᠶᠢᠭᠡᠮ ᠪᠠ ᠠᠵᠤ ᠠᠬᠤᠶᠢᠯᠠᠯ ᠤᠨ ᠠᠩᠬᠠᠷᠴᠤ ᠪᠥᠬᠦᠶ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠠᠵᠤ ᠠᠬᠤᠶᠢᠯᠠᠯ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ  ᠃ ᠨᠡᠶᠢᠭᠡᠮ ᠤᠨ ᠤᠯᠠᠨ ᠨᠡᠶᠢᠲᠡ ᠶᠢᠨ ᠬᠢᠨᠠᠯᠲᠠ ᠶᠢ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ᠂ ᠨᠡᠶᠢᠭᠡᠮ ᠤᠨ ᠤᠯᠠᠨ ᠲᠦᠮᠡᠨ ᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠳᠤ ᠣᠷᠣᠯᠴᠠᠵᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ  ᠃       ᠳᠠᠭᠠᠯᠳᠤᠭᠤᠯᠤᠯ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ 1 - 8       ᠳᠠᠭᠠᠯᠳᠤᠭᠤᠯᠤᠯ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠪᠠᠷᠢᠮᠵᠢᠶᠠᠵᠢᠭᠤᠯᠤᠨ ᠪᠠᠶᠢᠭᠤᠯᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ 18 . docx      1 . 《 ᠲᠠᠨ ᠢ ᠬᠠᠪᠰᠤᠷᠤᠨ ᠭᠦᠶᠴᠡᠳᠬᠡᠬᠦ 》 ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠵᠦᠶᠯᠡᠰ ᠤᠨ ᠭᠠᠷᠴᠠᠭ ᠤᠨ ᠨᠠᠷᠢᠨ ᠬᠠᠭᠤᠳᠠᠰᠤ      2 . ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠴᠤᠪᠤᠷᠠᠯ ᠵᠢᠷᠤᠭ      3 . 《 ᠲᠠᠨ ᠢ ᠬᠠᠪᠰᠤᠷᠤᠨ ᠭᠦᠶᠴᠡᠳᠬᠡᠬᠦ 》 ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠭᠤᠶᠤᠴᠢᠯᠠᠯ ᠤᠨ ᠬᠦᠰᠦᠨᠦᠭᠲᠦ      4 . 《 ᠲᠠᠨ ᠢ ᠬᠠᠪᠰᠤᠷᠤᠨ ᠭᠦᠶᠴᠡᠳᠬᠡᠬᠦ 》 ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ      5 . 《 ᠲᠠᠨ ᠢ ᠬᠠᠪᠰᠤᠷᠤᠨ ᠭᠦᠶᠴᠡᠳᠬᠡᠬᠦ 》 ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠠᠮᠠᠯᠠᠯᠲᠠ  ᠶᠢᠨ ᠪᠢᠴᠢᠭ      6 . 《 ᠲᠠᠨ ᠢ ᠬᠠᠪᠰᠤᠷᠤᠨ ᠭᠦᠶᠴᠡᠳᠬᠡᠬᠦ 》 ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠬᠠᠭᠤᠳᠠᠰᠤ ᠶᠢ ᠣᠷᠣᠯᠠᠨ ᠭᠦᠶᠴᠡᠳᠬᠡᠵᠦ ᠥᠭᠭᠦᠨ᠎ᠡ      7 . 《 ᠲᠠᠨ ᠢ ᠬᠠᠪᠰᠤᠷᠤᠨ ᠭᠦᠶᠴᠡᠳᠬᠡᠬᠦ 》 ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠦᠨᠡᠯᠡᠯᠲᠡ ᠶᠢᠨ ᠬᠦᠰᠦᠨᠦᠭᠲᠦ      8 . 《 ᠲᠠᠨ ᠢ ᠬᠠᠪᠰᠤᠷᠤᠨ ᠭᠦᠶᠴᠡᠳᠬᠡᠬᠦ 》 ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡ ᠳᠠᠭᠤᠰᠬᠤ ᠬᠠᠭᠤᠳᠠᠰᠤ  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号