ᠵᠢᠦᠢ ᠮᠧᠶ ᠾᠧᠩ ᠭᠦᠸᠧ
ᠨᠡᠶᠢᠲᠡᠯᠡᠭᠰᠡᠨ ᠴᠠᠭ᠄
2021/9/16
 2016 ᠤᠨ ᠪᠣᠯᠲᠠᠯ᠎ᠠ᠂ ᠦᠵᠡᠮᠵᠢ ᠶᠢᠨ ᠣᠷᠣᠨ ᠨᠢᠭᠡᠨᠲᠡ 4600 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ︽ᠲᠦᠴᠢᠦᠸᠠᠨ ᠰᠢᠶᠠᠨ ᠤ ᠳ᠋ᠦ᠋ ᠰᠢ ᠭᠸᠦ ᠠᠮᠠᠷᠠᠯᠲᠠ ᠶᠢᠨ ᠣᠷᠣᠨ ᠤ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ︾ ︽ᠳ᠋ᠦ᠋ ᠰᠢ ᠭᠸᠦ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠪᠠ ᠪᠠᠶᠢᠭᠠᠯᠢ ᠶᠢᠨ ᠠᠮᠢ ᠠᠬᠤᠶ ᠶᠢ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠵᠤᠴᠢᠨ ᠤᠭᠲᠤᠬᠤ ᠫᠠᠶᠢᠰᠠᠲᠤ ᠠᠰᠠᠷ᠂ ᠡᠷᠲᠡᠨ ᠤ ᠬᠢ ᠶᠢ ᠳᠠᠭᠤᠷᠢᠶᠠᠭᠰᠠᠨ ᠰᠡᠷᠢᠭᠦᠨ ᠲᠢᠩᠰᠡ᠂ ᠵᠣᠬᠢᠶᠠᠮᠠᠯ ᠨᠠᠭᠤᠷ᠂ ᠲᠡᠷᠭᠡᠨ ᠵᠣᠭᠰᠣᠭᠠᠯ᠂ ᠦᠵᠡᠮᠵᠢ ᠶᠢᠨ ᠵᠠᠮ᠂ ᠴᠠᠬᠢᠯᠭᠠᠨ ᠬᠦᠴᠦᠨ ᠤ ᠱᠤᠭᠤᠮ᠂ ᠡᠷᠲᠡᠨ ᠤ ᠬᠢ ᠶᠢ ᠳᠠᠭᠤᠷᠢᠶᠠᠭᠰᠠᠨ ᠤᠷᠲᠤ ᠬᠤᠩᠭᠢᠯ ᠪᠣᠯᠤᠨ ᠠᠯᠪᠠᠨ ᠭᠡᠷ ᠵᠡᠷᠭᠡ ᠡᠯ᠎ᠡ ᠵᠦᠢᠯ ᠤᠨ ᠰᠠᠭᠤᠷᠢ ᠲᠥᠬᠦᠭᠡᠷᠦᠮᠵᠢ ᠶᠢ ᠨᠢᠭᠡᠨᠲᠡ ᠳᠠᠭᠤᠰᠬᠠᠵᠤ᠂ ᠬᠦᠯᠢᠶᠡᠨ ᠠᠪᠬᠤ ᠲᠥᠪ᠂ ᠵᠢᠭᠤᠯᠴᠢᠯᠠᠯ ᠤᠨ ᠵᠣᠷᠯᠣᠩ ᠤᠨ ᠭᠤᠣᠯ ᠴᠣᠭᠴᠠ ᠶᠢ ᠨᠢᠭᠡᠨᠲᠡ ᠪᠢᠲᠡᠭᠦᠮᠵᠢᠯᠡᠵᠦ᠂ ᠠᠭᠤᠯᠠ ᠠᠪᠠᠷᠢᠬᠤ ᠶᠠᠪᠠᠭᠠᠨ ᠵᠠᠮ ᠢ ᠪᠦᠬᠦ ᠱᠤᠭᠤᠮ ᠢᠶᠠᠷ ᠵᠠᠰᠠᠵᠤ ᠨᠡᠪᠲᠡᠷᠡᠭᠦᠯᠪᠡ᠃ ᠡᠯ᠎ᠡ ᠵᠦᠢᠯ ᠤᠨ ᠵᠢᠮᠢᠰ ᠤᠨ ᠮᠣᠳᠣ ᠶᠢ ᠮᠢᠩᠭᠠᠨ ᠮᠦ ᠰᠢᠬᠠᠮ ᠵᠠᠶᠢᠯᠠᠵᠤ᠂ 18 ᠬᠤᠳᠳᠤᠭ ᠮᠠᠯᠲᠠᠪᠠ᠃ ᠲᠥᠯᠥᠪᠵᠢᠭᠦᠯᠭᠡ ᠶᠣᠰᠣᠭᠠᠷ ᠦᠵᠡᠮᠵᠢ ᠶᠢᠨ ᠣᠷᠣᠨ ᠤ ᠳᠣᠲᠣᠷᠠᠬᠢ ᠣᠲᠣ ᠶᠢᠨ ᠪᠠᠶᠢᠭ᠎ᠠ ᠪᠠᠶᠢᠭᠠᠯᠢ ᠶᠢᠨ ᠦᠵᠡᠮᠵᠢ ᠳᠤ ᠲᠦᠰᠢᠭᠯᠡᠨ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠲᠠᠬᠢᠯᠭ᠎ᠠ ᠶᠢᠨ ᠲᠠᠶᠢᠰᠠ᠂ ᠡᠯᠭᠦᠮᠡᠯ ᠬᠦᠷᠬᠢᠷ᠎ᠡ᠂ ᠵᠢᠭᠤᠯᠴᠢᠯᠠᠭᠴᠢᠳ ᠢ ᠭᠥᠯᠢᠶᠡᠨ ᠠᠪᠬᠤ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠵᠣᠷᠯᠣᠩ᠂ ᠬᠤᠭ ᠨᠣᠪᠰᠢ ᠰᠢᠢᠳᠪᠤᠷᠢᠯᠡᠬᠦ ᠲᠠᠲᠠᠭᠠᠯ ᠂ ᠮᠣᠷᠢ ᠤᠷᠤᠯᠳᠤᠬᠤ ᠲᠠᠯᠠᠪᠠᠶ᠂ ᠵᠢᠭᠤᠯᠴᠢᠯᠠᠯ ᠤᠨ ᠮᠠᠰᠢᠨ ᠲᠡᠷᠭᠡᠨ ᠤ ᠲᠤᠰᠬᠠᠶ ᠱᠤᠭᠤᠮ᠂ ᠠᠭᠤᠯᠠ ᠠᠪᠠᠷᠢᠬᠤ ᠶᠠᠪᠠᠭᠠᠨ ᠵᠠᠮ ᠵᠢᠴᠢ ᠵᠢᠭᠤᠯᠴᠢᠯᠠᠭᠴᠢᠳ ᠤᠨ ᠵᠤᠭ᠎ᠠ ᠴᠡᠩᠭᠡᠯ ᠤᠨ ᠲᠥᠪ᠂ ᠪᠡᠶᠡᠴᠢᠯᠡᠨ ᠣᠶᠢᠯᠠᠭᠠᠬᠤ ᠲᠥᠪ᠂ ᠵᠢᠭᠤᠯᠴᠢᠯᠠᠯ ᠤᠨ ᠦᠶ᠋ᠯᠡᠳᠬᠦᠨ ᠦᠶ᠋ᠯᠡᠳᠪᠦᠷᠢᠯᠡᠬᠦ᠂ ᠪᠣᠯᠪᠠᠰᠤᠷᠠᠭᠤᠯᠬᠤ᠂ ᠳᠡᠯᠭᠡᠨ ᠦᠵᠡᠭᠦᠯᠬᠦ᠂ ᠪᠣᠷᠣᠯᠠᠭᠤᠯᠬᠤ ᠲᠥᠪ ᠵᠡᠷᠭᠡ ᠰᠠᠭᠤᠷᠢ ᠪᠡᠯᠡᠳᠬᠡᠮᠵᠢ ᠪᠠᠶᠢᠭᠤᠯᠬᠤ ᠪᠠᠷ ᠲᠥᠯᠥᠪᠯᠡᠵᠦ᠂ ᠳ᠋ᠦ᠋ ᠰᠢ ᠭᠸᠤ ᠶᠢ ᠰᠣᠨᠢᠷᠬᠠᠬᠤ᠂ ᠵᠤᠭ᠎ᠠ ᠴᠡᠩᠭᠡᠯ᠂ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号