ᠯᠢᠦ ᠬᠤ᠋ ᠶᠢᠨ ᠬᠠᠲᠠᠭᠠᠭᠰᠠᠨ ᠳ᠋ᠧᠦᠹᠦ᠋ ᠶᠢᠨ ᠮᠡᠷᠭᠡᠵᠢᠯ
ᠨᠡᠶᠢᠲᠡᠯᠡᠭᠰᠡᠨ ᠴᠠᠭ᠄
2021/9/17
   ᠯᠢᠦ ᠬᠤ᠋ ᠪᠠᠯᠭᠠᠰᠤ ᠨᠢ ᠲᠦᠴᠢᠦᠸᠠᠨ ᠰᠢᠶᠠᠨ ᠤ ᠳᠤᠮᠳᠠ ᠬᠡᠰᠡᠭ ᠲᠤ ᠪᠠᠶᠢᠷᠢᠯᠠᠵᠤ᠂ ᠠᠳᠡᠬᠢ ᠬᠥᠮᠦᠰ ᠴᠠᠭᠠᠪᠤᠷ᠂ ᠠᠵᠢᠯᠴᠢ ᠬᠥᠳᠡᠯᠮᠦᠷᠢᠴᠢ ᠪᠠᠶᠢᠵᠤ᠂ ᠡᠨᠡᠭᠦᠷ ᠤᠷᠤᠰᠤᠨ ᠦᠩᠭᠡᠷᠡᠭᠰᠡᠨ ᠵᠢᠶᠤᠤ ᠯᠢᠦ ᠾᠧ ᠭᠤᠣᠯ ᠤᠨ ᠤᠰᠤ ᠬᠤᠶᠠᠷ ᠡᠷᠭᠢ ᠶᠢᠨ ᠥᠭ ᠰᠢᠮᠡᠯᠢᠭ ᠭᠠᠵᠠᠷ ᠢ ᠤᠮᠳᠠᠯᠠᠭᠰᠠᠨ ᠪᠠᠶᠢᠨ᠎ᠠ᠃ ᠯᠢᠦ ᠬᠤ᠋ ᠪᠠᠯᠭᠠᠰᠤᠨ ᠤ ᠬᠢᠷᠠᠭᠤ ᠥᠬᠡᠶ ᠬᠤᠭᠤᠴᠠᠭ᠎ᠠ ᠨᠢ ᠣᠬᠤᠷ᠂ ᠡᠳᠦᠷ ᠰᠥᠨᠢ ᠶᠢᠨ ᠳᠤᠯᠠᠭᠠᠨ ᠤ ᠵᠦᠷᠢᠶ᠎ᠠ ᠨᠢ ᠶᠡᠭᠡ᠂ ᠰᠢᠷ᠎ᠠ ᠪᠤᠷᠴᠠᠭ ᠤᠨ ᠥᠰᠥᠯᠲᠡ ᠳᠤ ᠮᠠᠰᠢ ᠳᠣᠭᠢᠷᠠᠨ᠎ᠠ᠃ ᠰᠡᠴᠡᠨ ᠰᠡᠷᠭᠦᠯᠡᠩ᠂ ᠠᠵᠢᠯᠴᠢ ᠬᠥᠳᠡᠯᠮᠦᠷᠢᠴᠢ ᠬᠥᠮᠦᠰ ᠰᠢᠷ᠎ᠠ ᠪᠤᠷᠴᠠᠭ ᠢ ᠭᠦᠨᠵᠡᠭᠡᠶ ᠪᠣᠯᠪᠠᠰᠤᠷᠠᠭᠤᠯᠵᠤ᠂ ᠦᠢᠯᠡᠳᠬᠦᠨ ᠤ ᠨᠡᠮᠡᠯᠲᠡ ᠥᠷᠲᠡᠭ ᠢ ᠨᠡᠮᠡᠭᠳᠡᠭᠦᠯᠵᠦ᠂ ᠠᠮᠠᠨ ᠤ ᠰᠡᠷᠡᠯ ᠨᠢ ᠴᠡᠪᠡᠷ᠂ ᠰᠢᠷᠪᠥᠰᠦᠯᠢᠭ ᠴᠢᠨᠠᠷ ᠢᠶᠠᠷ ᠴᠢᠩᠭ᠎ᠠ᠂ ᠰᠢᠮ᠎ᠡ ᠲᠡᠵᠢᠭᠡᠯ ᠡᠯᠪᠡᠭ ᠬᠠᠲᠠᠭᠠᠭᠰᠠᠨ ᠳ᠋ᠧᠦᠹᠦ᠋ ᠶᠢ ᠦᠢᠯᠡᠳᠴᠦ ᠭᠠᠷᠭᠠᠭᠰᠠᠨ ᠪᠠᠶᠢᠨ᠎ᠠ᠃
