ᠲᠦᠴᠢᠦᠸᠠᠨ ᠤ ᠱᠤᠭ ᠵᠢᠷᠤᠭ
ᠨᠡᠶᠢᠲᠡᠯᠡᠭᠰᠡᠨ ᠴᠠᠭ᠄
2021/9/17
   2008 ᠣᠨ ᠳᠤ ᠲᠦᠴᠢᠦᠸᠠᠨ ᠤ ᠱᠤᠭ ᠵᠢᠷᠤᠭ ᠨᠢ ᠬᠢᠩᠭᠠᠨ ᠠᠶᠢᠮᠠᠭ ᠤᠨ ᠠᠩᠬᠠᠳᠤᠭᠠᠷ ᠪᠦᠯᠦᠭ ᠪᠣᠳᠠᠰ  ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠵᠤ᠂ ᠣᠳᠣ ᠠᠶᠢᠮᠠᠭ ᠤᠨ ᠲᠡᠰ ᠤᠨ ᠲᠦᠴᠢᠦᠸᠠᠨ ᠤ ᠱᠤᠭ ᠵᠢᠷᠤᠭ ᠤᠨ ᠤᠯᠠᠮᠵᠢᠯᠠᠭᠴᠢ ᠸᠠᠩ ᠵᠢᠶᠦ᠋ᠨ ᠼᠠᠢ᠂ ᠴᠧᠨ ᠪᠢᠨ ᠬᠤᠶᠠᠭᠤᠯᠠ ᠪᠣᠢ᠃ ᠱᠤᠭ ᠵᠢᠷᠤᠭ ᠨᠢ ᠥᠪᠡᠷᠮᠢᠴᠡ ᠤᠷᠠᠯᠢᠭ ᠪᠣᠯᠤᠭᠰᠠᠨ ᠤ ᠬᠤᠪᠢ ᠳᠤ᠂ ᠳᠡᠯᠡᠬᠡᠶ ᠶᠢᠨ ᠠᠷᠠᠳ ᠲᠦᠮᠡᠨ ᠤ ᠪᠠᠭ᠋ᠠᠷᠬᠠᠯ ᠢ ᠲᠠᠲᠠᠵᠤ᠂ ᠱᠤᠭ ᠵᠢᠷᠤᠭ ᠢ ᠬᠥᠮᠦᠰ ᠤᠯᠤᠰ ᠤᠨ ᠵᠠᠭᠠᠭ ᠦᠭᠡᠢ ᠳᠡᠯᠡᠬᠡᠶ ᠶᠢᠨ ᠬᠡᠯᠡ ᠭᠡᠵᠦ ᠨᠡᠷᠡᠶᠢᠳᠦᠭᠰᠡᠨ ᠪᠥᠭᠡᠳ ᠥᠷᠥᠨᠡᠳᠠᠬᠢᠨ ᠤ ᠤᠷᠠᠯᠢᠭ ᠤᠨ ᠰᠢᠭᠦᠮᠵᠢᠯᠡᠭᠴᠢᠳ ᠠᠴᠠ 《 ᠶᠢᠰᠦᠳᠦᠭᠡᠷ ᠤᠷᠠᠯᠢᠭ 》 ᠭᠡᠵᠦ ᠨᠡᠷᠡᠯᠡᠭᠳᠡᠵᠦ᠂ ᠱᠤᠭ ᠵᠢᠷᠤᠭ ᠤᠨ ᠤᠷᠠᠯᠢᠭ ᠨᠢ ᠤᠷᠢᠳ ᠭᠠᠷᠤᠭ᠎ᠠ ᠦᠭᠡᠢ ᠥᠨᠳᠥᠷ ᠲᠦᠪᠰᠢᠨ ᠳᠤ ᠬᠦᠷᠦᠭᠰᠡᠨ ᠪᠠᠶᠢᠨ᠎ᠠ᠃    ᠲᠦᠴᠢᠦᠸᠠᠨ ᠤ ᠱᠤᠭ ᠵᠢᠷᠤᠭ ᠪᠣᠯ ᠲᠦᠴᠢᠦᠸᠠᠨ ᠤ ᠨᠡᠷ᠎ᠡ ᠶᠢᠨ ᠬᠠᠭᠤᠳᠠᠰᠤ᠂ ᠲᠦᠴᠢᠦᠸᠠᠨ ᠤ ᠱᠤᠭ ᠵᠢᠷᠤᠭ ᠪᠣᠯ ᠲᠦᠴᠢᠦᠸᠠᠨ ᠤ ᠨᠡᠷᠡᠲᠦ ᠲᠡᠮᠳᠡᠭ ᠪᠣᠯᠤᠨ᠎ᠠ᠃    ᠲᠦᠴᠢᠦᠸᠠᠨ ᠰᠢᠶᠠᠨ 1989 ᠣᠨ ᠳᠤ ︽ᠲᠦᠴᠢᠦᠸᠠᠨ ᠤ ᠱᠤᠭ ᠵᠢᠷᠤᠭ ᠵᠤᠬᠢᠶᠠᠨ ᠪᠦᠲᠦᠭᠡᠬᠦ ᠨᠡᠶᠢᠭᠡᠮᠯᠢᠭ︾ ᠪᠠᠶᠢᠭᠤᠯᠤᠭᠳᠠᠵᠤ᠂ 2000 ᠣᠨ ᠳᠤ ︽ᠥᠪᠥᠷ ᠮᠣᠩᠭᠤᠯ ᠤᠨ ᠬᠤᠨᠢᠨ ᠨᠤᠭᠤ ᠶᠢᠨ ᠱᠤᠭ ᠵᠢᠷᠤᠭ ᠤᠨ ᠨᠡᠶᠢᠭᠡᠮᠯᠢᠭ︾ ᠭᠡᠵᠦ ᠥᠭᠡᠷᠡᠴᠢᠯᠡᠨ ᠨᠡᠷᠡᠶᠢᠳᠴᠦ᠂ ᠣᠳᠣ ᠨᠡᠶᠢᠲᠡ 100 ᠭᠠᠷᠤᠶ ᠭᠡᠰᠢᠭᠦᠨ ᠡᠯᠰᠡᠵᠦ᠂ 30 ᠵᠢᠯ  ᠳᠤ ᠨᠡᠶᠢᠭᠡᠮᠯᠢᠭ ᠤᠨ ᠬᠢᠨ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠱᠤᠭ ᠵᠢᠷᠤᠭ ᠤᠨ ᠦᠵᠡᠰᠬᠦᠯᠡᠩ ᠡᠷᠬᠢᠯᠡᠪᠡ᠃    1989 ᠣᠨ ᠳᠤ ᠥᠪᠥᠷ ᠮᠣᠩᠭᠤᠯ ᠤᠨ ᠤᠷᠠᠨ ᠵᠢᠷᠤᠭ ᠤᠨ ᠨᠡᠶᠢᠭᠡᠮᠯᠢᠭ ᠠᠴᠠ ︽ᠤᠯᠤᠰ ᠤᠨ ᠪᠠᠶᠠᠷ ᠤᠨ ᠳᠥᠴᠢᠨ ᠵᠢᠯ ᠤᠨ ᠤᠢ ᠶᠢᠨ ᠪᠥᠬᠦ ᠣᠷᠣᠨ ᠤ ᠤᠷᠠᠨ ᠵᠢᠷᠤᠭ ᠤᠨ ᠦᠵᠡᠰᠬᠦᠯᠡᠩ︾ ᠢ ᠡᠷᠬᠢᠯᠡᠬᠦ ᠦᠶ᠎ᠡ ᠳᠤ᠂ ᠲᠡᠳᠡ 98 ᠱᠤᠭ ᠵᠢᠷᠤᠭ ᠤᠨ ᠪᠦᠲᠦᠭᠡᠯ ᠰᠣᠩᠭᠤᠨ ᠬᠦᠷᠭᠡᠵᠦ᠂ ᠡᠭᠦᠨ ᠳᠤ  21 ᠪᠦᠲᠦᠭᠡᠯ ᠨᠢ ᠦᠵᠡᠰᠬᠦᠯᠡᠩ  ᠳᠤ ᠣᠷᠣᠯᠴᠠᠵᠤ᠂ ᠬᠤᠶᠠᠷ ᠪᠦᠲᠦᠭᠡᠯ ᠨᠢ ᠱᠠᠩᠨᠡᠯ ᠤᠯᠵᠠᠢ᠃    1990 ᠣᠨ ᠳᠤ ᠲᠦᠴᠢᠦᠸᠠᠨ ᠰᠢᠶᠠᠨ ᠤ ᠰᠣᠶᠣᠯ ᠤᠨ ᠣᠷᠳᠣᠨ ᠥᠪᠥᠷ ᠮᠣᠩᠭᠤᠯ ᠤᠨ ᠱᠤᠭ ᠵᠢᠷᠤᠭ ᠤᠨ ᠰᠤᠳᠤᠯᠭᠠᠨ ᠤ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨ ᠤ ᠤᠷᠠᠯᠢᠭ  ᠤᠨ ᠣᠷᠳᠣᠨ ᠤ ᠨᠠᠶᠢᠳᠠᠯᠭ᠎ᠠ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠤᠭ ᠵᠢᠷᠤᠭ ᠤᠨ ᠦᠵᠡᠰᠬᠦᠯᠡᠩ︾ ᠢ ᠠᠮᠵᠢᠯᠲᠠ ᠲᠠᠢ ᠡᠷᠬᠢᠯᠡᠪᠡ᠃    1997 ᠣᠨ ᠤ 7 ᠰᠠᠷ᠎ᠠ ᠳᠤ ︽ᠲᠦᠴᠢᠦᠸᠠᠨ ᠤ ᠱᠤᠭ ᠵᠢᠷᠤᠭ ᠤᠨ ᠰᠣᠩᠭᠤᠮᠠᠯ︾ ᠢ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠪᠯᠡᠯ ᠤᠨ ᠬᠤᠷᠢᠶ᠎ᠠ ᠠᠴᠠ ᠵᠢᠩᠬᠢᠨᠢ ᠪᠠᠷ ᠬᠡᠪᠯᠡᠭᠦᠯᠵᠡᠶ᠃ ᠲᠤᠰ ᠨᠣᠮ ᠳᠤ ᠲᠦᠴᠢᠦᠸᠠᠨ ᠰᠢᠶᠠᠨ ᠤ 10 ᠭᠠᠷᠤᠶ ᠱᠤᠭ ᠵᠢᠷᠤᠭ ᠤᠨ ᠵᠣᠬᠢᠶᠠᠭᠴᠢ ᠶᠢᠨ ᠣᠷᠴᠢᠮ ᠤᠨ ᠵᠢᠯ ᠤᠳ ᠲᠤ ᠵᠣᠬᠢᠶᠠᠭᠰᠠᠨ ᠱᠤᠭ ᠵᠢᠷᠤᠭ ᠤᠨ ᠤᠷᠠᠨ ᠵᠢᠷᠤᠭ ᠤᠨ ᠲᠣᠮᠣ ᠪᠢᠴᠢᠭᠡᠰᠦ ᠶᠢ ᠣᠷᠣᠭᠤᠯᠵᠠᠶ᠃    2000 ᠣᠨ ᠳᠤ᠂ ︽ᠲᠦᠴᠢᠦᠸᠠᠨ ᠤ ᠱᠤᠭ ᠵᠢᠷᠤᠭ ᠤᠨ ᠦᠵᠡᠰᠬᠦᠯᠡᠩ︾ ᠨᠢ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠦᠪᠡᠳᠡᠭᠰᠢ ᠶᠡᠭᠡ ᠪᠠᠷ ᠶᠠᠪᠤᠭᠳᠠᠵᠤ᠂ 200 ᠭᠠᠷᠤᠶ ᠱᠤᠭ ᠵᠢᠷᠤᠭ ᠤᠨ ᠪᠦᠲᠦᠭᠡᠯ ᠨᠢ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠪᠠ ᠦᠵᠡᠭᠴᠢᠳ ᠤᠨ ᠦᠨᠳᠦᠷ ᠦᠨᠡᠯᠡᠯᠲᠡ ᠶᠢ ᠣᠯᠤᠭᠰᠠᠨ ᠪᠠᠶᠢᠨ᠎ᠠ᠃    2001 ᠣᠨ ᠳᠤ ᠡᠷᠬᠢᠯᠡᠭᠰᠡᠨ ᠪᠦᠬᠦ ᠤᠯᠤᠰ ᠤᠨ《ᠰᠢᠨᠵᠢᠯᠡᠬᠦ ᠤᠬᠠᠭᠠᠨ ᠢ ᠡᠷᠬᠢᠮᠨᠡᠬᠦ᠂ ᠮᠤᠬᠤᠷ ᠪᠢᠰᠢᠷᠡᠯ ᠢ ᠠᠷᠢᠯᠭᠠᠬᠤ᠂ ᠭᠠᠵᠢᠭᠤ ᠨᠣᠮᠯᠠᠯ ᠢ ᠠᠷᠢᠯᠭᠠᠬᠤ 》ᠱᠤᠭ ᠵᠢᠷᠤᠭ ᠤᠨ ᠤᠷᠤᠯᠳᠤᠭᠠᠨ ᠳᠤ ᠲᠦᠴᠢᠦᠸᠠᠨ ᠰᠢᠶᠠᠨ 46 ᠬᠤᠪᠢ ᠱᠤᠭ ᠵᠢᠷᠤᠭ ᠤᠨ ᠪᠦᠲᠦᠭᠡᠯ ᠢ ᠰᠤᠩᠭᠤᠨ ᠬᠦᠷᠭᠡᠭᠡᠳ 42 ᠬᠤᠪᠢ ᠱᠤᠭ ᠵᠢᠷᠤᠭ ᠤᠨ ᠪᠦᠲᠦᠭᠡᠯ ᠨᠢ  ᠰᠤᠩᠭᠤᠭᠳᠠᠵᠤ᠂ ᠡᠭᠦᠨ ᠳᠤ ᠸᠠᠩ ᠵᠢᠶᠠᠨ ᠮᠢᠨ ᠤ《 ᠭᠠᠩ ᠲᠠᠢ ᠲᠡᠮᠡᠴᠡᠬᠦ ᠠᠷᠭ᠎ᠠ ᠬᠡᠮᠵᠢᠶ᠎ᠡ 》 ᠨᠢ ᠠᠯᠲᠠᠨ ᠱᠠᠩᠨᠠᠯ᠂ ᠯᠢᠦ ᠱᠤ᠋ ᠴᠢᠨ ᠤ《ᠰᠡᠳᠦᠪ ᠦᠭᠡᠢ 》 ᠨᠢ ᠮᠥᠩᠭᠦᠨ ᠱᠠᠩᠨᠠᠯ᠂ ᠵᠠᠩ ᠴᠢᠶᠦ᠋ᠨ ᠶᠢᠩ ᠤᠨ《 ᠪᠣᠯᠪᠠᠰᠤᠨ ᠲᠣᠰᠬᠤᠨ 》 ᠨᠢ  ᠬᠦᠷᠡᠯ ᠱᠠᠩᠨᠠᠯ  ᠂ ᠸᠠᠩ ᠵᠢᠶᠦ᠋ᠨ ᠼᠠᠢ ᠬᠤᠪᠢ ᠬᠥᠮᠦᠨ ᠤ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠤᠯᠭᠤᠪᠠ᠃    2003 ᠣᠨ ᠳᠤ ᠰᠠᠷᠠᠢᠯᠭᠠᠬᠤ ᠳᠤ ᠴᠢᠨᠡᠷᠲᠠᠢ ᠠᠭᠤᠰᠬᠢᠨ ᠤᠷᠪᠢᠰᠦᠯ ᠤᠨ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠱᠤᠭ ᠵᠢᠷᠤᠭ ᠰᠢᠶᠠᠨ ᠤ ᠵᠡᠭᠡᠯᠢ ᠭᠤᠳᠤᠮᠵᠢ ᠪᠠᠷ ᠶᠠᠪᠤᠭᠰᠠᠨ ᠤ ᠳᠠᠷᠠᠭ᠎ᠠ ᠣᠯᠠᠨ ᠲᠦᠮᠡᠨ ᠤ ᠬᠦᠷᠢᠶᠡᠯᠡᠯ ᠢ ᠤᠯᠪᠠ᠃ ᠲᠦᠪ ᠤᠨ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ ᠲᠦᠴᠢᠤᠸᠠᠨ ᠳᠤ ᠢᠷᠡᠵᠦ᠂ ᠱᠤᠭ ᠵᠢᠷᠤᠭ ᠢ ᠠᠰᠢᠭᠯᠠᠨ ᠰᠠᠷᠠᠢᠯᠭᠠᠬᠤ ᠳᠤ ᠴᠢᠨᠡᠷᠲᠠᠢ ᠠᠭᠤᠰᠬᠢᠨ ᠤᠷᠪᠢᠰᠦᠯ ᠤᠨ ᠡᠪᠡᠳᠴᠢᠨ ᠢ ᠤᠬᠠᠭᠤᠯᠬᠤ ᠰᠢᠨ᠎ᠡ ᠠᠵᠢᠯᠯᠠᠭ᠎ᠠ ᠶᠢ ᠲᠤᠰᠬᠠᠶᠢᠯᠡᠨ ᠰᠤᠷᠪᠤᠯᠵᠢᠯᠡᠨ ᠰᠢᠩᠭᠡᠭᠡᠵᠦ᠂ ᠲᠥᠪ ᠤᠨ 12 ᠢᠵᠢ ᠫᠷᠤᠭ᠍ᠷᠠᠮ ᠳᠤ ᠨᠡᠪᠲᠡᠷᠡᠭᠦᠯᠪᠡ᠃ 2006 ᠣᠨ ᠳᠤ ᠸᠠᠩ ᠵᠢᠶᠦ᠋ᠨ ᠼᠠᠢ ᠶᠢᠨ ᠱᠤᠭ ᠵᠢᠷᠤᠭ《ᠬᠥᠮᠦᠨ ᠤ ᠵᠢᠰᠦ ᠶᠢ ᠢᠯᠭᠠᠬᠤ ᠶᠢᠨ ᠠᠷᠭ᠎ᠠ ᠦᠭᠡᠢ 》 ᠨᠢ ᠪᠦᠬᠦ ᠤᠯᠤᠰ ᠤᠨ ᠠᠷᠪᠠᠳᠤᠭᠠᠷ ᠬᠤᠭᠤᠴᠠᠭᠠᠨ ᠤ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠳᠤ ᠬᠦᠷᠡᠯ ᠱᠠᠩᠨᠠᠯ ᠤᠯᠭᠤᠵᠤ᠂ ᠡᠨᠡ ᠪᠣᠯ ᠬᠢᠩᠭᠠᠨ ᠠᠶᠢᠮᠠᠭ ᠤᠨ ᠰᠣᠶᠣᠯ ᠲᠡᠦᠬᠡᠨ ᠳᠡᠭᠡᠷᠡᠬᠢ ᠨᠢᠭᠡ ᠤᠳᠠᠭ᠎ᠠ ᠶᠢᠨ ᠦᠰᠦᠷᠦᠯᠲᠡ ᠪᠣᠯᠤᠨ᠎ᠠ᠃ 2007 ᠣᠨ ᠳᠤ《 ᠠᠷᠢᠭᠤᠨ ᠴᠢᠭᠡᠴᠢ ᠤᠳᠤᠷᠢᠳᠬᠤ ᠺᠠᠳ᠋ᠷ —᡺ 83 ᠥᠯᠥ ᠵᠥᠪᠰᠢᠶᠡᠷᠡᠬᠦ 》ᠱᠤᠭ ᠵᠢᠷᠤᠭ ᠤᠨ ᠲᠡᠭᠦᠪᠦᠷᠢ ᠶᠢ ᠨᠠᠶᠢᠷᠠᠭᠤᠯᠤᠨ ᠬᠡᠪᠯᠡᠭᠦᠯᠵᠦ᠂ 2010 ᠣᠨ ᠳᠤ《 ᠲᠦᠴᠢᠦᠸᠠᠨ ᠰᠢᠶᠠᠨ ᠤ ︿ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠬᠤᠨᠳᠠᠭᠠᠲᠦ﹀ ᠱᠤᠭ ᠵᠢᠷᠤᠭ ᠤᠨ ᠲᠡᠭᠦᠪᠦᠷᠢ 》 ᠶᠢ ᠨᠠᠶᠢᠷᠠᠭᠤᠯᠤᠨ ᠬᠡᠪᠯᠡᠭᠦᠯᠵᠦ᠂ 《 ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠬᠤᠨᠳᠠᠭᠠᠲᠤ﹀ ᠱᠤᠭ ᠵᠢᠷᠤᠭ ᠤᠨ ᠤᠷᠤᠯᠳᠤᠭᠠᠨ ᠤ ᠰᠢᠯᠢᠳᠡᠭ ᠪᠦᠲᠦᠭᠡᠯ ᠢ ᠰᠢᠩᠭᠡᠭᠡᠨ ᠠᠪᠴᠤ᠂ ᠲᠤᠰ ᠰᠢᠶᠠᠨ ᠤ ᠠᠶᠢᠽ ᠡᠪᠡᠳᠴᠢᠨ ᠢ ᠤᠬᠠᠭᠤᠯᠬᠤ᠂ ᠰᠡᠷᠭᠡᠶᠢᠯᠡᠬᠦ ᠬᠠᠮᠤᠭ ᠰᠠᠶᠢᠨ ᠭᠠᠷ ᠳᠡᠪᠲᠡᠷ ᠪᠣᠯᠵᠤ᠂ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠰᠡᠷᠭᠡᠶᠢᠯᠡᠬᠦ ᠠᠯᠪᠠᠨ ᠭᠡᠷ ᠤᠨ ᠥᠨᠳᠥᠷ ᠦᠨᠡᠯᠡᠯᠲᠡ ᠶᠢ ᠣᠯᠪᠠ᠃ 2008 ᠣᠨ ᠳᠤ᠂ ᠳᠤᠮᠳᠠᠳᠤ ᠤᠯᠤᠰ ·  ᠰᠢᠶᠠᠩ ᠲᠠᠨ ᠤ《 ᠬᠥᠮᠦᠨ ᠠᠮᠠ ᠤᠨ ᠤᠯᠤᠰ ᠤᠨ ᠪᠣᠳᠣᠯᠭ᠎ᠠ ᠬᠤᠨᠳᠠᠭᠠᠲᠤ 》ᠪᠦᠬᠦ ᠤᠯᠤᠰ ᠤᠨ ᠱᠤᠭ ᠵᠢᠷᠤᠭ ᠤᠨ ᠤᠷᠤᠯᠳᠤᠭᠠᠨ ᠳᠤ᠂ ᠲᠦᠴᠢᠦᠸᠠᠨ ᠰᠢᠶᠠᠨ ᠤ 3 ᠱᠤᠭ ᠵᠢᠷᠤᠭ ᠤᠨ ᠪᠦᠲᠦᠭᠡᠯ ᠨᠢ ᠱᠠᠩᠨᠡᠯ ᠬᠦᠷᠲᠡᠵᠤ᠂ ᠸᠠᠩ ᠵᠢᠶᠦ᠋ᠨ ᠼᠠᠢ ᠶᠢᠨ ᠱᠤᠭ ᠵᠢᠷᠤᠭ《 ᠬᠤᠶᠠᠷ ᠶᠡᠭᠡ ᠪᠡᠷᠭᠡᠨ 》᠂ ᠯᠢᠦ ᠱᠤ᠋ ᠴᠢᠨ ᠤ ᠱᠤᠭ ᠵᠢᠷᠤᠭ《 ᠡᠵᠢ ᠶᠢᠨ ᠬᠦᠰᠡᠯ 》ᠲᠤᠰ ᠲᠤᠰ ᠭᠠᠤᠯᠢᠨ ᠱᠠᠩᠨᠠᠯ ᠬᠦᠷᠲᠡᠵᠦ᠂ ᠴᠧᠨ ᠲᠦᠩ ᠲᠦᠩ ᠤᠨ ᠱᠤᠭ ᠵᠢᠷᠤᠭ ᠤᠨ ᠪᠦᠲᠦᠭᠡᠯ《 ᠪᠢ ᠣᠯᠠᠨ ᠳᠤ ᠳᠠᠭᠤᠤ ᠳᠠᠭᠤᠯᠠᠶ᠎ᠠ 》 ᠨᠢ ᠰᠢᠯᠢᠳᠡᠭ ᠪᠦᠲᠦᠭᠡᠯ ᠤᠨ ᠱᠠᠩᠨᠠᠯ ᠬᠦᠷᠲᠡᠪᠡ  ᠃ ᠨᠠᠨᠵᠢᠩ ᠬᠤᠲᠠ ᠶᠢᠨ ︽ᠬᠥᠮᠦᠨ ᠠᠮᠠ ᠶᠢᠨ ᠬᠤᠨᠳᠠᠭᠠᠲᠤ︾ ᠶᠢᠨ ᠪᠥᠬᠦ ᠤᠯᠤᠰ ᠤᠨ ᠱᠤᠭ ᠵᠢᠷᠤᠭ ᠤᠨ ᠤᠷᠤᠯᠳᠤᠭᠠᠨ ᠳᠤ᠂ ᠲᠣᠰ ᠰᠢᠶᠠᠨ ᠳᠤ ᠳᠣᠯᠣᠭᠠᠨ ᠬᠥᠮᠦᠨ ᠨᠠᠶᠮᠠᠨ ᠪᠦᠲᠦᠭᠡᠯ ᠱᠠᠩᠨᠡᠯ ᠬᠦᠷᠲᠡᠪᠡ᠃ ᠵᠤᠤ ᠿᠢ ᠰᠢᠶᠠ ᠶᠢᠨ ᠱᠤᠭ ᠵᠢᠷᠤᠭ ᠤᠨ ᠪᠦᠲᠦᠭᠡᠯ ︽ᠮᠠᠨ ᠤ ᠠᠩᠭᠢ ᠳᠤ ᠨᠢᠭᠡ ᠡᠮᠡᠭᠲᠡᠶ ᠰᠤᠷᠤᠭᠴᠢ ᠲᠠᠢ︾ ᠨᠢ ᠮᠥᠩᠭᠦᠨ ᠱᠠᠩᠨᠠᠯ ᠬᠦᠷᠲᠡᠵᠦ᠂ ᠸᠠᠩ ᠵᠢᠶᠦ᠋ᠨ ᠽᠠᠢ ᠶᠢᠨ ᠱᠤᠭ ᠵᠢᠷᠤᠭ ︽ᠬᠤᠶᠢᠰᠢ ᠲᠠᠲᠠᠭᠰᠠᠨ ᠨᠢ︾ ᠨᠢ ᠬᠦᠷᠡᠯ ᠱᠠᠩᠨᠠᠯ ᠬᠦᠷᠲᠡᠵᠦ᠂ ᠴᠧᠨ ᠪᠢᠨ ᠵᠡᠷᠭᠡ ᠨᠠᠶᠮᠠᠨ ᠬᠥᠮᠦᠨ ᠤ ᠱᠤᠭ ᠵᠢᠷᠤᠭ ᠤᠨ ᠪᠦᠲᠦᠭᠡᠯ ᠨᠢ ᠰᠤᠩᠭᠤᠭᠳᠠᠭᠰᠠᠨ ᠱᠠᠩᠨᠠᠯ ᠤᠯᠭᠤᠵᠠᠢ᠃    2011 ᠣᠨ ᠳᠤ᠂ ︽ᠠᠮᠤᠷ ᠲᠦᠪᠰᠢᠨ ᠤ ᠪᠠᠶᠢᠭᠤᠯᠤᠯᠲᠠ ᠶᠢᠨ ᠱᠤᠭ ᠵᠢᠷᠤᠭ ᠤᠨ ᠲᠡᠭᠦᠪᠦᠷᠢ︾ ᠶᠢ ᠨᠠᠶᠢᠷᠠᠭᠤᠯᠤᠨ ᠬᠡᠪᠯᠡᠭᠦᠯᠪᠡ︔    2011 ᠣᠨ ᠳᠤ᠂ ︽ᠠᠮᠤᠭᠤᠯᠠᠩ ᠬᠢᠩᠭᠠᠨ︾ ᠢᠶᠠᠷ ᠭᠤᠤᠯ ᠰᠡᠳᠦᠪ ᠪᠣᠯᠭᠠᠭᠰᠠᠨ ︽ᠠᠮᠤᠭᠤᠯᠠᠩ ᠬᠢᠩᠭᠠᠨ ︾ ᠪᠦᠬᠦ ᠤᠯᠤᠰ ᠤᠨ ᠱᠤᠭ ᠵᠢᠷᠤᠭ ᠤᠨ ᠤᠷᠤᠯᠳᠤᠭᠠᠨ ᠢ ᠡᠷᠬᠢᠯᠡᠵᠡᠢ᠃    2012 ᠣᠨ ᠤ 5 ᠰᠠᠷ᠎ᠠ ᠳᠤ᠂ ︽ᠲᠦᠴᠢᠦᠸᠠᠨ ᠤ ᠱᠤᠭ ᠵᠢᠷᠤᠭ ᠤᠨ ᠰᠣᠩᠭᠤᠮᠠᠯ Ⅱ︾ ᠭᠡᠬᠦ ᠨᠣᠮ ᠢ ᠨᠠᠶᠢᠷᠠᠭᠤᠯᠤᠨ ᠬᠡᠪᠯᠡᠭᠦᠯᠵᠦ᠂ ᠲᠣᠰ ᠨᠣᠮ ᠳᠤ ᠲᠦᠴᠢᠦᠸᠠᠨ ᠤ 33 ᠱᠤᠭ ᠵᠢᠷᠤᠭ ᠤᠨ ᠵᠣᠬᠢᠶᠠᠭᠴᠢ ᠶᠢᠨ 156 ᠱᠤᠭ ᠵᠢᠷᠤᠭ ᠤᠨ ᠪᠦᠲᠦᠭᠡᠯ ᠢ ᠣᠷᠣᠭᠤᠯᠵᠤ᠂ ᠲᠦᠴᠢᠦᠸᠠᠨ ᠤ ᠱᠤᠭ ᠵᠢᠷᠤᠭ ᠤᠨ ᠬᠥᠭᠵᠢᠯᠲᠡ ᠶᠢᠨ ᠨᠢᠭᠡᠨ ᠪᠦᠲᠦᠭᠡᠯ ᠪᠣᠯᠵᠤ᠂ ᠲᠦᠴᠢᠦᠸᠠᠨ ᠰᠢᠶᠠᠨ ᠤ ᠱᠤᠭ ᠵᠢᠷᠤᠭ ᠤᠨ ᠵᠣᠬᠢᠶᠠᠨ ᠪᠦᠲᠦᠭᠡᠯᠭᠡ ᠶᠢᠨ ᠲᠦᠪᠰᠢᠨ ᠰᠢᠨ᠎ᠡ ᠣᠷᠭᠢᠯ ᠳᠤ ᠬᠦᠷᠦᠭᠰᠡᠨ ᠢ ᠬᠠᠷᠠᠭᠤᠯᠪᠠ᠃    2012 ᠣᠨ ᠤ 9 ᠰᠠᠷ᠎ᠠ ᠳᠤ᠂ ᠲᠦᠴᠢᠦᠸᠠᠨ ᠤ ᠱᠤᠭ ᠵᠢᠷᠤᠭ ᠤᠨ ᠦᠵᠡᠭᠦᠯᠭᠡ ᠨᠢ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ ᠳᠤ ᠶᠠᠪᠤᠭᠳᠠᠪᠠ᠃    2014 ᠣᠨ ᠤ 6 ᠰᠠᠷ᠎ᠠ ᠳᠤ᠂ ᠲᠦᠴᠢᠦᠸᠠᠨ ᠤ ᠱᠤᠭ ᠵᠢᠷᠤᠭ ᠲᠢᠶᠠᠨᠵᠢᠨ ᠬᠤᠲᠡ ᠳᠤ ᠦᠵᠡᠭᠦᠯᠦᠯᠭᠡ ᠶᠠᠪᠤᠭᠳᠠᠵᠤ᠂ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠠᠴᠠ ᠭᠠᠷᠴᠤ᠂ ᠪᠦᠬᠦ ᠤᠯᠤᠰ ᠲᠤ ᠬᠠᠨᠳᠤᠵᠤ᠂ ᠲᠦᠴᠢᠦᠸᠠᠨ ᠤ ᠱᠤᠭ ᠵᠢᠷᠤᠭ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠲᠦᠴᠢᠦᠸᠠᠨ ᠰᠢᠶᠠᠨ ᠰᠠᠶᠢᠨ ᠰᠠᠶᠢᠬᠠᠨ ᠰᠣᠶᠣᠯ ᠤᠨ ᠳᠦᠷᠢ ᠲᠥᠷᠬᠦ ᠶᠢ ᠪᠤᠢ ᠪᠤᠯᠭᠠᠪᠠ᠃    2016 ᠣᠨ ᠤ 10 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ ᠬᠤᠨᠢᠨ ᠨᠤᠭᠤ ᠶᠢᠨ ᠱᠤᠭ ᠵᠢᠷᠤᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠱᠤᠭ ᠵᠢᠷᠤᠭ ᠤᠨ ᠤᠷᠠᠯᠢᠭ ᠤᠨ ᠵᠥᠪᠯᠡᠯ ᠬᠠᠮᠲᠤᠷᠠᠭᠰᠠᠨ ᠠᠩᠬᠠᠳᠤᠭᠠᠷ ᠬᠤᠭᠤᠴᠠᠭᠠᠨ ᠤ ︽ᠠᠷᠢᠭᠤᠨ ᠴᠢᠭᠡᠴᠢ ᠬᠤᠨᠳᠠᠭᠠᠲᠤ︾ ᠪᠦᠬᠦ ᠤᠯᠤᠰ ᠤᠨ ᠴᠢᠬᠡᠴᠢ ᠵᠠᠰᠠᠭ ᠤᠨ ᠱᠤᠭ ᠵᠢᠷᠤᠭ ᠤᠨ ᠤᠷᠤᠯᠳᠤᠭᠠᠨ ᠢ ᠡᠷᠬᠢᠯᠡᠭᠦᠯᠵᠤ᠂ ᠨᠢᠭᠡᠳᠦᠭᠡᠷ ᠲᠡᠰ ᠤᠨ ᠱᠠᠩᠨᠠᠯ 2 ᠨᠡᠷᠡᠰ᠂ ᠬᠤᠶᠠᠳᠤᠭᠠᠷ ᠲᠡᠰ ᠤᠨ ᠱᠠᠩᠨᠠᠯ 5  ᠨᠡᠷᠡᠰ᠂ ᠭᠤᠷᠪᠠᠳᠤᠭᠠᠷ ᠲᠡᠰ ᠤᠨ ᠱᠠᠩᠨᠠᠯ 8 ᠨᠡᠷᠡᠰ᠂ ᠰᠢᠯᠢᠳᠡᠭ ᠱᠠᠩᠨᠠᠯ 30 ᠨᠡᠷᠡᠰ ᠵᠢᠴᠢ ᠤᠷᠠᠨ ᠪᠦᠲᠦᠭᠡᠯ 120 ᠨᠡᠷᠡᠰ ᠶᠢ ᠰᠢᠯᠭᠠᠷᠠᠭᠤᠯᠪᠠ᠃ 2018 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠨᠠᠮ ᠤᠨ ᠬᠤᠷᠢᠶᠠᠨ  ᠤ ᠤᠬᠠᠭᠤᠯᠬᠤ ᠬᠡᠯᠲᠡᠰ ᠭᠤᠤᠯᠯᠠᠨ ᠡᠷᠬᠢᠯᠡᠵᠦ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ  ᠤᠨ ᠲᠣᠪᠴᠢᠶ᠎ᠠ᠂ ᠲᠦᠴᠢᠦᠸᠠᠨ ᠰᠢᠶᠠᠨ ᠤ ᠰᠣᠶᠣᠯ ᠤᠨ ᠣᠷᠳᠣᠨ᠂ ᠥᠪᠥᠷ ᠮᠣᠩᠭᠤᠯ ᠤᠨ ᠬᠤᠨᠢᠨ ᠨᠤᠭᠤ ᠱᠤᠭ ᠵᠢᠷᠤᠭ ᠤᠨ ᠨᠡᠶᠢᠭᠡᠮᠯᠢᠭ᠂ ᠥᠪᠥᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠱᠤᠭ ᠵᠢᠷᠤᠭ ᠤᠨ ᠤᠷᠠᠯᠢᠭ ᠤᠨ ᠵᠥᠪᠯᠡᠯ ᠳᠠᠭᠠᠭᠠᠴᠢᠯᠠᠨ ᠡᠷᠬᠢᠯᠡᠭᠰᠡᠨ ︽︿ᠴᠦᠨ ᠵᠧᠦ ᠬᠤᠨᠳᠠᠭᠠᠲᠤ﹀ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠥᠬᠦ ᠤᠯᠤᠰ ᠤᠨ ᠱᠤᠭ ᠵᠢᠷᠤᠭ ᠤᠨ ᠤᠷᠤᠯᠳᠤᠭᠠᠨ ᠤ ᠪᠦᠲᠦᠭᠡᠯ ᠤᠨ ᠲᠡᠭᠦᠪᠦᠷᠢ︾ ᠶᠢ ᠬᠠᠮᠲᠤᠷᠠᠨ ᠬᠡᠪᠯᠡᠭᠦᠯᠵᠡᠶ᠃ ᠡᠭᠦᠨ ᠳᠤ 412 ᠪᠦᠲᠦᠭᠡᠯ ᠡᠯᠰᠡᠵᠤ᠂ ᠨᠣᠮ ᠳᠤ 145 ᠪᠦᠲᠦᠭᠡᠯ  ᠢ ᠴᠤᠭᠯᠠᠭᠤᠯᠪᠠ᠃   2019 ᠣᠨ ᠤ 6 ᠰᠠᠷ᠎ᠠ ᠳᠤ᠂ ᠰᠣᠶᠣᠯ ᠤᠨ ᠣᠷᠳᠣᠨ ᠤ ᠠᠵᠢᠯᠲᠠᠨ ᠤ ᠵᠣᠬᠢᠶᠠᠨ ᠪᠦᠲᠦᠭᠡᠭᠰᠡᠨ ︽ᠲᠠ ᠦᠵᠡ᠂ ᠡᠨᠡ ᠪᠣᠯ ᠳᠠᠷᠤᠶ ᠬᠠᠷ᠎ᠠ ᠬᠠᠷᠭᠢᠰ ᠮᠥᠨ︾ ᠭᠡᠬᠦ 16 ᠱᠤᠭ ᠵᠢᠷᠤᠭ ᠨᠢ ᠰᠤᠷᠤᠯᠴᠠᠯᠭ᠎ᠠ ᠶᠢᠨ ᠬᠦᠴᠦᠷᠬᠡᠭ ᠤᠯᠤᠰ ‍ᠤᠨ‌‍ᠰᠤᠷᠤᠯᠴᠠᠯᠭ᠎ᠠ ᠶᠢᠨ ᠲᠠᠪᠴᠠᠩ᠂ ᠥᠪᠥᠷ ᠮᠣᠩᠭᠤᠯ ᠤᠨ ᠡᠳᠦᠷ ᠤᠨ ᠰᠣᠨᠢᠨ᠂ ᠬᠢᠩᠭᠠᠨ ᠡᠳᠦᠷ ᠤᠨ ᠰᠣᠨᠢᠨ ᠳᠤ ᠨᠠᠶᠢᠳᠡᠯᠡᠭᠦᠯᠵᠠᠢ᠃    ᠲᠦᠴᠢᠦᠸᠠᠨ ᠤ ᠱᠤᠭ ᠵᠢᠷᠤᠭ ᠤᠨ ᠵᠣᠬᠢᠶᠠᠨ ᠪᠦᠲᠦᠭᠡᠯᠭᠡ ᠶᠢᠨ ᠡᠩᠨᠡᠭᠡ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠠᠶᠢᠮᠠᠭ ᠤᠨ ᠲᠠᠰ ᠠᠴᠠ ᠳᠡᠭᠡᠭᠰᠢᠬᠢ ᠰᠣᠨᠢᠨ ᠰᠡᠳᠬᠦᠯ ᠳᠤ 1000 ᠭᠠᠷᠤᠶ ᠪᠦᠲᠦᠭᠡᠯ ᠨᠡᠶᠢᠲᠡᠯᠡᠵᠦ᠂ ᠡᠭᠦᠨ ᠳᠤ ᠮᠤᠵᠢ ᠶᠢᠨ ᠲᠡᠰ ᠤᠨ ᠰᠣᠨᠢᠨ ᠰᠡᠳᠬᠦᠯ 300 ᠭᠠᠷᠤᠶ ᠪᠦᠲᠦᠭᠡᠯ ᠨᠡᠶᠢᠲᠡᠯᠡᠵᠦ᠂ ᠤᠯᠤᠰ  ᠤᠨ ᠲᠡᠰ ᠤᠨ ᠰᠣᠨᠢᠨ ᠰᠡᠳᠬᠦᠯ ᠳᠤ100 ᠭᠠᠷᠤᠶ ᠪᠦᠲᠦᠭᠡᠯ ᠨᠡᠶᠢᠲᠡᠯᠡᠭᠰᠡᠨ ᠪᠥᠭᠡᠳ ᠪᠦᠬᠦ ᠤᠯᠤᠰ ᠤᠨ ᠱᠤᠭ ᠵᠢᠷᠤᠭ ᠤᠨ ᠤᠷᠤᠯᠳᠤᠭᠠᠨ ᠳᠤ ᠣᠯᠠᠨᠲᠠ ᠣᠷᠣᠯᠴᠠᠵᠠᠶ᠃    ᠲᠦᠴᠢᠦᠸᠠᠨ ᠤ ᠱᠤᠭ ᠵᠢᠷᠤᠭ ᠤᠨ ᠬᠥᠭᠵᠢᠯᠲᠡ ᠶᠢ ᠨᠢᠭᠡᠨᠲᠡ ᠲᠤᠰ ᠰᠢᠶᠠᠨ ᠤ ᠣᠯᠠᠨ ᠨᠡᠶᠢᠲᠡ ᠶᠢᠨ ᠰᠣᠶᠣᠯ  ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠣᠷᠣᠭᠤᠯᠵᠤ᠂ ᠣᠯᠠᠨ ᠲᠦᠮᠡᠨᠴᠢ ᠴᠢᠨᠠᠷᠲᠠᠶ ᠪᠠᠶᠢᠵᠤ᠂ ᠵᠣᠬᠢᠶᠠᠨ ᠪᠦᠲᠦᠭᠡᠬᠦ ᠡᠩᠨᠡᠭᠡ ᠨᠢ ᠵᠣᠬᠢᠬᠤ ᠬᠡᠪᠴᠢᠶ᠎ᠡ ᠲᠠᠢ ᠪᠠᠶᠢᠵᠤ᠂  ᠪᠦᠬᠦ ᠰᠢᠶᠠᠨ ᠤ ᠡᠯ᠎ᠡ ᠭᠠᠵᠠᠷ ᠢᠶᠠᠷ ᠥᠷᠭᠡᠨ ᠬᠡᠪᠴᠢᠶ᠎ᠡ ᠪᠠᠷ ᠲᠠᠷᠬᠠᠵᠤ ᠪᠤᠭ᠃ ᠡᠭᠦᠨ ᠳᠤ ᠤᠳᠤᠷᠢᠳᠬᠤ ᠺᠠᠳ᠋ᠷ ᠪᠠᠶᠢᠬᠤ ᠮᠦᠷᠲᠡᠭᠡᠨ ᠣᠯᠠᠨ ᠲᠦᠮᠡᠨ ᠴᠦ ᠪᠤᠢ᠂ ᠠᠵᠢᠯᠴᠢᠨ ᠴᠤ ᠪᠤᠢ᠂ ᠲᠠᠷᠢᠶᠠᠴᠢᠨ ᠴᠤ ᠪᠤᠢ᠃ ᠣᠯᠠᠨ ᠢᠶᠠᠷ ᠢᠶᠠᠨ ᠵᠣᠬᠢᠶᠠᠨ ᠪᠦᠲᠦᠭᠡᠵᠦ᠂ ᠢᠯᠡᠳᠲᠡ ᠠᠮᠵᠢᠯᠲᠠ ᠣᠯᠵᠤ᠂ ᠤᠳᠤ ᠨᠢᠭᠡᠨᠲᠡ ᠲᠦᠴᠢᠦᠸᠠᠨ ᠰᠢᠶᠠᠨ ᠤ ᠰᠣᠶᠣᠯ ᠤᠨ ᠨᠡᠷᠡᠲᠦ ᠲᠡᠮᠳᠡᠭ ᠪᠣᠯᠵᠤ᠂ ᠬᠤᠲᠠ ᠶᠢᠨ ᠪᠣᠯᠪᠠᠰᠤᠨ ᠳᠠᠪᠰᠢᠯᠲᠠ ᠶᠢᠨ ᠨᠡᠷ᠎ᠡ ᠶᠢᠨ ᠬᠠᠭᠤᠳᠠᠰᠤ ᠪᠤᠯᠠᠵᠤ᠂ ᠲᠦᠴᠢᠦᠸᠠᠨ ᠰᠢᠶᠠᠨ ᠤ ᠣᠯᠠᠨ ᠲᠦᠮᠡᠨ ᠤ ᠰᠣᠶᠣᠯ ᠤᠨ ᠦᠩᠭᠡ ᠪᠦᠷᠢ ᠶᠢᠨ ᠴᠡᠴᠡᠭ ᠤᠨ  ᠬᠦᠷᠢᠶᠡᠨ ᠳᠠᠬᠢ ᠭᠠᠶᠢᠬᠠᠮᠰᠢᠭᠲᠤ ᠦᠵᠡᠮᠵᠢ ᠪᠣᠯᠤᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号