ᠲᠦᠴᠢᠦᠸᠠᠨ ᠤ ᠴᠠᠭᠠᠰᠤᠨ ᠬᠠᠶᠢᠴᠢᠯᠠᠮᠠᠯ
ᠨᠡᠶᠢᠲᠡᠯᠡᠭᠰᠡᠨ ᠴᠠᠭ᠄
2021/9/17
   ᠲᠦᠴᠢᠦᠸᠠᠨ ᠤ ᠴᠠᠭᠠᠰᠤᠨ ᠬᠠᠶᠢᠴᠢᠯᠠᠮᠠᠯ ᠪᠤᠯ ᠤᠷᠲᠦ ᠤᠳᠠᠭᠠᠨ ᠲᠡᠦᠬᠡ ᠲᠠᠢ᠂ ᠬᠤᠯᠠ ᠥᠢᠷ᠎ᠠ ᠳᠤ ᠠᠯᠲᠠᠷᠰᠢᠭᠰᠠᠨ ᠳᠤᠮᠳᠠᠲᠦ ᠶᠢᠨ ᠤᠯᠠᠮᠵᠢᠯᠠᠯᠲᠦ ᠰᠤᠶᠤᠯ ᠤᠨ ᠨᠢᠭᠡ ᠵᠦᠢᠯ ᠮᠦᠨ᠃ ᠳᠡᠭᠡᠷ᠎ᠡ ᠵᠠᠭᠤᠨ ᠤ ᠬᠤᠷᠢ᠂ ᠭᠤᠴᠢᠭᠠᠳ ᠣᠨ ᠤ ᠦᠶ᠎ᠡ ᠳᠤ᠂ ᠱᠠᠨᠳᠦ᠋ᠩ᠂ ᠯᠢᠶᠣᠤᠨᠢᠩ᠂ ᠾᠧᠪᠸᠢ ᠵᠡᠷᠭᠡ ᠭᠠᠵᠠᠷ ᠤᠨ ᠵᠡᠭᠦᠨ ᠬᠤᠶᠢᠲᠤ ᠣᠷᠣᠨ ᠢ ᠲᠤᠭᠤᠯᠤᠭᠰᠠᠨ ᠨᠡᠭᠦᠳᠡᠯᠴᠢᠨ ᠢᠶᠠᠷ ᠳᠠᠮᠵᠢᠨ ᠮᠠᠨ ᠤ ᠰᠢᠶᠠᠨ ᠳᠤ ᠤᠯᠡᠮᠵᠢᠯᠡᠭᠳᠡᠪᠡ᠃ ᠲᠦᠴᠢᠦᠸᠠᠨ ᠤ ᠴᠠᠭᠠᠰᠤᠨ ᠬᠠᠶᠢᠴᠢᠯᠠᠮᠠᠯ ᠨᠢ ᠰᠡᠳᠦᠪᠯᠡᠬᠦᠨ ᠥᠷᠭᠡᠨ ᠳᠡᠯᠭᠡᠷ᠂ ᠤᠨᠴᠠᠭᠠᠢ  ᠬᠡᠪ ᠨᠠᠮᠪᠠ ᠪᠠᠷ ᠢᠶᠠᠨ ᠦᠶ᠎ᠡ ᠦᠶ᠎ᠡ ᠤᠯᠠᠷᠢᠨ ᠬᠦᠭᠵᠢᠭᠰᠡᠭᠡᠷ ᠦᠪᠡᠷ ᠤᠨ ᠢᠶᠠᠨ ᠭᠡᠰᠡᠨ ᠦᠪᠡᠷᠮᠢᠴᠡ ᠤᠨᠴᠠᠯᠢᠭ ᠢ ᠪᠦᠷᠢᠯᠳᠦᠭᠦᠯᠪᠡ᠃    2009 ᠣᠨ ᠳᠤ ᠲᠦᠴᠢᠦᠸᠠᠨ ᠤ ᠴᠠᠭᠠᠰᠤᠨ ᠬᠠᠶᠢᠴᠢᠯᠠᠮᠠᠯ ᠨᠢ ᠥᠪᠥᠷ ᠮᠣᠩᠭᠤᠯ ᠤᠨ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃    ᠵᠠᠩ ᠶᠠᠨ ᠵᠧᠨ᠂ ᠰᠢᠤᠢ ᠬᠦᠶ ᠷᠦᠩ᠂ ᠯᠢᠨ ᠱᠤ᠋ ᠯᠠᠨ᠂ ᠬᠠᠨ ᠬᠦᠶ ᠶᠦᠨ ᠵᠡᠷᠭᠡ ᠪᠤᠯ ᠠᠬᠠᠮᠠᠳ ᠨᠢᠭᠡ ᠦᠶ᠎ᠡ ᠶᠢᠨ ᠲᠦᠴᠢᠦᠸᠠᠨ ᠶᠢᠨ ᠠᠷᠠᠳ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠪᠣᠯᠤᠨ᠎ᠠ᠃ ᠲᠡᠳᠡᠨᠦᠰ  ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠶᠡᠷᠦ ᠳᠤ ᠪᠠᠨ ᠬᠤᠸᠠᠷ ᠠᠮᠢᠲᠠᠨ ᠢᠶᠠᠷ ᠰᠡᠳᠦᠪᠯᠡᠵᠤ᠂ ᠴᠠᠭᠠᠰᠤᠨ ᠬᠠᠶᠢᠴᠢᠯᠠᠮᠠᠯ ᠤᠨ ᠠᠷᠭ᠎ᠠ ᠪᠠᠷᠢᠯ ᠨᠢ ᠪᠣᠷᠣᠭᠵᠢᠭᠤᠨ᠂ ᠤᠯᠠᠮᠵᠢᠯᠠᠯᠲᠤ ᠮᠦᠷᠲᠡᠭᠡᠨ ᠴᠢᠮᠡᠭᠯᠡᠯ ᠤᠨ ᠦᠨᠦᠷ  ᠭᠦᠨ ᠵᠤᠵᠠᠭᠠᠨ ᠪᠠᠶᠢᠵᠤ᠂ ᠬᠠᠭᠤᠴᠢᠨ ᠮᠠᠶ᠋ᠢᠭ ᠤᠨ ᠴᠣᠩᠬᠤᠨ ᠬᠤᠸᠠᠷ ᠤᠨ ᠬᠠᠶᠢᠴᠢᠯᠠᠮᠠᠯ ᠤᠨ ᠣᠷᠣᠮ ᠢᠯᠡᠷᠬᠡᠢ ᠪᠠᠶᠢᠳᠠᠭ   ᠵᠤᠤ ᠿᠢ ᠰᠢᠶᠠ᠂ ᠭᠤᠤ ᠰᠢᠤᠸᠠᠢ ᠬᠤᠸᠠ᠂ ᠴᠧᠨ ᠶᠠᠨ ᠬᠤᠢ᠂ ᠯᠢᠦ ᠱᠤ᠋ ᠵᠢᠶᠤᠤ ᠪᠣᠯ ᠬᠤᠶᠠᠳᠤᠭᠠᠷ ᠦᠶ᠎ᠡ  ᠶᠢᠨ ᠲᠦᠴᠢᠦᠸᠠᠨ ᠤ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠪᠥᠭᠡᠳ ᠲᠦᠴᠢᠦᠸᠠᠨ ᠤ ᠴᠠᠭᠠᠰᠤᠨ ᠬᠠᠶᠢᠴᠢᠯᠠᠮᠠᠯ ᠤᠨ ᠲᠤᠯᠭᠠᠭᠤᠷᠢ ᠬᠦᠴᠦᠨ ᠪᠣᠯᠤᠨ᠎ᠠ᠃ ᠲᠡᠳᠡᠨᠤᠰ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠠᠷᠠᠳ ᠤᠨ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠵᠠᠯᠭᠠᠮᠵᠢᠯᠠᠬᠤ ᠶᠢᠨ ᠬᠠᠮᠲᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠰᠡᠳᠦᠪ ᠤᠨ ᠲᠠᠯ᠎ᠠ ᠪᠠᠷ ᠴᠠᠭ ᠦᠶ᠎ᠡ ᠲᠠᠢ ᠨᠢᠭᠲᠠ ᠤᠶᠠᠯᠳᠤᠭᠤᠯᠵᠤ᠂ ᠪᠣᠳᠠᠲᠤ ᠠᠮᠢᠳᠤᠷᠠᠯ ᠢ ᠢᠯᠡᠷᠡᠭᠦᠯᠵᠦ᠂ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠢ ᠨᠡᠶᠢᠭᠡᠮ ᠳᠤ ᠦᠶᠯᠡᠴᠢᠯᠡᠭᠦᠯᠪᠡ᠃ ᠵᠢᠱᠢᠶᠡᠯᠡᠪᠡᠯ᠂  ᠭᠤᠤ ᠰᠢᠤᠸᠠᠢ ᠬᠤᠸᠠ ᠶᠢᠨ ᠬᠠᠶᠢᠴᠢᠯᠠᠮᠠᠯ ︽ᠬᠥᠳᠡᠭᠡ ᠲᠣᠰᠬᠤᠨ ᠤ ᠰᠢᠨ᠎ᠡ ᠳᠦᠷᠰᠦ︾  ᠂ ︽ᠪᠠᠶᠠᠰᠬᠤᠯᠠᠩᠲᠤ ᠲᠠᠯ᠎ᠠ ᠨᠤᠲᠤᠭ︾  ᠂ ᠵᠤᠤ ᠿᠢ ᠰᠢᠶᠠ ᠶᠢᠨ ᠬᠠᠢᠴᠢᠯᠠᠮᠠᠯ ︽ᠤᠷᠤᠭᠯᠠᠵᠤ ᠬᠥᠩᠭᠡᠵᠢᠬᠦ ᠰᠢᠨ᠎ᠡ ᠰᠤᠷᠲᠡᠯ ᠲᠦᠮᠡᠨ ᠡᠷᠦᠬᠡ ᠳᠤ ᠤᠷᠤᠭᠰᠠᠨ ᠨᠢ︾᠂ ︽ᠲᠠᠷᠢᠶᠠᠴᠢᠨ ᠠᠶᠢᠯ ᠤᠨ ᠠᠷᠪᠠᠨ ᠬᠤᠶᠠᠷ ᠰᠠᠷ᠎ᠠ︾᠂ ︽ᠠᠷᠪᠠ ᠶᠢ ᠪᠦᠷᠬᠦᠭᠦᠯᠬᠦ︾︔ ᠯᠢᠦ ᠱᠤ᠋ ᠶᠦᠨ ᠤ ᠬᠠᠶᠢᠴᠢᠯᠠᠮᠠᠯ ︽ ᠤᠯᠡᠨ ᠢᠶᠠᠷ ᠢᠶᠠᠨ ᠰᠡᠳᠭᠢᠯ ᠨᠢᠭᠡᠲᠦᠨ ᠭᠠᠮᠰᠢᠭ ᠲᠠᠢ ᠡᠰᠡᠷᠭᠦᠴᠡᠬᠦ︾ ᠭᠡᠬᠦ ᠮᠡᠲᠦ᠃ ᠲᠡᠳᠡ ᠵᠣᠬᠢᠶᠠᠨ ᠪᠦᠲᠦᠭᠡᠬᠦ ᠶᠢ ᠪᠠᠷᠢᠮᠲᠠᠯᠠᠬᠤ ᠶᠢᠨ ᠬᠠᠮᠲᠤ ᠪᠠᠰᠠ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠱᠠᠪᠢ ᠳᠠᠭᠠᠭᠤᠯᠬᠤ ᠬᠡᠯᠪᠡᠷᠢ ᠪᠠᠷ ᠲᠦᠴᠢᠦᠸᠠᠨ ᠤ ᠴᠠᠭᠠᠰᠤᠨ ᠬᠠᠶᠢᠴᠢᠯᠠᠮᠠᠯ ᠢ ᠤᠯᠠᠮᠵᠢᠯᠠᠪᠠ᠃    ᠭᠤᠤ ᠰᠢᠤᠸᠠᠢ ᠬᠤᠸᠠ᠂ ᠵᠤᠤ ᠿᠢ ᠰᠢᠶᠠ᠂ ᠴᠧᠨ ᠶᠠᠨ ᠬᠤᠢ ᠬᠢᠩᠭᠠᠨ ᠠᠶᠢᠮᠠᠭ ᠤᠨ ᠨᠢᠭᠡᠳᠦᠭᠡᠷ ᠪᠦᠯᠦᠭ  ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ᠲᠦᠴᠢᠦᠸᠠᠨ ᠤ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ  ᠪᠠᠷ ᠨᠡᠷᠡᠶᠢᠳᠦᠭᠳᠡᠪᠡ᠃ 2016 ᠣᠨ ᠳᠤ ᠵᠤᠤ ᠿᠢ ᠰᠢᠶᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠲᠠᠪᠤᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ  ᠪᠤᠯᠬᠤ ᠲᠦᠴᠢᠦᠸᠠᠨ ᠤ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠪᠠᠷ ᠨᠡᠷᠡᠶᠢᠳᠦᠭᠳᠡᠵᠡᠶ᠃    ᠲᠦᠴᠢᠤᠸᠠᠨ ᠤ ᠴᠠᠭᠠᠰᠦᠨ ᠬᠠᠶᠢᠴᠢᠯᠠᠮᠡᠯ ᠤᠨ ᠤᠷᠠᠯᠢᠭ ᠢ ᠤᠯᠡᠮ ᠰᠠᠶᠢᠨ ᠬᠠᠮᠠᠭᠠᠯᠠᠵᠤ᠂ ᠤᠯᠠᠮᠵᠢᠯᠠᠬᠤ ᠶᠢᠨ ᠲᠦᠯᠦᠭᠡ᠂ ᠲᠦᠴᠢᠦᠸᠠᠨ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠯᠪᠠᠨ ᠭᠡᠷ ᠶᠠᠷᠢᠯᠴᠠᠬᠤ ᠬᠤᠷᠠᠯ ᠬᠤᠷᠠᠯᠳᠤᠭᠤᠯᠬᠤ᠂ ᠬᠥᠳᠡᠭᠡ ᠪᠠᠭᠤᠵᠤ ᠰᠤᠷᠪᠤᠯᠵᠢᠯᠠᠬᠤ ᠵᠡᠷᠭᠡ ᠬᠡᠯᠪᠡᠷᠢ ᠪᠠᠷ ᠲᠦᠴᠢᠦᠸᠠᠨ ᠪᠠᠯᠭᠠᠰᠤᠨ ᠳᠠᠬᠢ ᠠᠷᠠᠳ ᠤᠨ ᠳᠤᠮᠳᠠᠬᠢ ᠴᠠᠭᠠᠰᠤᠨ ᠬᠠᠶᠢᠴᠢᠯᠠᠮᠡᠯ ᠤᠨ ᠤᠷᠡᠴᠢᠨ ᠢ ᠡᠷᠢᠵᠦ᠂ ᠠᠷᠠᠳ ᠤᠨ ᠳᠤᠮᠳᠠᠬᠢ ᠬᠡᠰᠡᠭ ᠬᠤᠪᠣᠷ ᠨᠠᠨᠳᠢᠨ ᠴᠠᠭᠠᠰᠤᠨ ᠬᠠᠶᠢᠴᠢᠯᠠᠮᠠᠯ ᠪᠦᠲᠦᠭᠡᠯ ᠢ ᠴᠤᠭᠯᠠᠭᠤᠯᠵᠤ᠂ ᠡᠮᠬᠢᠳᠬᠡᠵᠦ᠂ ᠵᠠᠪᠳᠤᠨ ᠠᠪᠤᠷᠠᠵᠤ᠂ 2013 ᠣᠨ 5 ᠰᠠᠷ᠎ᠠ ᠳᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠪᠣᠯᠬᠤ ︽ᠲᠦᠴᠢᠦᠸᠠᠨ ᠤ ᠴᠠᠭᠠᠰᠤᠨ ᠬᠠᠶᠢᠴᠢᠯᠠᠮᠠᠯ︾ ᠤᠨ ᠵᠢᠷᠤᠭ ᠤᠨ ᠲᠡᠭᠦᠪᠦᠷᠢ ᠶᠢ ᠬᠡᠪᠯᠡᠭᠦᠯᠵᠤ᠂《 ᠲᠦᠴᠢᠦᠸᠠᠨ ᠤ ᠴᠠᠭᠠᠰᠤᠨ ᠬᠠᠶᠢᠴᠢᠯᠠᠮᠠᠯ 》 ᠳᠤ 12 ᠵᠣᠬᠢᠶᠠᠭᠴᠢ ᠶᠢᠨ 297 ᠪᠦᠲᠦᠭᠡᠯ ᠢ ᠣᠷᠣᠭᠤᠯᠵᠠᠶ᠃    ᠣᠳᠣᠬᠠᠨ ᠳᠤ᠂ ᠲᠦᠴᠢᠦᠸᠠᠨ ᠤ ᠴᠠᠭᠠᠰᠤᠨ ᠬᠠᠶᠢᠴᠢᠯᠠᠮᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠢᠶᠠᠷ ᠲᠦᠰᠢᠭ ᠪᠣᠯᠭᠠᠵᠤ᠂ ᠣᠷᠣᠨ ᠤ ᠲᠡᠰ  ᠤᠨ ᠤᠯᠠᠮᠵᠢᠯᠠᠭᠴᠢ ᠵᠤᠤ ᠿᠢ ᠰᠢᠶᠠ ᠪᠠᠷ ᠳᠠᠭᠠᠭᠤᠯᠤᠭᠴᠢ ᠪᠣᠯᠭᠠᠵᠤ᠂ ᠭᠠᠷ ᠬᠠᠶᠢᠴᠢᠯᠠᠮᠠᠯ ᠤᠨ ᠤᠷᠠᠯᠢᠭ ᠤᠨ ᠦᠶᠯᠡᠳᠬᠡᠯ ᠢᠶᠠᠷ ᠰᠠᠭᠤᠷᠢᠨ ᠪᠣᠯᠭᠠᠵᠤ᠂ ᠮᠠᠰᠢ ᠣᠯᠠᠨ ᠵᠢᠭᠤᠯᠴᠢᠯᠠᠯ ᠤᠨ ᠬᠠᠶᠢᠴᠢᠯᠠᠮᠠᠯ ᠤᠨ ᠪᠦᠲᠦᠭᠡᠯ ᠢ ᠨᠡᠭᠡᠭᠡᠵᠦ᠂ ᠴᠤᠯᠤ ᠬᠠᠶᠢᠴᠢᠯᠠᠮᠠᠯ᠂ ᠥᠩᠭᠡᠯᠡᠬᠦ ᠬᠠᠶᠢᠴᠢᠯᠠᠮᠠᠯ᠂ ᠳ᠋ᠧᠩ ᠤᠨ ᠬᠠᠶᠢᠴᠢᠯᠠᠮᠠᠯ ᠴᠠᠭᠠᠰᠤ᠂ ᠵᠦᠶᠮᠡᠯ ᠴᠠᠭᠠᠰᠤᠨ ᠬᠠᠶᠢᠴᠢᠯᠠᠮᠠᠯ᠂ ᠪᠣᠰᠤᠭ᠎ᠠ ᠬᠠᠶᠢᠴᠢᠯᠠᠮᠠᠯ᠂ ᠪᠦᠲᠦᠭᠡᠯᠴᠢ ᠴᠠᠭᠠᠰᠤᠨ ᠤᠷᠠᠯᠠᠯ᠂ ᠬᠠᠶᠢᠴᠢᠯᠠᠮᠠᠯ ᠵᠡᠷᠭᠡ ᠠᠭᠤᠯᠭ᠎ᠠ ᠪᠣᠶ᠃ ᠡᠭᠦᠨ ᠳᠤ ᠭᠤᠤᠯ ᠪᠣᠯᠬᠤ ᠵᠦᠶᠯ ᠳᠤ ᠤᠯᠠᠮᠵᠢᠯᠠᠯᠲᠤ ᠴᠢᠮᠡᠭᠯᠡᠯ ᠤᠨ ᠵᠦᠶᠯ᠂ ᠬᠤᠪᠢ ᠬᠥᠮᠦᠨ ᠤ ᠵᠠᠬᠢᠯᠭ᠎ᠠ ᠶᠢᠨ ᠵᠦᠶᠯ ᠭᠡᠵᠦ ᠪᠤᠢ᠃ ᠠᠭᠤᠯᠭ᠎ᠠ ᠶᠢᠨ ᠲᠠᠯ᠎ᠠ ᠪᠠᠷ ᠯᠢᠶᠣᠤ ᠤᠯᠤᠰ ᠪᠠ ᠠᠯᠲᠠᠨ ᠤᠯᠤᠰ ᠤᠨ ᠰᠣᠶᠣᠯ ᠢᠶᠠᠷ ᠳᠡᠪᠢᠰᠬᠡᠷ ᠪᠣᠯᠭᠠᠭᠰᠠᠨ ᠮᠣᠩᠭᠤᠯ ᠡᠯᠧᠮᠧᠨ᠋ᠲ ᠤᠨ ᠪᠦᠲᠦᠭᠡᠯ᠂ ᠲᠦᠴᠢᠦᠸᠠᠨ ᠤ ᠠᠷᠠᠳ ᠤᠨ ᠠᠮᠠᠨ ᠦᠯᠢᠭᠡᠷ ᠢᠶᠠᠷ ᠭᠤᠤᠯ ᠱᠤᠭᠤᠮ ᠪᠣᠯᠭᠠᠭᠰᠠᠨ ᠴᠠᠭᠠᠰᠤᠨ ᠬᠠᠶᠢᠴᠢᠯᠠᠮᠠᠯ ᠪᠦᠲᠦᠭᠡᠯ᠂ ᠪᠣᠳᠠᠲᠤ ᠠᠮᠢᠳᠤᠷᠠᠯ ᠢ ᠵᠢᠷᠤᠭᠯᠠᠭᠰᠠᠨ ᠴᠠᠭᠠᠰᠤᠨ ᠬᠠᠶᠢᠴᠢᠯᠠᠮᠠᠯ ᠪᠦᠲᠦᠭᠡᠯ᠂ ᠥᠯᠵᠡᠶ ᠪᠡᠯᠭᠡ ᠲᠠᠢ ᠪᠡᠯᠭᠡᠳᠡᠯ ᠤᠨ ᠪᠦᠲᠦᠭᠡᠯ ᠵᠡᠷᠭᠡ ᠪᠤᠢ᠃ ᠣᠳᠣᠬᠠᠨ ᠳᠤ ᠰᠢᠨ᠎ᠡ ᠪᠠᠷ ᠨᠡᠭᠡᠭᠡᠭᠰᠡᠨ ᠲᠥᠷᠥᠯ ᠵᠦᠶᠯ ᠳᠤ ᠤᠯᠠᠮᠵᠢᠯᠠᠯᠲᠤ ᠴᠠᠭᠠᠰᠤᠨ ᠬᠠᠶᠢᠴᠢᠯᠠᠮᠠᠯ + ᠵᠢᠭᠤᠯᠴᠢᠯᠠᠯ᠂ ᠴᠠᠭᠠᠰᠤᠨ ᠬᠠᠶᠢᠴᠢᠯᠠᠮᠠᠯ ᠵᠢᠭᠤᠯᠴᠢᠯᠠᠯ ᠤᠨ ᠪᠦᠲᠦᠭᠡᠭᠳᠡᠬᠦᠨ ᠳᠤ ᠭᠤᠤᠯᠳᠠᠭᠤ ᠴᠠᠭᠠᠰᠤᠨ ᠬᠠᠶᠢᠴᠢᠯᠠᠮᠠᠯ ᠰᠠᠩᠰᠠ᠂ ᠪᠦᠲᠦᠭᠡᠯᠴᠢ ᠵᠢᠵᠢᠭ ᠲᠠᠯᠪᠢᠭᠤᠷ᠂ ᠵᠢᠭᠤᠯᠴᠢᠯᠠᠭᠴᠢᠳ ᠤᠨ ᠦᠩᠭᠡᠷᠡᠭᠡᠯᠲᠡ ᠮᠠᠶ᠋ᠢᠭ ᠤᠨ ᠴᠠᠭᠠᠰᠤᠨ ᠬᠠᠶᠢᠴᠢᠯᠠᠮᠠᠯ ᠵᠡᠷᠭᠡ ᠪᠤᠢ᠃ ᠤᠯᠠᠮᠵᠢᠯᠠᠯᠲᠤ ᠴᠠᠭᠠᠰᠤᠨ ᠬᠠᠶᠢᠴᠢᠯᠠᠮᠠᠯ + ᠰᠣᠶᠣᠯ ᠳᠤ ᠣᠳᠣᠬᠠᠨ ᠳᠤ ᠭᠤᠤᠯ ᠪᠦᠲᠦᠭᠡᠭᠳᠡᠬᠦᠨ ᠪᠤᠯᠬᠤ ᠴᠠᠭᠠᠰᠤᠨ ᠬᠠᠶᠢᠴᠢᠯᠠᠮᠠᠯ ᠪᠢᠴᠢᠭ ᠤᠨ ᠱᠣᠰᠢᠭ᠎ᠠ᠂ ᠳᠤᠮᠳᠠᠳᠤ ᠤᠯᠤᠰ ᠠᠴᠠ ᠰᠠᠯᠬᠢᠨ ᠡᠯᠭᠦᠭᠦᠷ᠂ ᠴᠠᠭᠠᠰᠤᠨ ᠤᠷᠠᠯᠢᠭ ᠤᠨ ᠭᠡᠷᠡᠯ ᠵᠢᠷᠤᠭ ᠤᠨ ᠬᠡᠷᠡᠮ ᠵᠡᠷᠭᠡ ᠪᠠᠶᠢᠵᠤ᠂ ᠲᠦᠴᠢᠦᠸᠠᠨ ᠤ ᠬᠠᠶᠢᠴᠢᠯᠠᠮᠠᠯ ᠠᠭᠠᠵᠢᠮ ᠢᠶᠠᠷ ᠲᠦᠴᠢᠦᠸᠠᠨ ᠤ ᠵᠢᠭᠤᠯᠴᠢᠯᠠᠯ ᠤᠨ ᠪᠦᠲᠦᠭᠡᠭᠳᠡᠬᠦᠨ ᠳᠤ ᠥᠩᠭᠡ ᠨᠡᠮᠡᠷᠢᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号