    ᠯᠢᠦ ᠬᠤ᠋ ᠶᠢᠨ ᠬᠠᠲᠠᠭᠠᠭᠰᠠᠨ ᠳ᠋ᠧᠦᠹᠦ᠋ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠬᠢᠵᠠᠭᠠᠷ ᠲᠤ ᠶᠡᠭᠡ ᠪᠠᠷ ᠭᠠᠷᠳᠠᠭ᠃ ᠵᠢᠶᠤᠤ ᠯᠢᠦ ᠾᠧ ᠭᠤᠣᠯ ᠤᠨ ᠬᠤᠶᠠᠷ ᠬᠥᠪᠡᠭᠡᠨ ᠤ ᠰᠢᠯᠢᠳᠡᠭ ᠰᠢᠷ᠎ᠠ ᠪᠤᠷᠴᠠᠭ᠂ ᠭᠦᠨ ᠳᠠᠪᠬᠤᠷᠭ᠎ᠠ ᠶᠢᠨ ᠷᠠᠰᠢᠶᠠᠨ ᠤᠰᠤ ᠶᠢ ᠰᠣᠩᠭᠤᠨ ᠬᠡᠷᠡᠭᠯᠡᠵᠦ᠂ ᠤᠯᠠᠮᠵᠢᠯᠠᠯᠲᠤ ᠭᠠᠷ ᠤᠷᠠᠯᠠᠯ ᠢᠶᠠᠷ ᠪᠣᠯᠪᠠᠰᠤᠷᠠᠭᠤᠯᠤᠨ ᠪᠦᠲᠦᠭᠡᠭᠰᠡᠨ ᠶᠤᠮ᠃ ᠶᠠᠮᠠᠷ ᠴᠤ ᠨᠡᠮᠡᠯᠲᠡ ᠡᠳ᠋ ᠥᠬᠡᠶ ᠴᠡᠪᠡᠷ ᠡᠷᠡᠭᠦᠯ  ᠪᠤᠬᠢᠷᠳᠦᠯ ᠦᠭᠡᠢ ᠢᠳᠡᠭᠡᠨ ᠪᠠᠶᠢᠵᠤ᠂ ᠬᠢᠩᠭᠠᠨ ᠠᠶᠢᠮᠠᠭ ᠵᠢᠴᠢ ᠲᠡᠭᠦᠨ ᠤ ᠡᠷᠬᠢᠨ ᠲᠣᠭᠤᠷᠢᠨ ᠤ ᠭᠠᠵᠠᠷ ᠣᠷᠣᠨ ᠳᠤ ᠠᠯᠳᠠᠷᠰᠢᠵᠠᠶ᠃     ᠯᠢᠦ ᠬᠤ᠋ ᠪᠠᠯᠭᠠᠰᠤᠨ ᠤ ᠬᠠᠲᠠᠭᠠᠭᠰᠠᠨ ᠳ᠋ᠧᠦᠹᠦ᠋ ᠬᠢᠬᠦ ᠭᠠᠷ ᠤᠷᠠᠯᠠᠯ ᠤᠨ ᠶᠠᠪᠤᠴᠠ᠄ 1. ᠴᠡᠪᠡᠷ ᠬᠥᠭᠡᠰᠦ ᠪᠠᠷ ᠤᠬᠢᠶᠠᠭᠰᠠᠨ ᠰᠢᠷ᠎ᠠ ᠪᠤᠷᠴᠠᠭ ᠢ ᠳᠡᠪᠲᠦᠭᠡᠭᠰᠡᠨ ᠤ ᠳᠠᠷᠠᠭ᠎ᠠ ᠲᠤᠩᠭᠠᠯᠠᠭ ᠤᠰᠤ ᠪᠠᠷ ᠪᠤᠷᠴᠠᠭ ᠢ ᠵᠠᠳᠠᠷᠠᠭᠤᠯᠳᠠᠭ᠃ 2. ᠰᠡᠯᠢᠭᠦᠷ ᠤᠨ ᠮᠠᠰᠢᠨ ᠢᠶᠠᠷ ᠪᠤᠷᠴᠠᠭ ᠤᠨ ᠡᠭᠡᠳᠡᠩ ᠢ ᠪᠣᠯᠪᠠᠰᠤᠷᠠᠭᠤᠯᠵᠤ᠂ ᠦᠷᠦᠬᠦ ᠶᠠᠪᠤᠴᠠ ᠳᠤ ᠺᠢᠯᠣᠭ᠍ᠷᠠᠮ ᠪᠦᠷᠢ ᠳᠤ ᠲᠠᠪᠤᠨ ᠺᠢᠯᠣᠭ᠍ᠷᠠᠮ ᠴᠡᠪᠡᠷ ᠬᠦᠢᠲᠡᠨ ᠤᠰᠤ ᠨᠡᠮᠡᠨ᠎ᠡ  ᠃ 3. ᠪᠤᠷᠴᠠᠭ ᠤᠨ ᠰᠡᠯᠢᠭᠦᠷ ᠢᠶᠠᠨ ᠲᠣᠭᠤᠭᠠᠨ ᠳᠤ ᠬᠢᠵᠦ ᠪᠤᠴᠠᠯᠭᠠᠬᠤ᠂ ᠥᠩᠭᠡᠯᠡᠬᠦ᠂ ᠳᠠᠬᠢᠨ ᠰᠢᠭᠦᠰᠦᠯᠡᠭᠰᠡᠨ ᠤᠰᠤ ᠪᠠᠷ ᠳ᠋ᠧᠦᠹᠦ᠋ ᠶᠢᠨ ᠡᠭᠡᠳᠡᠩ ᠪᠣᠯᠭᠠᠨ᠎ᠠ᠃ 4. ᠵᠢᠭᠤᠷᠠᠬᠤ ᠮᠠᠰᠢᠨ ᠢᠶᠠᠷ ᠳ᠋ᠧᠦᠹᠦ᠋ ᠶᠢᠨ ᠡᠭᠡᠳᠡᠩ ᠶᠢ ᠬᠡᠮᠬᠡᠯᠵᠦ᠂ ᠬᠥᠮᠦᠨ ᠤ ᠬᠦᠴᠦ ᠪᠠᠷ ᠬᠠᠲᠠᠭᠠᠭᠰᠠᠨ ᠳ᠋ᠧᠦᠹᠦ᠋ ᠶᠢᠨ ᠬᠠᠶᠢᠷᠴᠠᠭ ᠲᠤ ᠰᠠᠴᠤᠨ ᠳᠠᠷᠤᠭᠤᠯᠤᠨ᠎ᠠ᠃ 5. ᠥᠭᠡᠳᠡᠯᠡᠭᠰᠡᠨ ᠤ ᠳᠠᠷᠠᠭ᠎ᠠ ᠪᠣᠭᠤᠳᠠᠯᠯᠠᠨ᠎ᠠ᠃ ᠲᠤᠰ ᠪᠦᠲᠦᠭᠡᠭᠳᠡᠬᠦᠨ ᠳᠤ ᠡᠯᠪᠡᠭ ᠪᠠᠶᠠᠯᠢᠭ ᠤᠭᠤᠷᠠᠭ᠂ ᠰᠢᠪᠲᠦᠷᠲᠦ ᠬᠦᠴᠢᠯ ᠪᠠ ᠣᠯᠠᠨ ᠵᠦᠢᠯ ᠤᠨ ᠬᠥᠮᠦᠨ ᠤ ᠪᠡᠶ᠎ᠡ ᠳᠤ ᠬᠡᠷᠡᠭᠰᠡᠬᠦ ᠸᠢᠲ᠋ᠠᠮᠢᠨ ᠠᠭᠤᠯᠤᠭᠳᠠᠵᠤ ᠪᠠᠶᠢᠨ᠎ᠠ᠃ ᠶᠠᠰᠤ ᠴᠢᠨᠠᠷ ᠨᠢᠮᠭᠡᠨ᠂ ᠰᠢᠷᠪᠥᠰᠦᠯᠢᠭ ᠴᠢᠨᠠᠷ ᠢᠶᠠᠷ ᠴᠢᠩᠭ᠎ᠠ᠂ ᠠᠮᠠᠨ ᠤ ᠰᠡᠷᠡᠯ ᠨᠢ ᠴᠡᠪᠡᠷ᠂ ᠬᠥᠮᠦᠨ ᠤ ᠪᠡᠶ᠎ᠡ ᠮᠠᠬᠠᠪᠣᠳ ᠤᠨ ᠠᠵᠢᠯᠯᠠᠭ᠎ᠠ ᠶᠢ ᠵᠣᠬᠢᠴᠠᠭᠤᠯᠬᠤ᠂ ᠪᠡᠶ᠎ᠡ ᠮᠠᠬᠠᠪᠣᠳ ᠢ ᠴᠢᠭᠢᠷᠠᠭᠵᠢᠭᠤᠯᠬᠤ᠂ ᠨᠠᠰᠤ ᠶᠢ ᠤᠷᠲᠤᠳᠬᠠᠵᠤ ᠨᠡᠮᠡᠭᠳᠡᠭᠦᠯᠬᠦ ᠦᠶᠯᠡᠳᠦᠯ ᠲᠠᠢ᠃     ᠯᠢᠦ ᠬᠤ᠋ ᠶᠢᠨ ᠬᠠᠲᠠᠭᠠᠭᠰᠠᠨ ᠳ᠋ᠧᠦᠹᠦ᠋ ᠪᠣᠯ ᠲᠦᠴᠢᠦᠸᠠᠨ ᠰᠢᠶᠠᠨ ᠤ ᠴᠢᠬᠤᠯᠠ ᠪᠣᠬᠢᠷᠲᠤᠯ ᠥᠬᠡᠶ ᠢᠳᠡᠭᠡᠨ ᠤ ᠨᠠᠷᠠᠲᠤ ᠲᠡᠮᠳᠡᠭ ᠮᠥᠨ᠂ ᠯᠢᠦ ᠬᠤ᠋ ᠶᠢᠨ ᠬᠠᠲᠠᠭᠠᠭᠰᠠᠨ ᠳ᠋ᠧᠦᠹᠦ᠋ ᠶᠢᠨ ᠠᠵᠤ ᠦᠶᠯᠡᠰ ᠢ  ᠬᠠᠮᠠᠭᠠᠯᠠᠵᠤ᠂ ᠤᠯᠠᠮᠵᠢᠯᠠᠨ ᠬᠥᠭᠵᠢᠭᠦᠯᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃    2008 ᠣᠨ ᠳᠤ ᠯᠢᠦ ᠬᠤ᠋ ᠶᠢᠨ ᠬᠠᠲᠠᠭᠠᠭᠰᠠᠨ ᠳ᠋ᠧᠦᠹᠦ᠋ ᠪᠣᠯᠪᠠᠰᠤᠷᠠᠭᠤᠯᠬᠤ ᠮᠡᠷᠭᠡᠵᠢᠯ ᠨᠢ ᠬᠢᠩᠭᠠᠨ ᠠᠶᠢᠮᠠᠭ  ᠤᠨ ᠨᠢᠭᠡᠳᠦᠭᠡᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号