ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 8 ᠰᠠᠷ᠎ᠠ ᠶᠢᠨ 30 ᠤ ᠡᠳᠦᠷ ᠶᠡᠷᠦᠩᠬᠡᠶ | ᠱᠦᠵᠢ ᠰᠢ ᠶᠢᠨ ᠫᠢᠩ ᠤᠨ 《 ᠬᠤᠶᠠᠷ ᠢ ᠪᠠᠭᠠᠰᠬᠠᠬᠤ 》 ᠠᠵᠢᠯ ᠤᠨ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠠᠶᠢᠨ ᠰᠠᠶᠢᠬᠠᠨ ᠰᠤᠷᠭᠠᠨ | ᠬᠥᠮᠦᠵᠢᠯ ᠤᠨ ᠠᠮᠢ ᠠᠬᠤᠶ ᠶᠢ ᠢᠳᠡᠪᠬᠢᠲᠡᠶ ᠪᠠᠶᠢᠭᠤᠯᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ | ᠶᠢ ᠠᠬᠢᠭᠤᠯᠬᠤ ᠶᠢᠨ ᠲᠥᠯᠥᠭᠡ ᠃ 8 ᠰᠠᠷ᠎ᠠ ᠶᠢᠨ 27 ᠤ ᠦᠳᠡ ᠶᠢᠨ ᠬᠤᠶᠢᠨ᠎ᠠ᠂ ᠲᠦᠴᠢᠦᠸᠠᠨ ᠰᠢᠶᠠᠨ ᠤ | ᠰᠤᠷᠭᠠᠨ ᠬᠥᠮᠦᠵᠢᠯ ᠤᠨ ᠲᠣᠪᠴᠢᠶ᠎ᠠ 《 ᠬᠤᠶᠠᠷ ᠢ ᠬᠠᠰᠤᠬᠤ 》 ᠠᠵᠢᠯ ᠤᠨ ᠨᠡᠶᠢᠭᠡᠮ ᠤᠨ ᠬᠢᠨᠠᠯᠲᠠ ᠲᠠᠯᠪᠢᠭᠴᠢ | ᠶᠢ ᠤᠷᠢᠨ ᠲᠣᠮᠢᠯᠠᠬᠤ ᠶᠣᠰᠣᠯᠠᠯ ᠶᠠᠪᠤᠭᠤᠯᠪᠠ ᠃ | | ᠲᠤᠰ ᠤᠳᠠᠭᠠᠨ ᠤ ᠬᠤᠷᠠᠯ ᠢ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠢᠤᠢ ᠯᠸᠢ ᠡᠷᠭᠢᠯᠡᠵᠦ | ᠂ ᠬᠤᠷᠠᠯ ᠳᠡᠭᠡᠷ᠎ᠡ ᠰᠢᠤᠢ ᠯᠸᠢ ᠳᠡᠳ᠋ ᠲᠣᠪᠴᠢᠶᠠᠨ ᠳᠠᠷᠤᠭ᠎ᠠ ᠠᠴᠠ 《 ᠬᠤᠶᠠᠷ ᠢ ᠬᠠᠰᠤᠬᠤ 》 ᠲᠥᠷᠥ ᠶᠢᠨ | ᠪᠣᠳᠣᠯᠭ᠎ᠠ ᠳᠤ ᠨᠠᠷᠢᠨ ᠲᠠᠶᠢᠯᠤᠮᠵᠢ ᠬᠢᠵᠦ᠂ 《 ᠬᠤᠶᠠᠷ ᠢ ᠬᠠᠰᠤᠬᠤ 》 ᠠᠵᠢᠯ ᠤᠨ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠬᠠᠮᠤᠭ ᠡᠴᠦᠰ ᠲᠤ ᠰᠢᠤᠢ ᠯᠸᠢ | ᠳᠡᠳ᠋ ᠲᠣᠪᠴᠢᠶᠠᠨ ᠳᠠᠷᠤᠭ᠎ᠠ ᠠᠴᠠ 《 ᠬᠤᠶᠠᠷ ᠢ ᠬᠠᠰᠤᠬᠤ 》 ᠠᠵᠢᠯ ᠤᠨ ᠨᠡᠶᠢᠭᠡᠮ ᠤᠨ ᠬᠢᠨᠠᠯᠲᠠ ᠲᠠᠯᠪᠢᠭᠴᠢ | ᠳᠤ ᠤᠷᠢᠯᠭ᠎ᠠ ᠶᠢᠨ ᠪᠢᠴᠢᠭ ᠭᠠᠷᠳᠠᠭᠤᠯᠵᠠᠶ ᠃ | | ᠲᠣᠰ ᠤᠳᠠᠭ᠎ᠠ ᠤᠷᠢᠭᠰᠠᠨ 《 ᠬᠤᠶᠠᠷ ᠢ ᠬᠠᠰᠤᠬᠤ 》 ᠠᠵᠢᠯ ᠤᠨ ᠨᠡᠶᠢᠭᠡᠮ ᠤᠨ ᠬᠢᠨᠠᠯᠲᠠ ᠲᠠᠯᠪᠢᠭᠴᠢ | ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠥᠮᠦᠨ᠂ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ | ᠤᠨ ᠠᠵᠢᠯᠲᠠᠨ᠂ ᠰᠤᠷᠭᠠᠨ ᠬᠥᠮᠦᠵᠢᠯ ᠤᠨ ᠠᠵᠢᠯᠲᠠᠨ ᠵᠡᠷᠭᠡ ᠪᠠᠶᠢᠵᠤ᠂ ᠲᠦᠴᠢᠦᠸᠠᠨ ᠤ ᠰᠤᠷᠭᠠᠨ ᠬᠥᠮᠦᠵᠢᠯ ᠤᠨ | ᠬᠥᠭᠵᠢᠯᠲᠡ ᠶᠢ ᠬᠠᠯᠠᠮᠵᠢᠯᠠᠨ ᠠᠩᠬᠠᠷᠴᠤ ᠪᠠᠶᠢᠭ᠎ᠠ ᠰᠣᠷᠣᠭᠴᠢ ᠶᠢᠨ ᠬᠡᠷ ᠤᠨ ᠠᠬᠠᠮᠠᠳ ᠪᠠ ᠨᠡᠶᠢᠭᠡᠮ ᠤᠨ ᠡᠯ᠎ᠡ | ᠡᠲᠡᠭᠡᠳ ᠤᠨ ᠬᠥᠮᠦᠰ ᠪᠣᠶ᠂ ᠲᠠᠳᠠ 《 ᠬᠤᠶᠠᠷ ᠢ ᠬᠠᠰᠤᠬᠤ 》 ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ | ᠨᠡᠶᠢᠭᠡᠮ ᠤᠨ ᠬᠢᠨᠠᠯᠲᠠ ᠶᠢ ᠢᠳᠡᠪᠬᠢᠲᠡᠶ ᠰᠠᠶᠢᠲᠤᠷ ᠬᠢᠵᠦ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ | ᠦᠶᠯᠡᠰ ᠤᠨ ᠬᠥᠭᠵᠢᠯᠲᠡ ᠳᠤ ᠬᠦᠴᠦ ᠨᠡᠮᠡᠷᠢᠯᠡᠨ᠎ᠡ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠡᠶ ᠃ |