ᠱᠦᠶ ᠴᠢᠤᠸᠠᠨ ᠪᠦ᠋ ᠶᠠᠩ ᠡᠪᠡᠰᠦᠨ ᠭᠦᠷᠦᠮᠡᠯ
ᠨᠡᠶᠢᠲᠡᠯᠡᠭᠰᠡᠨ ᠴᠠᠭ᠄
2021/9/17
   ᠱᠦᠶ ᠴᠢᠤᠸᠠᠨ ᠪᠦ᠋ ᠶᠠᠩ ᠡᠪᠡᠰᠦᠨ ᠭᠦᠷᠦᠮᠡᠯ   ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ  ᠪᠤᠯᠤᠨ᠎ᠠ᠃ ᠡᠪᠡᠰᠦᠨ ᠭᠦᠷᠦᠮᠡᠯ ᠤᠨ ᠭᠠᠷ ᠤᠷᠠᠯᠠᠯ ᠪᠣᠯ ᠲᠦᠴᠢᠦᠸᠠᠨ ᠤ ᠤᠯᠠᠮᠵᠢᠯᠠᠯᠲᠤ ᠭᠠᠷ ᠤᠷᠠᠯᠠᠯ᠂ ᠡᠭᠦᠨ ᠤ ᠳᠣᠲᠣᠷ᠎ᠠ ᠣᠨᠴᠠᠭᠠᠶᠢᠯᠠᠨ ᠱᠦᠶ ᠴᠢᠤᠸᠠᠨ ᠪᠠᠯᠭᠠᠰᠤᠨ ᠤ ᠡᠪᠡᠰᠦᠨ ᠭᠦᠷᠦᠮᠡᠯ ᠤᠨ ᠭᠠᠷ ᠤᠷᠠᠯᠠᠯ ᠬᠠᠮᠤᠭ ᠨᠡᠷᠡᠲᠡᠢ᠃ ᠠᠯᠢ ᠡᠷᠲᠡ ᠢᠷᠭᠡᠨ ᠤᠯᠤᠰ ᠤᠨ ᠦᠶ᠎ᠡ ᠳᠤ ᠭᠠᠳᠠᠭᠠᠲᠦ ᠮᠤᠵᠢ ᠶᠢᠨ ᠨᠡᠭᠦᠳᠡᠯᠴᠢᠨ ᠠᠷᠠᠳ ᠠᠳᠡ ᠨᠤᠲᠤᠭᠰᠢᠵᠤ᠂ ᠤᠷᠳᠤ ᠰᠢᠷᠬᠡᠭᠯᠢᠭ ᠰᠢᠰᠢ ᠡᠪᠡᠰᠦ᠂ ᠰᠢᠷ᠎ᠠ ᠴᠢᠬᠢ᠂ ᠰᠢᠯᠦᠬᠡᠶ ᠡᠪᠡᠰᠦ ᠶᠢᠨ ᠡᠰᠢ ᠶᠢ ᠠᠰᠢᠭᠯᠠᠨ ᠡᠯ᠎ᠡ ᠵᠦᠶᠯ ᠤᠨ ᠤᠷᠠᠨ ᠨᠠᠷᠢᠯᠢᠭ ᠠᠮᠢᠳᠤᠷᠠᠯ ᠤᠨ ᠬᠡᠷᠡᠭᠰᠡᠯ ᠪᠣᠯᠭᠠᠨ ᠬᠥᠷᠥᠵᠦ᠂ ᠥᠩᠭᠡ ᠢᠯᠭᠠᠷᠠᠮ᠎ᠠ ᠬᠡ ᠤᠭᠠᠯᠵᠠ ᠪᠠᠷ ᠴᠢᠮᠡᠭᠯᠡᠵᠦ᠂ ᠨᠠᠷᠢᠯᠢᠭ ᠰᠠᠶᠢᠬᠠᠨ᠂ ᠳᠥᠭᠦᠮ ᠠᠪᠰᠠᠷᠬᠠᠨ᠂ ᠨᠢᠭᠡ ᠵᠦᠶᠯ ᠤᠨ ᠨᠡᠷᠡᠲᠦ ᠭᠠᠷᠤᠯᠲᠠ ᠪᠤᠯᠪᠠ᠃ ᠱᠦᠶ ᠴᠢᠤᠸᠠᠨ ᠡᠪᠡᠰᠦᠨ ᠭᠦᠷᠦᠮᠡᠯ ᠨᠢ ᠴᠡᠪᠡᠷ ᠪᠠᠶᠢᠭᠠᠯᠢᠯᠢᠭ᠂ ᠪᠣᠬᠢᠷᠲᠤᠯ ᠦᠭᠡᠢ ᠲᠦᠭᠦᠬᠡᠶ ᠮᠠᠲ᠋ᠧᠷᠢᠶᠠᠯ ᠢ ᠠᠰᠢᠭᠯᠠᠨ᠂ ᠤᠯᠠᠮᠵᠢᠯᠠᠯᠲᠤ ᠭᠠᠷ ᠤᠷᠠᠯᠠᠯ ᠬᠢᠭᠡᠳ ᠤᠷ᠎ᠠ ᠮᠡᠷᠭᠡᠵᠢᠯ ᠢ ᠬᠡᠷᠡᠭᠯᠡᠨ ᠦᠶᠯᠡᠳᠪᠦᠷᠢᠯᠡᠯ ᠠᠮᠢᠳᠤᠷᠠᠯ ᠤᠨ ᠬᠡᠷᠡᠭᠰᠡᠯ ᠪᠠ ᠭᠠᠷ ᠤᠷᠠᠯᠠᠯ ᠤᠨ ᠪᠦᠲᠦᠭᠡᠭᠳᠡᠬᠦᠨ ᠢ ᠦᠶᠯᠡᠳᠴᠦ᠂ ᠠᠷᠠᠳ ᠤᠨ ᠰᠣᠶᠣᠯ ᠤᠷᠠᠯᠢᠭ ᠤᠨ ᠠᠭᠤᠯᠤᠭᠳᠠᠬᠤᠨ ᠢ ᠢᠯᠡᠷᠡᠭᠦᠯᠵᠦ᠂ ᠢᠯᠡ ᠲᠣᠳᠣ ᠣᠷᠣᠨ ᠨᠤᠲᠤᠭ ᠤᠨ ᠣᠨᠴᠠᠯᠢᠭ ᠢ  ᠪᠦᠷᠢᠯᠳᠦᠭᠦᠯᠵᠤ᠂ ᠪᠦᠲᠦᠭᠡᠭᠳᠡᠬᠦᠨ ᠨᠢ ᠨᠠᠩ ᠴᠤ ᠳᠣᠲᠣᠭᠠᠳᠤ ᠭᠠᠳᠠᠭᠠᠳᠤ ᠳᠤ ᠠᠯᠳᠠᠷᠰᠢᠵᠠᠶ᠃      ᠱᠦᠶ ᠴᠢᠤᠸᠠᠨ ᠡᠪᠡᠰᠦᠨ ᠭᠦᠷᠦᠮᠡᠯ ᠤᠨ ᠭᠠᠷ ᠤᠷᠠᠯᠠᠯ ᠤᠨ ᠲᠥᠷᠥᠯ ᠵᠦᠶᠯ ᠨᠢ ᠭᠤᠷᠪᠠᠨ ᠶᠡᠭᠡ ᠰᠢᠷᠢᠰ ᠪᠠᠶᠢᠵᠤ᠂ 20 ᠭᠠᠷᠤᠶ ᠵᠦᠶᠯ ᠤᠨ ᠬᠡᠯᠪᠡᠷᠢ ᠮᠠᠶ᠋ᠢᠭ ᠲᠠᠢ᠃ ᠱᠦᠶ ᠴᠢᠤᠸᠠᠨ ᠤ ᠣᠨᠴᠠᠭᠠᠢ ᠤᠰᠤ ᠰᠢᠷᠣᠶ ᠠᠴᠠ ᠤᠷᠭᠤᠭᠰᠠᠨ ᠤᠷᠳᠤ ᠰᠢᠷᠬᠡᠭᠯᠢᠭ ᠰᠢᠰᠢ ᠡᠪᠡᠰᠦ᠂ ᠰᠢᠷ᠎ᠠ ᠴᠢᠬᠢ᠂ ᠬᠤᠪᠣᠷ ᠴᠤᠬᠠᠭ ᠰᠢᠯᠦᠬᠡᠶ ᠡᠪᠡᠰᠦ ᠶᠢᠨ ᠦᠩᠭᠡ ᠪᠤᠳᠤᠭ ᠨᠢ ᠭᠦᠢᠬᠡᠨ ᠬᠡᠭᠡᠨᠴᠢᠷ᠂ ᠴᠢᠨᠠᠷ ᠰᠠᠶᠢᠲᠠᠶ᠂ ᠲᠡᠭᠦᠨ ᠢᠶᠠᠷ ᠭᠦᠷᠦᠵᠤ ᠭᠠᠷᠭᠠᠭᠰᠠᠨ ᠡᠪᠡᠰᠦᠨ ᠬᠦᠷᠦᠮᠡᠯ ᠨᠢ ᠵᠢᠷᠤᠭᠠᠰᠤ ᠶᠢᠨ ᠬᠡ ᠨᠢ ᠲᠣᠳᠣᠷᠬᠠᠶ᠂ ᠨᠠᠷᠢᠨ ᠵᠢᠭᠳᠡ᠂ ᠴᠢᠩᠭ᠎ᠠ ᠰᠤᠯᠠᠬᠠᠨ᠂ ᠴᠡᠪᠡᠷ ᠴᠡᠮᠴᠡᠭᠡᠷ᠃ ᠨᠡᠩ ᠴᠦ ᠶᠠᠩᠵᠤ ᠬᠡᠯᠪᠡᠷᠢ ᠨᠢ ᠰᠢᠨ᠎ᠡ ᠰᠣᠷᠭᠤᠭ᠂ ᠥᠩᠭᠡ ᠪᠤᠳᠤᠭ ᠨᠢ ᠪᠠᠶᠠᠯᠢᠭ᠂ ᠭᠠᠷ ᠤᠷᠠᠯᠠᠯ ᠨᠢ ᠨᠠᠷᠢᠯᠢᠭ ᠪᠠᠶᠢᠵᠤ᠂ ᠦᠪᠦᠷ ᠮᠤᠩᠭᠤᠯ ᠤᠨ ᠭᠠᠵᠠᠷ ᠤᠷᠤᠨ ᠤ ᠦᠨᠳᠦᠰᠦᠲᠡᠨ ᠤ ᠵᠠᠩ ᠵᠠᠩᠰᠢᠯ ᠢ ᠠᠭᠤᠰᠬᠠᠨ᠂ ᠨᠠᠩ ᠴᠤ ᠦᠨᠳᠦᠰᠦᠲᠡᠨ ᠤ ᠣᠷᠣᠨ ᠨᠤᠲᠤᠭ ᠤᠨ ᠣᠨᠴᠠᠯᠢᠭ ᠲᠠᠢ ᠡᠪᠡᠰᠦᠨ ᠭᠦᠷᠦᠮᠡᠯ ᠤᠨ ᠭᠠᠷ ᠤᠷᠠᠯᠠᠯ ᠪᠣᠶ ᠪᠣᠯᠤᠭᠰᠠᠨ ᠪᠠᠶᠢᠨ᠎ᠠ᠃ ᠡᠪᠡᠰᠦᠨ ᠭᠦᠷᠦᠮᠡᠯ ᠤᠨ ᠪᠦᠲᠦᠭᠡᠭᠳᠡᠬᠦᠨ ᠳᠤ ᠡᠯ᠎ᠡ ᠵᠦᠶᠯ ᠤᠨ ᠭᠠᠷ ᠤᠷᠠᠯᠠᠯ ᠤᠨ ᠱᠦᠭᠦᠷ ᠵᠢᠴᠢ ᠭᠠᠷ ᠤᠷᠠᠯᠠᠯ ᠤᠨ ᠵᠢᠵᠢᠭ ᠵᠠᠰᠠᠯ ᠴᠢᠮᠡᠭᠯᠡᠯ ᠵᠡᠷᠭᠡ ᠪᠠᠶᠢᠵᠤ᠂ ᠬᠥᠳᠡᠭᠡ ᠨᠤᠲᠤᠭ ᠤᠨ ᠠᠭᠤᠷ ᠠᠮᠢᠰᠬᠤᠯ ᠢᠶᠠᠷ ᠪᠢᠯᠬᠠᠮ᠎ᠠ ᠪᠥᠭᠡᠳ ᠭᠠᠷ ᠨᠡᠬᠡᠮᠡᠯ ᠤᠨ ᠪᠠᠶᠢᠭᠠᠯᠢ ᠶᠢᠨ ᠭᠤᠸ᠎ᠠ ᠰᠠᠶᠢᠬᠠᠨ᠂ ᠤᠷᠠᠯᠢᠭ ᠤᠨ ᠭᠤᠸ᠎ᠠ ᠰᠠᠶᠢᠬᠠᠨ ᠪᠠ ᠬᠡᠷᠡᠭᠯᠡᠭᠡᠨ ᠤ ᠦᠨ᠎ᠡ ᠥᠷᠲᠡᠭ ᠲᠠᠢ᠃ ᠤᠳᠤ ᠨᠢᠭᠡᠨᠲᠡ ᠱᠦᠶ ᠴᠢᠤᠸᠠᠨ ᠪᠠᠯᠭᠠᠰᠤᠨ ᠤ ᠶᠠᠳᠠᠭᠤ ᠬᠦᠴᠢᠷᠳᠡᠯᠲᠡᠶ ᠡᠷᠦᠬᠡ ᠵᠢᠴᠢ ᠥᠷᠭᠡᠨ ᠣᠯᠠᠨ ᠡᠮᠡᠭᠲᠡᠶᠢᠴᠦᠳ ᠤᠨ ᠭᠡᠷ ᠠᠴᠠ ᠪᠠᠨ ᠭᠠᠷᠬᠤ ᠦᠭᠡᠢ ᠪᠠᠷ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠪᠣᠯᠵᠠᠶ᠃      ᠮᠠᠨ ᠤ ᠰᠢᠶᠠᠨ ᠳᠤ ᠣᠳᠣ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ  ᠤᠨ ᠥᠪ ᠤᠨ ᠲᠥᠷᠥᠯ ᠵᠦᠶᠯ — ᠱᠦᠶ ᠴᠢᠤᠸᠠᠨ ᠪᠦ᠋ ᠶᠠᠩ ᠡᠪᠡᠰᠦᠨ ᠭᠦᠷᠦᠮᠡᠯ ᠤᠨ ᠤᠯᠠᠮᠵᠢᠯᠠᠭᠴᠢ ᠸᠠᠩ ᠼᠦᠢ ᠬᠤᠸᠠ ᠨᠢᠭᠡ ᠬᠥᠮᠦᠨ ᠪᠠᠶᠢᠵᠤ᠂  ᠠᠶᠢᠮᠠᠭ ᠤᠨ ᠲᠡᠰ ᠤᠨ ᠤᠯᠠᠮᠵᠢᠯᠠᠭᠴᠢ ᠯᠢ ᠹᠧᠩ ᠬᠤᠸᠠ᠂ ᠹᠧᠩ ᠼᠦᠢ ᠼᠦᠢ ᠬᠤᠶᠡᠷ ᠬᠦᠮᠦᠨ ᠪᠠᠶᠢᠨ᠎ᠠ᠃ 2018 ᠣᠨ 8 ᠰᠠᠷ᠎ᠠ ᠶᠢᠨ 10 ᠤ ᠡᠳᠦᠷ᠂ ᠰᠣᠶᠣᠯ ᠤᠨ ᠣᠷᠳᠣᠨ ᠠᠴᠠ ᠰᠤᠩᠭᠤᠨ ᠲᠤᠮᠢᠯᠠᠭᠰᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠱᠦᠶ ᠴᠢᠤᠸᠠᠨ ᠪᠦ᠋ ᠶᠠᠩ  ᠡᠪᠡᠰᠦᠨ ᠬᠦᠷᠦᠮᠡᠯ ᠤᠨ ᠤᠯᠠᠮᠵᠢᠯᠠᠭᠴᠢ ᠸᠠᠩ ᠼᠦᠢ ᠬᠤᠸᠠ ᠤᠷᠢᠯᠭ᠎ᠠ ᠪᠠᠷ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ — 56 ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠤᠷᠢᠯᠭ᠎ᠠ ᠶᠢᠨ ᠦᠵᠡᠰᠬᠦᠯᠡᠩ︾ ᠳᠤ ᠣᠷᠣᠯᠴᠠᠪᠠ᠃ 2019 ᠤᠨ ᠤ 2 ᠰᠠᠷ᠎ᠠ ᠳᠤ ᠲᠦᠴᠢᠦᠸᠠᠨ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠣᠷᠣᠨ ᠤ ᠲᠡᠰ ᠤᠨ ᠡᠪᠡᠰᠦᠨ ᠬᠦᠷᠦᠮᠡᠯ ᠤᠨ ᠤᠯᠠᠮᠵᠢᠯᠠᠭᠴᠢ ᠸᠠᠩ ᠼᠦᠢ ᠬᠤᠸᠠ ᠲᠠᠢ ᠤᠯᠤᠰ ᠲᠤ ᠡᠷᠬᠢᠯᠡᠭᠰᠡᠨ ︽ᠵᠢᠷᠭᠤᠳᠤᠭᠠᠷ ᠬᠤᠭᠤᠴᠠᠭᠠᠨ ᠤ ᠳᠤᠮᠳᠠᠳᠤ ᠲᠠᠢ ᠤᠯᠤᠰ ᠤᠨ ᠰᠣᠶᠣᠯ ᠤᠷᠠᠯᠢᠭ ᠤᠨ ᠨᠠᠶᠢᠷ︾ ᠳᠤ ᠣᠷᠣᠯᠴᠠᠵᠠᠶ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号