ᠳ᠋ᠦ᠋ ᠰᠢ ᠭᠸᠤ
ᠨᠡᠶᠢᠲᠡᠯᠡᠭᠰᠡᠨ ᠴᠠᠭ᠄
2021/9/17
 
 ᠤᠶᠢᠷ᠎ᠠ ᠶᠢᠨ ᠵᠢᠯ ᠤᠨ ᠲᠤᠷᠰᠢ᠂ ᠪᠦᠬᠦ ᠣᠷᠣᠨ ᠪᠦᠰᠡ ᠶᠢᠨ ᠵᠤᠭᠠᠴᠠᠯ ᠢ ᠬᠥᠭᠵᠢᠭᠦᠯᠬᠦ ᠳᠣᠷᠣᠨ᠎ᠠ ᠶᠢᠨ ᠰᠠᠯᠬᠢᠨ  ᠤ ᠡᠷᠴᠢᠨ ᠳᠤ᠂ ᠲᠦᠴᠢᠦᠸᠠᠨ ᠰᠢᠶᠠᠨ ᠤ ᠢᠦ᠋ᠶ ᠰᠣᠶᠣᠯ ᠵᠤᠭᠠᠴᠠᠯ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ A A ᠲᠡᠰ ᠤᠨ ᠦᠵᠡᠮᠵᠢ ᠶᠢᠨ ᠣᠷᠣᠨ ᠢ ᠪᠠᠢᠭᠤᠯᠬᠤ ᠪᠠᠷ ᠬᠠᠷᠠᠯᠲᠠ ᠪᠣᠯᠭᠠᠵᠤ᠂ 2015 ᠣᠨ ᠠᠴᠠ ᠡᠬᠢᠯᠡᠨ ᠳ᠋ᠦ᠋ ᠰᠢ ᠭᠸᠤ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠢᠭᠤᠯᠵᠤ᠂ ᠦᠵᠡᠮᠵᠢ ᠶᠢᠨ ᠣᠷᠣᠨ ᠢ ᠲᠦᠪᠦᠦ ᠵᠤᠭᠠᠴᠠᠯ ᠤᠨ ᠵᠠᠮ ᠱᠤᠭᠤᠮ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠭᠠᠬᠤ ᠪᠠᠷ ᠴᠢᠷᠮᠠᠶᠢᠵᠤ ᠪᠠᠶᠢᠨ᠎ᠠ᠃ ᠦᠷ᠎ᠡ ᠶᠢᠨ ᠵᠢᠯ ᠤᠨ ᠲᠤᠷᠰᠢ᠂ ᠪᠦᠬᠦ ᠣᠷᠣᠨ ᠪᠦᠰᠡ ᠶᠢᠨ ᠵᠤᠭᠠᠴᠠᠯ ᠢ ᠬᠥᠭᠵᠢᠭᠦᠯᠬᠦ ᠳᠣᠷᠣᠨ᠎ᠠ ᠶᠢᠨ ᠰᠠᠯᠬᠢᠨ ᠤ ᠡᠷᠴᠢᠨ ᠳᠤ᠂ ᠲᠦᠴᠢᠦᠸᠠᠨ ᠰᠢᠶᠠᠨ ᠤ ᠢᠦ᠋ᠶ ᠰᠣᠶᠣᠯ ᠵᠤᠭᠠᠴᠠᠯ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ A A ᠲᠡᠰ ᠤᠨ ᠦᠵᠡᠮᠵᠢ ᠶᠢᠨ ᠣᠷᠣᠨ ᠢ ᠪᠠᠢᠭᠤᠯᠬᠤ ᠪᠠᠷ ᠬᠠᠷᠠᠯᠲᠠ ᠪᠣᠯᠭᠠᠵᠤ᠂ 2015 ᠣᠨ ᠠᠴᠠ ᠡᠬᠢᠯᠡᠨ ᠳ᠋ᠦ᠋ ᠰᠢ ᠭᠸᠤ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠢᠭᠤᠯᠵᠤ᠂ ᠦᠵᠡᠮᠵᠢ ᠶᠢᠨ ᠣᠷᠣᠨ ᠢ ᠲᠦᠪᠦᠦ ᠵᠤᠭᠠᠴᠠᠯ ᠤᠨ ᠵᠠᠮ ᠱᠤᠭᠤᠮ  ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠭᠠᠬᠤ ᠪᠠᠷ ᠴᠢᠷᠮᠠᠶᠢᠵᠤ ᠪᠠᠶᠢᠨ᠎ᠠ᠃
   ᠣᠳᠣᠬᠠᠨ ᠳᠤ᠂ ᠦᠵᠡᠮᠵᠢ ᠶᠢᠨ ᠣᠷᠣᠨ ︽ᠲᠦᠴᠢᠦᠸᠠᠨ ᠰᠢᠶᠠᠨ ᠤ ᠳ᠋ᠦ᠋ ᠰᠢ ᠭᠸᠦ ᠠᠮᠠᠷᠠᠯᠲᠠ ᠶᠢᠨ ᠣᠷᠣᠨ  ᠤ ᠬᠡᠷᠡᠭᠵᠢᠭᠦᠯᠵᠦ ᠪᠣᠯᠬᠤᠶᠢᠴᠠ ᠰᠤᠳᠤᠯᠭᠠᠨ ᠤ ᠮᠡᠳᠡᠭᠦᠯᠦᠯᠲᠡ︾᠂ ︽ᠳ᠋ᠦ᠋ ᠰᠢ ᠭᠸᠦ ᠵᠤᠭᠠᠴᠠᠯ ᠤᠨ ᠠᠮᠠᠷᠠᠯᠲᠠ  ᠶᠢᠨ ᠣᠷᠣᠨ ᠤ ᠶᠡᠷᠦᠩᠬᠡᠶ ᠲᠥᠯᠥᠪᠵᠢᠭᠦᠯᠪᠡ︾ ᠶᠢ ᠨᠠᠶᠢᠷᠠᠭᠤᠯᠤᠨ ᠳᠠᠭᠤᠰᠬᠠᠵᠤ᠂ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠪᠠ ᠪᠠᠶᠢᠭᠠᠯᠢ ᠶᠢᠨ ᠠᠮᠢ ᠠᠬᠤᠶ ᠶᠢ ᠬᠠᠮᠠᠭᠠᠯᠠᠬᠤ ᠠᠵᠢᠯ ᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠪᠠ᠃ ᠵᠣᠴᠢᠨ ᠤᠭᠲᠤᠬᠤ ᠴᠠᠮᠬᠠᠭᠲᠤ ᠠᠰᠠᠷ᠂ ᠡᠷᠲᠡᠨ ᠤ ᠬᠢ ᠶᠢ ᠳᠠᠭᠤᠷᠢᠶᠠᠭᠰᠠᠨ ᠰᠡᠷᠢᠭᠦᠨ ᠮᠤᠬᠤᠯᠠᠭ᠂ ᠬᠢᠮᠡᠯ ᠨᠠᠭᠤᠷ᠂ ᠲᠡᠷᠭᠡᠨ ᠵᠣᠭᠰᠣᠭᠠᠯ᠂ ᠦᠵᠡᠮᠵᠢ ᠶᠢᠨ ᠵᠠᠮ᠂ ᠴᠠᠬᠢᠯᠭᠠᠨ ᠬᠦᠴᠦᠨ ᠤ ᠱᠤᠭᠤᠮ᠂ ᠡᠷᠲᠡᠨ ᠤ ᠬᠢ ᠶᠢ ᠳᠠᠭᠤᠷᠢᠶᠠᠭᠰᠠᠨ ᠤᠷᠲᠤ ᠬᠤᠩᠭᠢᠯ ᠪᠠ ᠠᠯᠪᠠᠨ ᠭᠡᠷ ᠤᠨ ᠣᠩᠭᠤᠴᠠ ᠵᠡᠷᠭᠡ ᠡᠯ᠎ᠡ ᠵᠦᠶᠯ ᠤᠨ ᠰᠠᠭᠤᠷᠢ ᠪᠡᠯᠡᠳᠬᠡᠮᠵᠢ ᠶᠢ ᠨᠢᠭᠡᠨᠲᠡ ᠳᠠᠭᠤᠰᠬᠠᠵᠤ᠂ ᠬᠦᠯᠢᠶᠡᠨ ᠠᠪᠬᠤ ᠲᠥᠪ᠂ ᠵᠢᠭᠤᠯᠴᠢᠯᠠᠯ ᠤᠨ ᠵᠣᠷᠯᠣᠩ ᠤᠨ ᠭᠤᠤᠯ ᠴᠣᠭᠴᠠ ᠶᠢ ᠨᠢᠭᠡᠨᠲᠡ ᠪᠢᠲᠡᠭᠦᠮᠵᠢᠯᠡᠨ᠂ ᠶᠠᠪᠠᠭᠠᠨ ᠵᠠᠮ ᠤᠨ ᠪᠥᠬᠦ ᠱᠤᠭᠤᠮ  ᠢ ᠵᠠᠰᠠᠵᠤ ᠨᠡᠪᠲᠡᠷᠡᠭᠦᠯᠪᠡ᠃ ᠡᠯ᠎ᠡ ᠵᠦᠶᠯ ᠤᠨ ᠵᠢᠮᠢᠰ ᠤᠨ ᠮᠣᠳᠣ ᠶᠢ ᠮᠢᠩᠭᠠᠨ ᠮᠦ ᠲᠠᠷᠢᠵᠤ᠂ 18 ᠭᠦᠨ ᠬᠤᠳᠳᠤᠭ ᠮᠠᠯᠲᠠᠨ᠎ᠠ᠃
    ᠲᠠᠬᠢᠯᠭ᠎ᠠ ᠶᠢᠨ ᠲᠠᠪᠴᠠᠩ᠂ ᠬᠦᠷᠬᠢᠷ᠎ᠡ᠂ ᠵᠤᠭᠠᠴᠠᠭᠰᠠᠳ ᠢ ᠬᠦᠯᠢᠶᠡᠨ ᠠᠪᠬᠤ ᠦᠢᠯᠡᠴᠢᠯᠡᠭᠡᠨ ᠤ ᠲᠥᠪ᠂ ᠵᠤᠭᠠᠴᠠᠯ ᠤᠨ ᠵᠣᠷᠯᠣᠩ᠂ ᠬᠤᠭ ᠨᠣᠪᠰᠢ ᠰᠢᠢᠳᠪᠦᠷᠢᠯᠡᠬᠦ ᠴᠥᠭᠦᠷᠥᠮ᠂ ᠮᠣᠷᠢ ᠣᠷᠣᠯᠳᠤᠬᠤ ᠲᠠᠯᠠᠪᠤᠷ᠂ ᠵᠤᠭᠠᠴᠠᠯ  ᠤᠨ ᠲᠡᠷᠭᠡ ᠶᠢᠨ ᠲᠤᠰᠬᠠᠢ ᠱᠤᠭᠤᠮ᠂ ᠶᠠᠪᠠᠭᠠᠨ ᠵᠠᠮ ᠵᠢᠴᠢ ᠵᠤᠭᠠᠴᠠᠭᠰᠠᠳ ᠤᠨ ᠵᠤᠭ᠎ᠠ ᠴᠡᠩᠭᠡᠯ ᠣᠨ ᠲᠥᠪ᠂ ᠪᠡᠶᠡᠴᠢᠯᠡᠨ ᠣᠶᠢᠯᠠᠭᠠᠬᠤ ᠲᠥᠪ᠂ ᠵᠤᠭᠠᠴᠠᠯ ᠤᠨ ᠪᠦᠲᠦᠭᠡᠭᠳᠡᠬᠦᠨ ᠢ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠳᠡᠯᠭᠡᠨ ᠦᠵᠡᠭᠦᠯᠬᠦ᠂ ᠪᠣᠷᠣᠯᠠᠭᠤᠯᠬᠤ ᠲᠥᠪ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠵᠤ᠂ ᠳ᠋ᠦ᠋ ᠰᠢ ᠭᠤᠤ ᠶᠢ ᠦᠵᠡᠮᠦᠷᠢ᠂ ᠵᠤᠭ᠎ᠠ ᠴᠡᠩᠭᠡᠯ᠂ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠵᠤᠭᠠᠴᠠᠯ ᠤᠨ ᠠᠮᠠᠷᠠᠯᠲᠠ ᠶᠢᠨ ᠣᠷᠣᠨ ᠪᠣᠯᠭᠠᠬᠤ ᠪᠠᠷ ᠴᠢᠷᠮᠠᠶᠢᠪᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号